ᠰᠤᠷᠪᠤᠯᠵᠢᠯᠠᠭ᠍ᠴᠢ ᠣᠢᠷ᠎ᠠ᠎ᠳᠤ ᠴᠡᠭᠡ
ᠪᠣᠭᠣᠮᠲᠠ᠎ᠶᠢᠨ ᠠᠵᠤ ᠠᠬᠤᠢ᠎ᠶᠢᠨ ᠨᠡᠭᠡᠭᠡᠯᠲᠡ᠎ᠶᠢᠨ ᠲᠤᠭᠤᠷᠢᠭ᠎ᠤᠨ ᠬᠠᠮᠢᠶᠠᠷᠤᠯᠲᠠ᠎ᠶᠢᠨ ᠵᠥᠪᠯᠡᠯ᠎ᠡᠴᠡ ᠣᠢᠯᠠᠭᠠᠭᠰᠠᠨ
ᠵᠢᠠᠷ᠂ ᠡᠨᠡ ᠵᠢᠯ᠎ᠦᠨ ᠨᠢᠭᠡᠳᠦᠭᠡᠷ ᠤᠯᠠᠷᠢᠯ᠎ᠳᠤ ᠴᠡᠭᠡ ᠪᠣᠭᠣᠮᠲᠠ᠎ᠶᠢᠨ ᠭᠠᠳᠠᠭᠠᠳᠤ ᠣᠷᠣᠭᠤᠯᠤᠯᠲᠠ ᠭᠠᠷᠭᠠᠯᠲᠠ᠎ᠶᠢᠨ
ᠠᠷᠠᠯᠵᠢᠶᠠᠨ᠎ᠤ ᠲᠣᠭ᠎ᠠ 30 ᠳ᠋ᠦᠩᠰᠢᠭᠤᠷ ᠲᠥᠭᠥᠷᠢᠭ᠎ᠲᠦ ᠬᠦᠷᠴᠦ᠂ ᠪᠠᠷᠠᠭᠠᠨ᠎ᠤ ᠲᠡᠭᠡᠭᠡᠪᠦᠷᠢ᠎ᠶᠢᠨ
ᠬᠡᠮᠵᠢᠶ᠎ᠡ 918 ᠲᠦᠮᠡᠨ ᠲᠣᠨ᠎ᠢ ᠳᠠᠪᠠᠵᠤ᠂ ᠬᠢᠯᠢ᠎ᠪᠡᠷ ᠣᠷᠣᠵᠤ ᠭᠠᠷᠤᠭᠰᠠᠳᠢ ᠨᠡᠶ᠋ᠢᠲᠡ 13.5 ᠲᠦᠮᠡ ᠭᠠᠷᠤᠢ
ᠬᠥᠮᠥᠨ ᠤᠳᠠᠭ᠎ᠠ ᠰᠢᠯᠭᠠᠨ ᠨᠡᠪᠲᠡᠷᠡᠭᠦᠯᠵᠦ᠂ ᠵᠠᠮ ᠲᠡᠭᠡᠭᠡᠪᠦᠷᠢ᠎ᠶᠢᠨ ᠪᠠᠭᠠᠵᠢ᠎ᠶᠢ 12.1 ᠲᠦᠮᠡ ᠭᠠᠷᠤᠢ ᠤᠳᠠᠭ᠎ᠠ
ᠪᠠᠢᠴᠠᠭᠠᠨ ᠰᠢᠯᠭᠠᠵᠤ᠂ ᠠᠳᠠᠯᠢ ᠬᠤᠭᠤᠴᠠᠭᠠᠨ᠎ᠤ ᠬᠢ᠎ᠡᠴᠡ ᠲᠣᠰ ᠲᠤᠰ 30%᠂ 83%᠂ 72% ᠪᠠ 81%᠎ᠪᠠᠷ ᠨᠡᠮᠡᠭᠳᠡᠪᠡ᠃
ᠡᠯ᠎ᠡ ᠲᠦᠷᠦᠯ᠎ᠦᠨ ᠲᠣᠭ᠎ᠠ ᠪᠠᠷᠢᠮᠲᠠ ᠨᠢ ᠴᠥᠮ ᠶᠡᠬᠡ ᠬᠡᠮᠵᠢᠶ᠎ᠡ᠎ᠪᠡᠷ ᠨᠡᠮᠡᠭᠳᠡᠬᠦ᠎ᠶᠢ ᠪᠡᠶᠡᠯᠡᠭᠦᠯᠵᠦ᠂ ᠲᠣᠰ
ᠪᠣᠭᠣᠮᠲᠠ᠎ᠶᠢᠨ ᠨᠡᠭᠡᠭᠡᠯᠲᠡ ᠬᠢᠭᠰᠡᠨ᠎ᠡᠴᠡ ᠨᠠᠭᠠᠰᠢᠬᠢ ᠲᠡᠦᠬᠡ ᠵᠢᠨ ᠠᠳᠠᠯᠢ ᠬᠤᠭᠤᠴᠠᠭᠠᠨ᠎ᠤ ᠬᠠᠮᠤᠭ᠎ᠤᠨ ᠰᠠᠢᠨ
ᠬᠢᠷᠢ ᠪᠦᠲᠦᠮᠵᠢ᠎ᠶᠢ ᠳᠠᠬᠢᠨᠲᠠ ᠡᠭᠦᠳᠪᠡ᠃
ᠴᠡᠭᠡ ᠪᠣᠭᠣᠮᠲᠠ ᠤᠯᠤᠰ᠎ᠤᠨ ᠤᠮᠠᠷᠠᠰᠢ
ᠨᠡᠭᠡᠭᠡᠯᠲᠡ ᠬᠢᠬᠦ ᠴᠢᠬᠤᠯᠠ ᠪᠡᠬᠢᠯᠡᠯᠲᠡ ᠪᠣᠯᠣᠨ ᠳᠤᠮᠳᠠᠳᠤ ᠮᠣᠩᠭᠣᠯ ᠤᠷᠤᠰ᠎ᠤᠨ ᠠᠵᠤ ᠠᠬᠤᠢ᠎ᠶᠢᠨ ᠬᠣᠩᠭᠢᠯ᠎ᠤᠨ
ᠪᠦᠲᠦᠭᠡᠨ ᠪᠠᠢᠭᠤᠯᠤᠯᠲᠠ᠎ᠶᠢᠨ ᠱᠠᠭᠠᠷᠳᠠᠯᠭ᠎ᠠ᠎ᠶᠢᠨ ᠲᠣᠭᠣᠷᠢᠨ᠎ᠳᠤ᠂ ᠪᠣᠭᠣᠮᠲᠠ᠎ᠪᠠᠷ ᠥᠩᠭᠡᠷᠡᠬᠦ ᠪᠣᠳᠠᠲᠤ
ᠪᠠᠢᠳᠠᠯ᠎ᠳᠤ ᠰᠠᠭᠤᠷᠢᠯᠠᠵᠤ᠂ ᠬᠢᠯᠢ᠎ᠶᠢᠨ ᠪᠠᠢᠴᠠᠭᠠᠯᠲᠠ
ᠵᠡᠷᠭᠡ ᠰᠠᠯᠠᠭ᠎ᠠ ᠮᠥᠴᠢᠷ᠎ᠲᠠᠢ ᠬᠠᠮᠵᠢᠯᠴᠠᠵᠦ᠂ ᠬᠢᠯᠢ ᠠᠯᠤᠰᠯᠠᠭᠰᠠᠨ ᠲᠡᠭᠡᠭᠡᠪᠦᠷᠢ᠎ᠶᠢ ᠪᠠᠢᠩᠭᠤᠵᠢᠭᠤᠯᠤᠨ
ᠪᠠᠲᠤᠯᠠᠵᠤ᠂ ᠰᠠᠨᠠᠭᠠᠴᠢᠯᠠᠭ᠎ᠠ᠎ᠠᠴᠠ᠎ᠪᠠᠨ ᠠᠵᠤ ᠠᠬᠤᠢᠯᠠᠯ᠎ᠢᠶᠠᠷ ᠳᠤᠭᠤᠷᠢᠨ ᠦᠵᠡᠵᠦ᠂ ᠬᠦᠰᠡᠯ ᠱᠠᠭᠠᠷᠳᠠᠯᠭ᠎ᠠ᠎ᠶᠢ
ᠨᠢ ᠰᠣᠨᠣᠰᠴᠤ᠂ ᠪᠣᠭᠣᠮᠲᠠ᠎ᠪᠠᠷ ᠥᠩᠭᠡᠷᠡᠬᠦ ᠲᠤᠰᠬᠠᠢ ᠦᠢᠯᠡᠴᠢᠯᠡᠭᠡᠨ᠎ᠦ ᠴᠣᠩᠬᠣᠪᠴᠢ ᠪᠠᠢᠭᠤᠯᠵᠤ᠂ ᠠᠵᠤ ᠠᠬᠤᠢᠯᠠᠯ᠎ᠤᠨ
ᠳᠠᠷᠤᠭᠠᠰᠤ᠎ᠶᠢ ᠬᠥᠩᠭᠡᠷᠡᠭᠦᠯᠦᠨ ᠦᠷ᠎ᠡ ᠠᠰᠢᠭ᠋᠎ᠢ ᠨᠢ ᠨᠡᠮᠡᠭᠳᠡᠭᠦᠯᠪᠡ︔ ᠪᠡᠯᠡᠳᠬᠡᠮᠵᠢ᠎ᠶᠢ
ᠰᠠᠢᠵᠢᠷᠠᠭᠤᠯᠬᠤ ᠪᠠ ᠠᠯᠬᠤᠮ ᠶᠠᠪᠤᠴᠠ ᠵᠢ ᠳᠥᠭᠥᠮᠴᠢᠯᠡᠬᠦ᠎ᠶᠢ
ᠮᠠᠰᠢ ᠠᠩᠬᠠᠷᠴᠤ᠂ ᠲᠣᠮᠣ᠌ ᠬᠡᠯᠪᠡᠷᠢ᠎ᠶᠢᠨ ᠲᠥᠬᠦᠭᠡᠷᠦᠮᠵᠢ᠂ ᠣᠨᠴᠠ ᠲᠥᠷᠥᠯ᠎ᠦᠨ ᠪᠠᠷᠠᠭ᠎ᠠ᠎ᠶᠢᠨ ᠲᠡᠭᠡᠭᠡᠪᠦᠷᠢ᠎ᠳᠦ
ᠴᠢᠭᠯᠡᠭᠦᠯᠦᠨ᠂ ᠦᠷᠭᠡᠴᠡ ᠨᠢ ᠬᠡᠲᠦᠷᠡᠭᠰᠡᠨ ᠬᠢᠵᠠᠭᠠᠷᠯᠠᠯ ᠡᠴᠡ ᠳᠠᠪᠠᠭᠰᠠᠨ ᠪᠠᠷᠠᠭ᠎ᠠ᠎ᠶᠢ ᠲᠤᠰᠬᠠᠢ
ᠨᠡᠪᠲᠡᠷᠡᠬᠦᠯᠬᠦ ᠵᠠᠮᠪᠠᠢᠭᠤᠯᠵᠤ᠂ ᠲᠣᠮᠣ᠌ ᠲᠦᠷᠦᠯ᠎ᠦᠨ ᠪᠠᠷᠠᠭ᠎ᠠ᠎ᠶᠢᠨ ᠪᠣᠭᠣᠮᠲᠠ᠎ᠪᠠᠷ ᠥᠩᠭᠡᠷᠡᠬᠦ᠎ᠳᠦ ᠬᠦᠴᠢᠷ
ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠪᠡ᠃ ᠡᠭᠦᠨ᠎ᠡᠴᠡ ᠭᠠᠳᠠᠨ᠎ᠠ᠂《ᠳᠠᠩ ᠴᠣᠩᠬᠣᠪᠴᠢ》᠎ᠶᠢᠨ ᠰᠦᠯᠵᠢᠶᠡᠨ ᠳᠡᠭᠡᠷᠡᠬᠢ ᠦᠢᠯᠡᠴᠢᠯᠡᠭᠡ᠎ᠶᠢ ᠦᠷᠭᠦᠯᠵᠢᠯᠡᠨ ᠰᠢᠯᠢᠳᠡᠭᠵᠢᠭᠦᠯᠵᠦ᠂ ᠪᠣᠭᠣᠮᠲᠠ᠎ᠪᠠᠷ
ᠥᠩᠭᠡᠷᠡᠬᠦ ᠵᠢ ᠤᠷᠢᠳᠴᠢᠯᠠᠨ ᠪᠤᠯᠵᠤᠬᠤ᠂ ᠬᠠᠮᠲᠤᠷᠠᠨ ᠪᠠᠢᠴᠠᠭᠠᠨ ᠰᠢᠯᠭᠠᠬᠤ᠎ᠶᠢ ᠬᠡᠷᠡᠭᠵᠢᠭᠦᠯᠦᠨ᠂ ᠡᠳᠦᠷ ᠲᠤᠲᠤᠮ᠎ᠤᠨ
ᠠᠵᠢᠯ ᠳᠤᠮᠳᠠ᠎ᠪᠠᠨ ᠭᠤᠶᠤᠴᠢᠯᠠᠨ ᠮᠡᠳᠡᠭᠦᠯᠬᠦ ᠴᠠᠭ᠎ᠤᠨ ᠬᠢᠵᠠᠭᠠᠷ᠎ᠢ ᠲᠠᠰᠤᠷᠠᠯᠲᠠ ᠦᠭᠡᠢ ᠪᠣᠭᠣᠨᠢᠰᠬᠠᠵᠤ᠂
ᠰᠢᠯᠭᠠᠨ ᠥᠩᠭᠡᠷᠡᠭᠦᠯᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠂ ᠪᠣᠭᠣᠮᠲᠠ ᠪᠡᠷ ᠰᠠᠭᠠᠳ ᠦᠭᠡᠢ ᠨᠡᠪᠲᠡᠷᠡᠬᠦ᠎ᠶᠢ ᠪᠠᠲᠤᠯᠠᠪᠠ᠃
ᠤᠯᠠᠮᠵᠢᠯᠠᠯᠲᠤ ᠠᠷᠠᠯᠵᠢᠶ᠎ᠠ᠎ᠶᠢ ᠲᠣᠭᠲᠠᠪᠤᠷᠢᠵᠢᠭᠤᠯᠬᠤ᠎ᠶᠢᠨ
ᠬᠠᠮᠲᠤ᠂ ᠴᠡᠭᠡ ᠪᠣᠭᠣᠮᠲᠠ ᠭᠠᠳᠠᠭᠠᠳᠤ ᠠᠷᠠᠯᠵᠢᠶᠠᠨ᠎ᠤ ᠰᠢᠨ᠎ᠡ ᠨᠡᠮᠡᠭᠳᠡᠯ᠎ᠦᠨ ᠴᠡᠭ᠎ᠢ ᠢᠳᠡᠪᠬᠢᠲᠡᠢ ᠪᠣᠢᠵᠢᠭᠤᠯᠵᠤ᠂
ᠭᠠᠳᠠᠭᠠᠳᠤ ᠭᠠᠷᠭᠠᠯᠲᠠ᠎ᠶᠢᠨ ᠦᠢᠯᠡᠳᠬᠦᠨ᠎ᠦ ᠲᠦᠷᠦᠯ᠎ᠢ ᠲᠠᠰᠤᠷᠠᠯᠲᠠ ᠦᠭᠡᠢ ᠪᠠᠶᠠᠯᠢᠭ᠍ᠵᠢᠭᠤᠯᠵᠤ᠂ ᠭᠠᠳᠠᠭᠠᠳᠤ
ᠭᠠᠷᠭᠠᠯᠲᠠ᠎ᠶᠢᠨ ᠪᠦᠲᠦᠴᠡ᠎ᠶᠢ ᠰᠢᠯᠢᠳᠡᠭᠵᠢᠭᠦᠯᠪᠡ᠃ ᠬᠢᠯᠢ᠎ᠶᠢᠨ ᠪᠣᠭᠣᠮᠲᠠ ᠪᠠᠰᠠ ᠣᠶᠤᠨᠳᠤ ᠪᠣᠭᠣᠮᠲᠠ ᠪᠣᠯᠣᠨ
ᠪᠣᠬᠢᠷᠲᠤᠯ ᠦᠭᠡᠢ ᠪᠠᠷᠠᠭᠠᠨ᠎ᠤ ᠭᠦᠢᠯᠭᠡᠭᠡᠨ᠎ᠦ ᠪᠦᠲᠦᠭᠡᠨ ᠪᠠᠢᠭᠤᠯᠤᠯᠲᠠ᠎ᠶᠢ ᠶᠡᠬᠡᠪᠡᠷ ᠠᠬᠢᠭᠤᠯᠵᠤ᠂ AGV ᠵᠢᠯᠣᠭᠣᠴᠢ ᠦᠭᠡᠢ ᠵᠥᠭᠡᠭᠡᠪᠦᠷᠢᠯᠡᠬᠦ
ᠲᠥᠬᠦᠭᠡᠷᠦᠮᠵᠢ᠎ᠶᠢ ᠪᠥᠬᠥ ᠲᠠᠯ᠎ᠠ᠎ᠪᠠᠷ ᠬᠡᠷᠡᠭᠯᠡᠨ ᠲᠠᠯᠠᠪᠠᠶ ᠳᠣᠲᠣᠷᠠᠬᠢ ᠪᠠᠷᠠᠭ᠎ᠠ᠎ᠶᠢ ᠠᠦ᠋ᠲ᠋ᠣ᠋᠎ᠪᠠᠷ ᠲᠤᠰᠴᠤ
ᠠᠪᠬᠤ᠂ ᠥᠨᠳᠥᠷ ᠪᠦᠲᠦᠮᠵᠢᠲᠡᠶ᠎ᠪᠡᠷ ᠰᠢᠯᠵᠢᠭᠦᠯᠦᠨ ᠲᠡᠭᠡᠭᠡᠪᠦᠷᠢᠯᠡᠬᠦ᠎ᠶᠢ ᠪᠡᠶᠡᠯᠡᠭᠦᠯᠵᠦ᠂ 5G ᠵᠢᠨ ᠣᠶᠤᠨᠴᠢ ᠬᠦᠨᠳᠦ ᠠᠴᠢᠶᠠᠨ᠎ᠤ ᠮᠠᠰᠢᠨ᠎ᠢ ᠬᠡᠷᠡᠭᠯᠡᠨ ᠬᠢᠯᠢ
ᠠᠯᠤᠰᠯᠠᠭᠰᠠᠨ ᠲᠡᠭᠡᠭᠡᠪᠦᠷᠢ᠎ᠳᠦ ᠣᠷᠣᠯᠴᠠᠭᠤᠯᠵᠤ᠂ ᠠᠦ᠋ᠲ᠋ᠣ᠋᠎ᠪᠠᠷ ᠲᠡᠷᠭᠡ ᠳᠠᠭᠠᠬᠤ᠂ ᠣᠶᠤᠨᠴᠢ᠎ᠪᠠᠷ
ᠲᠣᠬᠢᠷᠠᠭᠤᠯᠬᠤ᠂ ᠠᠮᠤᠷ ᠲᠦᠪᠰᠢᠨ᠎ᠢᠶᠡᠷ ᠨᠡᠪᠲᠡᠷᠡᠭᠦᠯᠬᠦ᠎ᠶᠢ ᠪᠡᠶᠡᠯᠡᠭᠦᠯᠵᠦ᠂ ᠰᠢᠨ᠎ᠡ ᠡᠨᠧᠷᠭᠢ᠎ᠶᠢᠨ ᠲᠡᠷᠭᠡ
ᠵᠢ
ᠪᠣᠭᠣᠮᠲᠠ᠎ᠪᠠᠷ ᠥᠩᠭᠡᠷᠡᠬᠦ᠂ ᠠᠴᠢᠵᠤ ᠪᠠᠭᠤᠯᠭᠠᠬᠤ᠂ ᠳᠠᠮᠵᠢᠭᠤᠯᠤᠨ ᠲᠡᠭᠡᠭᠡᠪᠦᠷᠢᠯᠡᠬᠦ ᠪᠥᠬᠥ ᠶᠠᠪᠤᠴᠠ᠎ᠳᠦ
ᠬᠡᠷᠡᠭᠯᠡᠨ᠂ ᠵᠢᠯᠣᠭᠣᠴᠢ ᠦᠭᠡᠢ᠎ᠪᠡᠷ ᠠᠵᠢᠯᠯᠠᠬᠤ᠂ ᠣᠶᠤᠨᠴᠢ᠎ᠪᠠᠷ ᠲᠣᠬᠢᠷᠠᠭᠤᠯᠬᠤ᠂ ᠪᠣᠬᠢᠷᠲᠤᠯ ᠦᠭᠡᠢ
ᠲᠡᠭᠡᠭᠡᠪᠦᠷᠢᠯᠡᠬᠦ ᠪᠡᠷ ᠪᠣᠭᠣᠮᠲᠠ᠎ᠪᠠᠷ ᠥᠩᠭᠡᠷᠡᠬᠦ ᠦᠷ᠎ᠡ ᠪᠦᠲᠦᠮᠵᠢ ᠪᠣᠯᠣᠨ ᠡᠵᠡᠩᠨᠡᠯᠲᠡ᠎ᠶᠢᠨ ᠬᠢᠷᠢ
ᠲᠦᠪᠰᠢᠨ᠎ᠢ ᠳᠡᠭᠡᠭᠰᠢᠯᠡᠭᠦᠯᠵᠦ᠂ ᠬᠢᠯᠢ᠎ᠶᠢᠨ ᠪᠣᠭᠣᠮᠲᠠ᠎ᠶᠢᠨ ᠴᠢᠨᠠᠷ ᠰᠠᠢᠲᠠᠢ ᠬᠥᠭᠵᠢᠯᠲᠡ᠎ᠳᠦ ᠰᠢᠨ᠎ᠡ
ᠬᠥᠳᠡᠯᠭᠡᠬᠦ ᠬᠦᠴᠦᠨ ᠨᠡᠮᠡᠷᠢᠯᠡᠪᠡ᠃