ᠡᠯᠧᠺᠲᠷᠣᠨ ᠬᠤᠳᠠᠯᠳᠤᠭ᠎ᠠ ᠵᠢᠨ ᠲᠤᠬᠠᠢ ᠴᠢᠬᠤᠯᠠ ᠪᠢᠴᠢᠭ ᠮᠠᠲᠧᠷᠢᠶᠠᠯ ᠨᠡᠢᠲᠡᠯᠡᠪᠠ
2026-04-07 19:11:21
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ 6 ᠰᠠᠯᠠᠭ᠎ᠠ ᠮᠥᠴᠢᠷ ᠬᠠᠮᠲᠤᠷᠠᠨ ᠡᠯᠧᠺᠲᠷᠣᠨ ᠬᠤᠳᠠᠯᠳᠤᠭᠠᠨ᠎ᠤ ᠪᠣᠳᠠᠲᠤ ᠴᠣᠭᠴᠠ᠎ᠶᠢᠨ ᠠᠵᠤ ᠠᠬᠤᠢ᠎ᠳᠤ ᠨᠠᠩ ᠰᠠᠢᠨ ᠦᠢᠯᠡᠴᠢᠯᠡᠬᠦ᠎ᠶᠢ ᠠᠬᠢᠭᠤᠯᠬᠤ ᠭᠤᠤᠯ ᠠᠭᠤᠯᠭ᠎ᠠ ᠵᠢᠨ ᠲᠤᠭᠤᠷᠢᠨ᠎ᠳᠦ ᠴᠢᠬᠤᠯᠠ ᠪᠢᠴᠢᠭ ᠮᠠᠲᠧᠷᠢᠶᠠᠯ ᠨᠡᠢᠲᠡᠯᠡᠪᠠ᠃

ᠮᠠᠨ᠎ᠤ ᠤᠯᠤᠰ᠎ᠤᠨ ᠰᠦᠯᠵᠢᠶᠡᠨ᠎ᠦ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠤ᠋ᠨ ᠬᠡᠪᠴᠢᠶ᠎ᠠ 13 ᠵᠢᠯ ᠳᠠᠷᠠᠭᠠᠯᠠᠨ ᠳᠡᠯᠡᠬᠡᠢ᠎ᠳᠦ ᠳᠡᠷᠢᠬᠦᠯᠡᠵᠦ᠂ ᠤᠯᠤᠰ᠎ᠤᠨ ᠳᠣᠲᠣᠭᠠᠳᠤ᠎ᠶᠢᠨ 2600 ᠲᠦᠮᠡᠨ ᠬᠤᠳᠠᠯᠳᠤᠭᠠᠴᠢᠨ᠎ᠢ ᠬᠠᠮᠤᠷᠴᠤ᠂ ᠲᠡᠯᠡᠭᠡᠢ ᠵᠢᠨ 32 ᠳ᠋ᠦᠩᠰᠢᠭᠤᠷ ᠬᠡᠷᠡᠭᠯᠡᠭᠴᠢᠳ᠎ᠲᠦ ᠦᠢᠯᠡᠴᠢᠯᠡᠵᠦ ᠪᠠᠢᠨ᠎ᠠ᠃ ᠡᠯᠧᠺᠲᠷᠣᠨ ᠬᠤᠳᠠᠯᠳᠤᠭ᠎ᠠ ᠨᠢ ᠬᠡᠷᠬᠢᠨ ᠪᠣᠳᠠᠲᠤ ᠴᠣᠭᠴᠠ᠎ᠶᠢᠨ ᠠᠵᠤ ᠠᠬᠤᠢ᠎ᠳᠤ ᠨᠠᠩ ᠰᠠᠢᠨ ᠦᠢᠯᠡᠴᠢᠯᠡᠬᠦ ᠪᠣᠶ? ᠪᠢᠴᠢᠭ ᠮᠠᠲᠧᠷᠢᠶᠠᠯ᠎ᠳᠤ 5 ᠲᠠᠯ᠎ᠠ᠎ᠶᠢᠨ 16 ᠵᠤᠷᠪᠤᠰ ᠠᠷᠭ᠎ᠠ ᠬᠡᠮᠵᠢᠶ᠎ᠡ ᠳᠤᠷᠠᠳᠪᠠ᠃ ᠡᠳᠡᠭᠡᠷ ᠠᠷᠭ᠎ᠠ ᠬᠡᠮᠵᠢᠶ᠎ᠡ᠎ᠶᠢ ᠭᠤᠷᠪᠠᠨ ᠵᠠᠩᠭᠢᠯᠠᠭ᠎ᠠ᠎ᠶᠢᠨ ᠦᠭᠡ  ᠪᠡᠷ  ᠬᠤᠷᠢᠶᠠᠩᠭᠤᠢᠯᠠᠵᠤ ᠪᠣᠯᠣᠨ᠎ᠠ᠃

ᠨᠢᠭᠡ᠂ 《ᠳᠠᠷᠤᠭᠠᠰᠤ᠎ᠶᠢ ᠬᠥᠩᠭᠡᠯᠡᠨ᠎ᠡ》

ᠪᠣᠳᠠᠲᠤ ᠴᠣᠭᠴᠠ᠎ᠶᠢᠨ ᠠᠵᠤ ᠠᠬᠤᠢ᠎ᠳᠤ ᠶᠡᠬᠡ ᠬᠡᠮᠵᠢᠶᠡᠨ᠎ᠦ ᠳᠤᠮᠳᠠ ᠪᠠᠭ᠎ᠠ ᠠᠵᠤ ᠠᠬᠤᠢᠯᠠᠯ ᠪᠣᠯᠣᠨ ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠬᠡ ᠪᠤᠢ᠂ ᠲᠡᠳᠡ ᠲᠣᠭᠠᠴᠢᠯᠠᠯᠲᠠ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠬᠦᠰᠡᠳᠡᠭ ᠪᠣᠯᠪᠠᠴᠤ ᠶᠡᠷᠦ ᠨᠢ《ᠬᠤᠪᠢᠷᠠᠭᠤᠯᠵᠤ ᠴᠢᠳᠠᠬᠤ ᠦᠭᠡᠢ᠂ ᠬᠤᠪᠢᠷᠠᠭᠤᠯᠬᠤ᠎ᠠᠴᠠ ᠵᠢᠷᠦᠬᠡᠰᠢᠶᠡᠬᠦ》ᠬᠦᠴᠢᠷ ᠠᠰᠠᠭᠤᠳᠠᠯ᠎ᠳᠤ ᠲᠤᠯᠭᠠᠷᠠᠵᠦ ᠪᠠᠢᠨ᠎ᠠ᠃ ᠲᠤᠰ ᠪᠢᠴᠢᠭ ᠮᠠᠲᠧᠷᠢᠶᠠᠯ᠎ᠳᠤ ᠡᠨᠡᠬᠦ ᠪᠠᠢᠳᠠᠯ᠎ᠳᠦ ᠴᠢᠭᠯᠡᠭᠦᠯᠦᠨ᠂ 《ᠳᠤᠮᠳᠠ ᠪᠠᠭ᠎ᠠ ᠠᠵᠤ ᠠᠬᠤᠢᠯᠠᠯ᠎ᠤᠨ ᠲᠣᠭᠠᠴᠢᠯᠠᠯᠲᠠ ᠲᠡᠢᠰᠢ ᠬᠡᠯᠪᠡᠷᠢ᠎ᠪᠡᠨ ᠬᠤᠪᠢᠷᠠᠭᠤᠯᠬᠤ ᠥᠪᠡᠷ᠎ᠦᠨ ᠦᠷᠳᠡᠭ᠎ᠢ ᠪᠠᠭᠤᠷᠠᠭᠤᠯᠤᠨ᠎ᠠ》 ᠭᠡᠵᠦ ᠲᠣᠳᠣᠷᠬᠠᠢ ᠳᠤᠷᠠᠳᠴᠠᠢ᠃

ᠬᠤᠶᠠᠷ᠂ 《ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠎ᠡ》

ᠨᠢᠭᠡ ᠲᠠᠯ᠎ᠠ᠎ᠪᠠᠷ᠂ ᠡᠯᠧᠺᠲᠷᠣᠨ ᠬᠤᠳᠠᠯᠳᠤᠭᠠᠨ᠎ᠤ ᠠᠵᠤ ᠠᠬᠤᠢᠯᠠᠯ ᠨᠢ  ᠠᠷᠠᠳ ᠣᠯᠠᠨ᠎ᠤ ᠢᠳᠡᠵᠦ ᠡᠮᠦᠰᠬᠦ ᠶᠠᠪᠤᠵᠤ ᠰᠠᠭᠤᠬᠤ ᠬᠡᠷᠡᠭᠴᠡᠭᠡ᠎ᠶᠢᠨ ᠲᠣᠭᠣᠷᠢᠨ᠎ᠳᠤ᠂ 《ᠠᠮᠲᠠᠲᠤ ᠢᠳᠡᠭᠡᠨ᠎ᠦ ᠭᠠᠵᠠᠷ᠎ᠤᠨ ᠵᠢᠷᠤᠭ》 ᠨᠡᠢᠲᠡᠯᠡᠨ᠂ 《ᠵᠠᠪᠠᠯ ᠢᠳᠡᠬᠦ ᠵᠠᠪᠠᠯ ᠬᠤᠳᠠᠯᠳᠤᠨ ᠠᠪᠬᠤ》ᠨᠡᠷᠡᠰ᠎ᠦᠨ ᠵᠢᠭ᠍ᠰᠠᠭᠠᠯᠲᠠ ᠭᠠᠷᠭᠠᠵᠦ᠂ ᠣᠯᠠᠨ᠎ᠢ ᠬᠠᠪᠰᠤᠷᠤᠨ ᠮᠡᠭᠡᠯᠡᠯ᠎ᠠᠴᠠ ᠣᠨᠣᠴᠠᠲᠠᠢ ᠵᠠᠢᠯᠠᠭᠤᠯᠵᠤ᠂ ᠪᠠᠶᠠᠷ ᠬᠥᠷ᠎ᠲᠠᠢ ᠬᠤᠳᠠᠯᠳᠤᠭ᠎ᠠ ᠬᠢᠯᠭᠡᠨ᠎ᠡ; ᠨᠥᠭᠥᠭᠡ ᠲᠠᠯ᠎ᠠ ᠪᠡᠷ᠂《ᠬᠠᠭᠤᠴᠢᠨ ᠨᠠᠷᠠᠲᠤ ᠲᠡᠮᠳᠡᠭᠲᠦ》᠎ᠶᠢ ᠰᠢᠨ᠎ᠡ ᠠᠮᠢᠯᠠᠯ᠎ᠲᠠᠢ ᠪᠣᠯᠭᠠᠵᠤ᠂ ᠤᠯᠤᠰ᠎ᠤᠨ ᠪᠠᠷᠠᠭ᠎ᠠ᠎ᠶᠢ ᠰᠦᠯᠵᠢᠶᠡᠨ ᠳᠡᠭᠡᠷ᠎ᠡ ᠭᠠᠷᠭᠠᠨ᠎ᠠ᠃ ᠡᠭᠦᠨ᠎ᠡᠴᠡ ᠭᠠᠳᠠᠨ᠎ᠠ᠂ ᠪᠢᠴᠢᠭ ᠮᠠᠲᠧᠷᠢᠶᠠᠯ᠎ᠳᠤ ᠪᠠᠰᠠ《ᠵᠣᠬᠢᠶᠠᠮᠠᠯ ᠣᠶᠤᠨ ᠴᠢᠳᠠᠪᠤᠷᠢ + ᠡᠯᠧᠺᠲᠷᠣᠨ ᠬᠤᠳᠠᠯᠳᠤᠭ᠎ᠠ》᠎ᠶᠢ ᠬᠥᠭᠵᠢᠭᠦᠯᠵᠦ᠂ ᠣᠶᠤᠨᠴᠢ ᠬᠤᠳᠠᠯᠳᠤᠭᠠᠨ᠎ᠤ ᠲᠣᠭᠣᠷᠢᠭ᠋ ᠪᠠ ᠣᠶᠤᠨᠴᠢ ᠲᠡᠯᠭᠡᠭᠦᠷ᠎ᠢ ᠪᠠᠢᠭᠤᠯᠤᠨ᠎ᠠ ᠭᠡᠵᠦ ᠳᠤᠷᠠᠳᠤᠨ ᠭᠠᠷᠭᠠᠪᠠ᠃

ᠭᠤᠷᠪᠠ᠂ 《ᠭᠠᠳᠠᠭᠰᠢ ᠭᠠᠷᠭᠠᠨ᠎ᠠ》

ᠡᠯᠧᠺᠲᠷᠣᠨ ᠬᠤᠳᠠᠯᠳᠤᠭ᠎ᠠ᠎ᠶᠢ ᠬᠥᠭᠵᠢᠭᠦᠯᠬᠦ᠎ᠳᠦ ᠣᠷᠣᠭᠤᠯᠵᠤ ᠠᠪᠴᠢᠷᠠᠬᠤ ᠮᠥᠷᠲᠡᠭᠡᠨ ᠪᠠᠰᠠ ᠭᠠᠳᠠᠭ᠍ᠰᠢ ᠭᠠᠷᠭᠠᠬᠤ ᠬᠡᠷᠡᠭᠲᠡᠢ ᠶᠤᠮ᠃ ᠲᠤᠰ ᠪᠢᠴᠢᠭ ᠮᠠᠲᠧᠷᠢᠶᠠᠯ᠎ᠳᠤ 《ᠲᠡᠯᠡᠭᠡᠢ ᠵᠢᠨ ᠴᠢᠨᠠᠷ ᠰᠠᠢᠲᠠᠢ ᠪᠠᠷᠠᠭ᠎ᠠ ᠲᠠᠸᠠᠷ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠲᠦ ᠣᠷᠣᠵᠤ ᠢᠷᠡᠬᠦ᠎ᠳᠦ ᠡᠯᠧᠺᠲᠷᠣᠨ ᠬᠤᠳᠠᠯᠳᠤᠭᠠᠨ᠎ᠤ〈ᠰᠢᠭᠤᠳ ᠨᠡᠪᠲᠡᠷᠡᠬᠦ ᠲᠡᠷᠭᠡ〉᠎ᠶᠢ ᠨᠡᠪᠲᠡᠷᠡᠭᠦᠯᠦᠨ᠎ᠡ》᠂ 《ᠭᠠᠳᠠᠭᠠᠳᠤ᠎ᠶᠢᠨ ᠴᠢᠨᠠᠷ ᠰᠠᠢᠲᠠᠢ ᠪᠠᠷᠠᠭ᠎ᠠ ᠲᠠᠸᠠᠷ᠎ᠢ ᠠᠩᠬ᠎ᠠ ᠲᠠᠷᠬᠠᠭᠠᠬᠤ ᠠᠵᠢᠯ᠎ᠢ ᠴᠢᠩᠭᠠᠳᠬᠠᠨ᠎ᠠ》ᠭᠡᠵᠦ ᠳᠤᠷᠠᠳᠤᠭᠰᠠᠨ ᠪᠥᠭᠡᠳ ᠪᠠᠰᠠ《ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠭᠠᠳᠠᠭᠠᠳᠤ᠎ᠳᠠᠬᠢ ᠬᠥᠮᠥᠷᠭᠡ ᠪᠠᠢᠭᠤᠯᠬᠤ᠎ᠶᠢ ᠶᠡᠬᠡ᠎ᠪᠡᠷ ᠳᠡᠮᠵᠢᠨ᠎ᠡ》᠂ ᠭᠠᠳᠠᠭᠠᠳᠤ᠎ᠶᠢᠨ ᠣᠶᠤᠨᠴᠢ ᠪᠠᠷᠠᠭᠠᠨ᠎ᠤ ᠭᠦᠢᠯᠭᠡᠭᠡᠨ᠎ᠦ ᠲᠠᠪᠴᠠᠩ᠎ᠢ ᠲᠡᠭᠦᠯᠳᠡᠷᠵᠢᠭᠦᠯᠵᠦ᠂《ᠪᠥᠬᠥ ᠪᠥᠮᠪᠥᠷᠴᠡᠭ ᠡᠴᠡ ᠬᠤᠳᠠᠯᠳᠤᠨ ᠠᠪᠴᠤ᠂ ᠪᠥᠬᠥ ᠪᠥᠮᠪᠥᠷᠴᠡᠭ᠎ᠲᠦ ᠬᠤᠳᠠᠯᠳᠤᠬᠤ》᠎ᠶᠢ ᠨᠠᠩ ᠤᠷᠤᠭᠰᠢᠲᠠᠢ ᠪᠣᠯᠭᠠᠨ᠎ᠠ ᠭᠡᠵᠦ ᠳᠤᠷᠠᠳᠤᠨ ᠭᠠᠷᠭᠠᠵᠠᠢ᠃

 ᠢᠷᠡᠯᠲᠡ᠄ ᠰᠤᠨᠢᠨ ᠮᠡᠳᠡᠭᠡᠨ᠎ᠤ ᠲᠠᠮᠵᠢᠭᠤᠯᠬᠤ ᠨᠡᠪᠲᠡᠷᠡᠭᠦᠯᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号