ᠦᠦᠰᠢᠨ ᠬᠣᠰᠢᠭᠤᠨ᠎ᠤ ᠰᠤᠷᠤᠭ᠍ᠴᠢᠳ ᠣᠯᠠᠨ ᠤᠯᠤᠰ᠎ᠤᠨ ᠮᠡᠷᠭᠡᠵᠢᠯ᠎ᠦᠨ ᠤᠷᠤᠯᠳᠤᠭᠠᠨ᠎ᠳᠤ ᠮᠥᠩᠭᠥᠨ ᠮᠧᠳᠠᠯ ᠬᠦᠷᠲᠡᠪᠡ
2026-04-07 19:06:46
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠢᠷ᠎ᠡ᠎ᠳᠦ᠂ ᠰᠤᠷᠭᠠᠨ ᠬᠥᠮᠦᠵᠢᠯ᠎ᠦᠨ ᠶᠠᠮᠤᠨ 2025 ᠣᠨ᠎ᠤ ᠳᠡᠯᠡᠬᠡᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠤᠷ᠎ᠠ ᠴᠢᠳᠠᠪᠤᠷᠢ᠎ᠶᠢᠨ ᠤᠷᠤᠯᠳᠤᠭᠠᠨ᠎ᠤ ᠱᠠᠩᠨᠡᠯ ᠬᠦᠷᠲᠡᠭᠰᠡᠨ ᠨᠡᠷᠡᠰ᠎ᠢ ᠨᠡᠢᠲᠡᠯᠡᠵᠦ᠂ ᠣᠷᠳᠣᠰ ᠬᠤᠲᠠ᠎ᠶᠢᠨ ᠦᠦᠰᠢᠨ ᠬᠣᠰᠢᠭᠤᠨ᠎ᠦ ᠠᠵᠢᠯ ᠮᠡᠷᠭᠡᠵᠢᠯ᠎ᠤᠨ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ ᠮᠥᠩᠭᠥᠨ ᠮᠧᠳ᠋ᠠᠯ ᠬᠦᠷᠲᠡᠪᠡ᠃

2025 ᠣᠨ᠎ᠤ ᠳᠡᠯᠡᠬᠡᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠤᠷ᠎ᠠ ᠴᠢᠳᠠᠪᠤᠷᠢ᠎ᠶᠢᠨ ᠤᠷᠤᠯᠳᠤᠭᠠᠨ 2025 ᠣᠨ᠎ᠤ 8 ᠰᠠᠷ᠎ᠠ᠎ᠠᠴᠠ 11 ᠰᠠᠷ᠎ᠠ ᠪᠣᠯᠲᠠᠯ᠎ᠠ ᠶᠠᠪᠤᠭᠳᠠᠵᠤ᠂ ᠤᠷᠤᠯᠳᠤᠭᠠᠨ᠎ᠳᠤ ᠦᠦᠰᠢᠨ ᠬᠣᠰᠢᠭᠤᠨ᠎ᠤ ᠠᠵᠢᠯ ᠮᠡᠷᠭᠡᠵᠢᠯ᠎ᠦᠨ ᠳᠤᠮᠳᠠᠳᠤ ᠰᠤᠷᠭᠠᠭᠤᠯᠢ᠎ᠶᠢᠨ ᠮᠠᠯ ᠵᠢᠭᠦᠷᠲᠡᠨ ᠦᠢᠯᠡᠳᠪᠦᠷᠢᠯᠡᠯ᠎ᠦᠨ ᠲᠤᠰᠬᠠᠢ ᠮᠡᠷᠭᠡᠵᠢᠯ᠎ᠦᠨ ᠪᠠᠢ ᠰᠢᠨ ᠢᠦᠢ᠂ ᠶᠠᠩ ᠴᠢᠨ ᠴᠢᠨ᠂ ᠪᠠᠢ ᠰᠢᠤᠸᠠᠢ ᠯᠢᠨ᠂ ᠦ᠋ ᠰᠢᠤᠸᠠᠨ ᠢᠦᠢ ᠵᠡᠷᠭᠡ ᠳᠥᠷᠪᠡᠨ ᠰᠤᠷᠤᠭ᠍ᠴᠢ᠎ᠪᠠᠷ ᠪᠦᠷᠢᠯᠳᠦᠭᠰᠡᠨ ᠣᠷᠣᠯᠳᠤᠭᠠᠨ᠎ᠳᠤ ᠣᠷᠣᠯᠴᠠᠬᠤ ᠪᠦᠯᠬᠦᠮ ᠨᠢ ᠸᠠᠩ ᠬᠣᠩ ᠶᠠᠨ ᠪᠠᠭ᠍ᠰᠢ᠎ᠶᠢᠨ ᠨᠠᠷᠢᠨ ᠨᠢᠮᠪᠠᠢ ᠵᠢᠯᠣᠭᠣᠳᠤᠯᠭ᠎ᠠ ᠳᠣᠣᠷ᠎ᠠ᠂ 《AI ᠣᠶᠤᠨᠴᠢ ᠰᠡᠷᠭᠡᠢᠯᠡᠯᠲᠡ ᠲᠣᠭᠠᠴᠢᠯᠠᠭᠰᠠᠨ ᠮᠡᠷᠭᠡᠵᠢᠯ᠎ᠢᠶᠡᠷ ᠦᠬᠡᠷ᠎ᠦᠨ ᠡᠪᠡᠳᠴᠢᠨ ᠡᠮᠭᠡᠭ᠎ᠢ ᠵᠠᠰᠠᠬᠤ᠄ ᠦᠨᠢᠶᠡᠨ᠎ᠦ ᠡᠪᠡᠳᠴᠢᠨ ᠡᠮᠭᠡᠭ᠎ᠢ ᠨᠠᠷᠢᠯᠢᠭ᠋ ᠣᠨᠣᠪᠴᠢᠲᠠᠶ ᠰᠡᠷᠭᠡᠢᠯᠡᠬᠦ ᠪᠠ ᠡᠮᠨᠡᠨ ᠵᠠᠰᠠᠬᠤ ᠰᠢᠰᠲᠧᠮ》 ᠭᠡᠬᠦ ᠲᠥᠷᠥᠯ ᠵᠦᠢᠯ᠎ᠢᠶᠠᠷ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠳᠤᠭᠤᠢᠯᠠᠩ᠎ᠤᠨ ᠮᠠᠯ ᠠᠵᠤ ᠠᠬᠤᠢ ᠬᠢᠭᠡᠳ ᠣᠰᠤᠨ ᠭᠠᠷᠤᠯᠲᠠ᠎ᠶᠢᠨ ᠤᠷᠤᠯᠳᠤᠭᠠᠨ᠎ᠤ ᠮᠥᠩᠭᠥᠨ ᠮᠧᠳᠠᠯ ᠎ᠢ ᠬᠦᠷᠲᠡᠪᠡ᠃

ᠢᠷᠡᠯᠲᠡ᠄ ᠦᠤᠰᠢᠨ ᠬᠤᠰᠢᠭᠤᠨ᠎ᠤ ᠬᠠᠮ ᠵᠠᠭᠤᠴᠢᠯᠠᠭᠤᠷ᠎ᠤᠨ ᠲᠦᠪ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号