ᠲᠡᠭᠷᠢ᠎ᠶᠢᠨ ᠵᠠᠪᠢ ᠠᠷᠪᠠᠳᠤᠭᠠᠷ᠎ᠤᠨ ᠨᠢᠰᠦᠯᠲᠡ᠎ᠶᠢᠨ ᠡᠭᠦᠷᠭᠡ᠎ᠶᠢᠨ ᠢᠯᠡᠳᠬᠡᠮᠵᠢ ᠲᠡᠮᠳᠡᠭ᠎ᠢ ᠨᠡᠢᠲᠡᠯᠡᠪᠡ
2026-04-07 19:04:45
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠬᠥᠮᠥᠨ ᠰᠠᠭᠤᠯᠭᠠᠭᠰᠠᠨ ᠰᠠᠨᠰᠠᠷ᠎ᠤᠨ ᠠᠶᠠᠯᠠᠯ᠎ᠤᠨ ᠢᠨᠵᠧᠨᠧᠷᠢᠩ᠎ᠦᠨ ᠠᠯᠪᠠᠨ ᠭᠡᠷ ᠡᠴᠡ ᠲᠡᠭᠷᠢ᠎ᠶᠢᠨ ᠵᠠᠪᠢ ᠠᠷᠪᠠᠳᠤᠭᠠᠷ᠎ᠤᠨ ᠨᠢᠰᠦᠯᠲᠡ᠎ᠶᠢᠨ ᠡᠭᠦᠷᠭᠡ᠎ᠶᠢᠨ ᠢᠯᠡᠳᠬᠡᠮᠵᠢ ᠲᠡᠮᠳᠡᠭ᠎ᠢ ᠵᠢᠩᠬᠢᠨᠢ᠎ᠪᠡᠷ ᠨᠡᠢᠲᠡᠯᠡᠪᠡ᠃

ᠢᠯᠡᠳᠬᠡᠮᠵᠢ ᠲᠡᠮᠳᠡᠭ᠎ᠲᠦ ᠲᠣᠭᠣᠷᠢᠭ᠋ ᠬᠡᠯᠪᠡᠷᠢ᠎ᠶᠢᠨ ᠵᠢᠷᠤᠭ ᠲᠥᠯᠥᠪᠯᠡᠭᠡ᠎ᠶᠢ ᠬᠡᠷᠡᠭᠯᠡᠵᠦ᠂ ᠨᠢᠰᠦᠯᠲᠡ ᠵᠢᠨ ᠡᠭᠦᠷᠭᠡ᠎ᠶᠢᠨ ᠲᠡᠭᠦᠰ ᠠᠮᠵᠢᠯᠲᠠ ᠣᠯᠬᠤ ᠪᠠ ᠲᠡᠭᠷᠢ ᠭᠠᠵᠠᠷ᠎ᠤᠨ ᠬᠠᠮᠵᠢᠯᠴᠠᠭ᠎ᠠ᠎ᠶᠢ ᠪᠡᠯᠭᠡᠳᠡᠪᠡ᠃ ᠬᠣᠶᠠᠷ ᠲᠠᠯ᠎ᠠ᠎ᠡᠴᠡ ᠰᠠᠴᠤᠷᠠᠬᠰᠠᠨ ᠠᠯᠲᠠᠨ ᠰᠢᠷᠭᠠᠯ ᠥᠩᠭᠡ ᠨᠢ ᠨᠢᠰᠦᠯᠲᠡ ᠵᠢᠨ ᠡᠷᠴᠢ ᠬᠦᠴᠦᠨ ᠪᠠ ᠬᠢᠯᠠᠯᠵᠠᠬᠰᠠᠨ ᠠᠮᠵᠢᠯᠲᠠ᠎ᠶᠢ ᠪᠡᠯᠭᠡᠳᠡᠨ᠂ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠦᠢᠯᠡᠰ᠎ᠦᠨ ᠭᠡᠷᠡᠯ ᠰᠠᠴᠤᠷᠠᠩᠭᠤᠢ ᠢᠷᠡᠬᠡᠳᠦᠢ ᠵᠢ ᠪᠡᠯᠭᠡᠳᠡᠵᠠᠢ᠃

ᠲᠥᠪ᠎ᠦᠨ ᠬᠡᠰᠡᠭ᠎ᠲᠦ ᠲᠡᠭᠷᠢ᠎ᠶᠢᠨ ᠵᠠᠪᠢ ᠪᠠᠷᠠᠭᠠᠨ᠎ᠤ ᠨᠢᠰᠬᠦ ᠣᠩᠭᠣᠴᠠ ᠠᠯᠲᠠᠨ ᠰᠢᠷᠭᠠᠯ ᠲᠤᠭᠤᠷᠢᠯᠲᠠ ᠵᠢᠨ ᠵᠠᠮ ᠳᠠᠭᠠᠤ ᠰᠠᠨᠰᠠᠷ᠎ᠤᠨ ᠦᠷᠳᠡᠭᠡ᠎ᠳᠦ ᠬᠦᠷᠴᠦ ᠪᠠᠢᠭ᠎ᠠ ᠪᠠᠢᠳᠠᠯ᠎ᠢ ᠵᠢᠷᠤᠭᠯᠠᠵᠤ᠂ ᠨᠢᠰᠦᠯᠲᠡ ᠵᠢᠨ ᠭᠣᠣᠯ ᠡᠭᠦᠷᠭᠡ᠎ᠶᠢ ᠰᠢᠭᠤᠳ ᠬᠠᠷᠠᠭᠤᠯᠪᠠ᠃ ᠬᠠᠷᠠᠭᠠᠨ ᠰᠡᠷᠡᠯ᠎ᠦᠨ ᠲᠥᠪ᠎ᠦᠨ ᠬᠢᠨ ᠰᠢᠨ᠎ᠡ ᠡᠭᠦᠳᠦᠯᠲᠡ᠎ᠶᠢᠨ ᠴᠢᠨᠠᠷᠲᠠᠢ᠎ᠪᠠᠷ 《10》 ᠭᠡᠬᠦ ᠲᠤᠭ᠎ᠠ ᠪᠣᠯᠣᠨ ᠢᠨᠵᠧᠨᠧᠷᠢᠩ᠎ᠦᠨ ᠠᠯᠪᠠᠨ᠎ᠤ ᠲᠠᠯ᠎ᠠ᠎ᠶᠢᠨ ᠢᠯᠡᠷᠬᠡᠢᠯᠡᠯ᠎ᠢ ᠠᠭᠤᠰᠤᠯᠴᠠᠭᠤᠯᠤᠨ ᠰᠢᠭᠢᠳᠬᠡᠵᠦ᠂ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠬᠢᠨ᠎ᠤ ᠪᠡᠯᠡᠳᠬᠡᠯ ᠲᠦᠯᠦᠪᠯᠡᠭᠡ ᠪᠠᠨ ᠰᠠᠢᠲᠤᠷ ᠬᠢᠵᠦ᠂ ᠡᠭᠦᠷᠭᠡ ᠬᠠᠷᠠᠯᠲᠠ᠎ᠪᠠᠨ ᠵᠠᠪᠠᠯ ᠭᠦᠢᠴᠡᠳᠬᠡᠬᠦ ᠡᠷᠡᠰ ᠪᠠᠲᠤ ᠢᠲᠡᠭᠡᠯ ᠵᠣᠷᠢᠭ᠋᠎ᠢ ᠳᠠᠮᠵᠢᠭᠤᠯᠪᠠ᠃

ᠥᠩᠭᠡ ᠪᠤᠳᠤᠭ᠎ᠤᠨ ᠬᠤᠪᠢ᠎ᠳᠤ᠂ ᠭᠦᠨ ᠴᠡᠩᠬᠡᠷ ᠣᠭᠲᠠᠷᠭᠤᠢ᠎ᠶᠢᠨ ᠬᠥᠬᠡ ᠥᠩᠭᠡ᠎ᠪᠡᠷ ᠭᠣᠣᠯᠯᠠᠭᠤᠯᠵᠤ᠂ ᠰᠠᠨᠰᠠᠷ᠎ᠤᠨ ᠠᠶᠠᠯᠠᠯ᠎ᠤᠨ ᠡᠬᠦᠷᠬᠡ ᠨᠡᠯᠦᠭᠡᠷ ᠶᠡᠬᠡ ᠣᠷᠴᠢᠯᠠᠩ᠎ᠳᠦ ᠨᠠᠷᠢᠯᠢᠭ᠋ ᠣᠨᠣᠴᠠᠲᠠᠢ ᠶᠠᠪᠤᠭᠳᠠᠬᠤ᠎ᠶᠢ ᠪᠡᠯᠭᠡᠳᠡᠪᠡ︔ᠤᠯᠠᠪᠤᠷ ᠰᠢᠷᠭᠠᠯ ᠦᠩᠭᠡ ᠪᠡᠷ ᠰᠠᠨᠰᠠᠷᠴᠢᠳ᠎ᠤᠨ ᠡᠷᠡᠯᠬᠡᠭ ᠵᠣᠷᠢᠭ᠋ ᠪᠠ ᠡᠷᠡᠮᠡᠬᠡᠢ ᠬᠥᠭᠡᠭᠡᠴᠡᠯᠳᠦᠯ᠎ᠢ ᠪᠡᠯᠭᠡᠳᠡᠵᠡᠢ᠃

ᠢᠷᠡᠯᠲᠡ᠄ ᠳᠤᠮᠳᠠᠳᠤ ᠤᠯᠤᠰ᠎ᠤᠨ ᠬᠥᠮᠥᠨ ᠰᠠᠭᠤᠯᠭᠠᠭᠰᠠᠨ ᠰᠠᠨᠰᠠᠷ᠎ᠤᠨ ᠠᠶᠠᠯᠠᠯ᠎ᠤᠨ ᠵᠢᠷᠭᠢᠶ᠎ᠡ ᠵᠢᠨ ᠲᠠᠪᠴᠠᠩ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号