ᠸᠠᠩ ᠸᠧᠶ ᠵᠥᠩ ᠬᠤᠷᠠᠯ᠎ᠢ ᠡᠷᠭᠢᠯᠡᠵᠡᠢ
4 ᠰᠠᠷ᠎ᠠ᠎ᠶ᠋ᠢᠨ 7᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠢ᠎ᠠ ᠬᠤᠷᠠᠯ ᠬᠤᠷᠠᠯᠳᠤᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠳᠠᠷᠠᠭ᠎ᠠ ᠠᠯᠬᠤᠮ᠎ᠤᠨ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠵᠡᠢ᠃
ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠲᠥᠪ᠎ᠦᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠪᠣᠳᠠᠲᠠᠢ ᠲᠠᠶ ᠨᠢᠭ᠍ᠲᠠ ᠤᠶᠠᠯᠳᠤᠭᠤᠯᠤᠨ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ᠂ ᠭᠣᠣᠯᠳᠠᠯᠭ᠎ᠠ᠎ᠲᠠᠶ ᠡᠭᠦᠷᠭᠡ᠎ᠶ᠋ᠢ ᠭᠦᠨᠵᠡᠭᠡᠢ ᠠᠳᠭᠤᠨ ᠪᠣᠳᠠᠲᠠᠢ ᠠᠳᠭᠤᠵᠤ᠂ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠪᠦᠲᠦᠮᠵᠢᠲᠡᠢ ᠥᠷᠨᠢᠭᠦᠯᠬᠦ᠌᠎ᠶ᠋ᠢ ᠠᠬᠢᠭᠤᠯᠬᠤ ᠬᠡᠷᠡᠭ᠌ᠲᠡᠢ᠃ ᠰᠤᠷᠤᠯᠴᠠᠵᠤ ᠰᠤᠳᠤᠯᠤᠨ ᠶᠠᠷᠢᠯᠴᠠᠬᠤ᠎ᠶ᠋ᠢ ᠢᠮᠠᠭ᠍ᠲᠠ ᠲᠤᠭᠤᠱᠢᠯᠠᠭᠤᠯᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠵᠣᠬᠢᠶᠠᠨ ᠪᠠᠢᠭᠤᠯᠵᠤ 《ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠲᠤᠬᠠᠶ ᠥᠭᠦᠯᠡᠯᠲᠡ᠎ᠶ᠋ᠢᠨ ᠲᠡᠭᠦᠪᠦᠷᠢ》 ᠵᠡᠷᠭᠡ ᠣᠭ ᠪᠦᠳᠦᠭᠡᠯ ᠤᠭ ᠵᠣᠬᠢᠶᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠰᠤᠷᠤᠯᠴᠠᠯᠭ᠎ᠠ ᠬᠥᠮᠦᠵᠢᠯ᠎ᠦᠨ ᠲᠤᠬᠠᠶ ᠬᠠᠮᠤᠭ᠎ᠤᠨ ᠱᠢᠨ᠎ᠡ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠴᠠᠭ ᠲᠤᠬᠠᠶ᠎ᠳᠤᠨᠢ᠎ᠲᠠᠭᠠᠨ ᠰᠤᠷᠤᠯᠴᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠪᠠᠲᠤᠲᠠᠶ ᠦᠶ᠋ᠯᠡᠳᠦᠯᠭᠡᠵᠢᠭᠦᠯᠵᠦ᠍᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠦᠵᠡᠯ ᠰᠠᠨᠠᠭᠠᠨ᠎ᠤ ᠤᠬᠠᠮᠰᠠᠷ ᠪᠣᠯᠤᠨ ᠦᠶ᠋ᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠲᠠᠰᠤᠷᠠᠯᠲᠠ ᠥᠬᠡᠶ ᠴᠢᠩᠭᠠᠳᠭᠠᠬᠤ ᠬᠡᠷᠡᠭ᠌ᠲᠡᠶ᠃ ᠵᠥᠪ ᠪᠤᠷᠤᠭᠤ ᠲᠠᠯ᠎ᠠ᠎ᠶ᠋ᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠰᠠᠢᠲᠤᠷ ᠬᠡᠷᠡᠭ᠌ᠯᠡᠵᠦ᠍᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠪᠠ ᠰᠡᠷᠡᠮᠵᠢᠯᠡᠭᠦᠯᠬᠦ᠌ ᠬᠥᠮᠦᠵᠢᠯ᠎ᠢ ᠴᠢᠩᠭᠠᠳᠭᠠᠵᠤ᠂ ᠨᠠᠮ᠎ᠤᠨ ᠭᠡᠱᠢᠭᠦᠨ ᠺᠠᠳ᠋ᠷᠴᠤᠳ᠎ᠤᠨ ᠡᠷᠳᠡᠮᠲᠡᠨ ᠮᠡᠷᠭᠡᠳ᠎ᠢ ᠲᠠᠭᠠᠨ ᠰᠤᠷᠬᠤ᠎ᠶ᠋ᠢ ᠬᠥᠲᠥᠯᠥᠨ ᠵᠢᠯᠣᠭᠣᠳᠴᠤ᠌᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠠᠯᠳᠠᠭ᠎ᠠ ᠪᠤᠷᠤᠭᠤ ᠭᠠᠷᠬᠤ᠎ᠶ᠋ᠢ ᠰᠡᠷᠭᠡᠢᠯᠡᠬᠦ᠌ ᠬᠡᠷᠡᠭ᠌ᠲᠡᠶ᠃ ᠠᠰᠠᠭᠤᠳᠠᠯ᠎ᠢ ᠴᠢᠩᠭ᠎ᠠ ᠪᠣᠳᠠᠲᠠᠢ ᠪᠠᠢᠴᠠᠭᠠᠨ ᠳᠡᠯᠭᠡᠵᠦ᠍᠂ ᠠᠵᠤ ᠠᠬᠤᠢ᠎ᠶ᠋ᠢᠨ ᠬᠥᠭ᠌ᠵᠢᠯᠲᠡ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ᠂ ᠨᠠᠮ᠎ᠤᠨ ᠪᠠᠢᠭᠤᠯᠤᠯᠲᠠ ᠵᠡᠷᠭᠡ ᠬᠦᠷᠢᠶᠡᠨ᠎ᠳᠡᠬᠢ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠦᠵᠡᠯᠲᠡ᠎ᠶ᠋ᠢᠨ ᠬᠡᠯᠪᠡᠢᠭᠦᠦ ᠠᠰᠠᠭᠤᠳᠠᠯ᠎ᠢ ᠨᠠᠷᠢᠨ ᠬᠢᠨᠠᠮᠠᠭᠠᠢ ᠡᠮᠬᠢᠯᠡᠵᠦ᠍᠂ ᠠᠰᠠᠭᠤᠳᠠᠯ᠎ᠢ ᠦᠨᠡᠨ ᠬᠦ᠌ ᠣᠨᠣᠪᠴᠢᠲᠠᠢ ᠪᠠᠢᠴᠠᠭᠠᠨ ᠡᠷᠢᠵᠦ᠍᠂ ᠵᠥᠷᠢᠴᠡᠯ᠎ᠡᠴᠡ ᠵᠠᠢᠯᠠᠬᠤ ᠦᠭᠡᠢ᠂ ᠬᠦᠨᠳᠦ᠍᠎ᠡᠴᠡ ᠵᠠᠢᠯᠠᠵᠤ ᠬᠦᠨᠭ᠌ᠭᠡᠨᠢ ᠡᠷᠢᠬᠦ᠌ ᠦᠭᠡᠢ ᠪᠠᠢᠬᠤ ᠬᠡᠷᠡᠭ᠌ᠲᠡᠢ᠃ ᠦᠨᠡᠨ ᠬᠦ᠌ ᠬᠠᠲᠠᠭᠤ᠎ᠲᠠᠶ᠎ᠨᠢ ᠬᠠᠯᠳᠠᠵᠤ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠎ᠶ᠋ᠢ ᠰᠠᠢᠲᠤᠷ ᠠᠳᠭᠤᠵᠤ᠂ ᠲᠥᠪᠯᠡᠷᠡᠭᠦᠯᠦᠨ ᠴᠡᠭ᠌ᠴᠡᠯᠡᠨ ᠵᠠᠰᠠᠬᠤ ᠡᠬᠡ ᠲᠠᠩᠰᠠ᠎ᠳᠤ ᠣᠷᠣᠭᠤᠯᠤᠭ᠍ᠰᠠᠨ ᠪᠠ ᠪᠠᠢᠴᠠᠭᠠᠨ ᠳᠡᠯᠭᠡᠵᠦ᠍ ᠭᠠᠷᠭᠠᠭ᠍ᠰᠠᠨ ᠲᠣᠪᠣᠢᠮ᠎ᠠ ᠠᠰᠠᠭᠤᠳᠠᠯ᠎ᠢ ᠴᠢᠩᠭ᠎ᠠ ᠠᠩᠬᠠᠷᠴᠤ᠌᠂ ᠡᠴᠦᠰ᠎ᠲᠦᠨᠢ ᠲᠤᠯᠲᠠᠯ᠎ᠠ ᠴᠡᠭ᠌ᠴᠡᠯᠡᠨ ᠰᠠᠢᠵᠢᠷᠠᠭᠤᠯᠵᠤ᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ ᠠᠰᠠᠭᠤᠳᠠᠯ᠎ᠢ ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠬᠦᠴᠢᠷ ᠠᠰᠠᠭᠤᠳᠠᠯ᠎ᠢ᠎ᠨᠢ ᠱᠢᠶ᠋ᠳᠪᠦᠷᠢᠯᠡᠬᠦ᠌᠎ᠲᠡᠶ ᠤᠶᠠᠯᠳᠤᠭᠤᠯᠵᠤ᠂ ᠣᠯᠠᠨ ᠲᠦᠮᠡᠨ᠎ᠳᠦ ᠨᠢᠳᠤᠨ ᠳ᠋ᠦ ᠦᠵᠡᠭᠳᠡᠬᠦᠯᠵᠦ ᠭᠠᠷ ᠲᠦ᠍ ᠪᠠᠷᠢᠭᠳᠠᠭᠤᠯᠬᠤ ᠪᠤᠯᠭᠠᠬᠤ ᠬᠡᠷᠡᠭ᠌ᠲᠡᠶ᠃ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠲᠦᠷᠦᠯ ᠵᠦᠢᠯ᠎ᠦᠨ ᠦᠯᠡᠳᠡᠭ᠌ᠳᠡᠯ ᠠᠰᠠᠭᠤᠳᠠᠯ᠎ᠢ ᠨᠠᠷᠢᠨ ᠬᠢᠨᠠᠮᠠᠭᠠᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠵᠤ᠂ ᠠᠮᠢᠳᠤᠯᠢᠭ ᠠᠱᠢᠭ᠍ᠯᠠᠬᠤ ᠠᠵᠢᠯ᠎ᠢ ᠱᠢᠨᠵᠢᠯᠡᠬᠦ᠌ ᠤᠬᠠᠭᠠᠨᠴᠢ ᠡᠮᠬᠢ ᠵᠢᠷᠤᠮ᠎ᠲᠠᠶ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠡᠴᠡ 6 ᠬᠢᠨᠠᠨ ᠵᠢᠯᠣᠭᠣᠳᠭᠤ ᠳᠤᠭᠤᠢᠯᠠᠩ ᠲᠣᠮᠢᠯᠠᠵᠤ 21 ᠭᠠᠵᠠᠷ ᠣᠷᠣᠨ ᠪᠠ ᠰᠠᠯᠠᠭ᠎ᠠ ᠮᠥᠴᠢᠷ ᠨᠢᠭᠡᠴᠢ᠎ᠳᠦ ᠬᠢᠨᠠᠨ ᠵᠢᠯᠣᠭᠣᠳᠤᠯᠭ᠎ᠠ ᠬᠢᠬᠦ᠎ᠪᠠᠷ ᠲᠣᠭ᠍ᠲᠠᠪᠠ᠃ ᠬᠢᠨᠠᠨ ᠵᠢᠯᠣᠭᠣᠳᠭᠤ ᠳᠤᠭᠤᠢᠯᠠᠩ᠎ᠤᠨ᠎ᠬᠢᠨ ᠬᠠᠷᠢᠭᠤᠴᠠᠯᠭ᠎ᠠ ᠪᠣᠯᠤᠨ ᠳᠠᠷᠤᠯᠲᠠ᠎ᠶ᠋ᠢ ᠪᠦᠲᠦᠮᠵᠢᠲᠡᠶ ᠳᠠᠮᠵᠢᠭᠤᠯᠵᠤ᠂ ᠴᠢᠨᠠᠷ ᠰᠠᠢᠲᠠᠶ ᠬᠢᠨᠠᠨ ᠵᠢᠯᠣᠭᠣᠳᠭᠤ᠎ᠪᠠᠷ ᠳᠡᠮᠵᠢᠨ ᠰᠤᠷᠤᠯᠴᠠᠯᠭ᠎ᠠ ᠬᠥᠮᠦᠵᠢᠯ᠎ᠦᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭ᠌ᠲᠡᠶ᠃ ᠬᠢᠨᠠᠨ ᠵᠢᠯᠣᠭᠣᠳᠭᠤ ᠭᠣᠣᠯᠳᠠᠯᠭ᠎ᠠ᠎ᠶ᠋ᠢ ᠣᠨᠣᠪᠴᠢᠲᠠᠢ ᠡᠵᠡᠮᠳᠡᠵᠦ᠍᠂ 《ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ》 ᠵᠡᠷᠭᠡ ᠲᠣᠭ᠍ᠲᠠᠭᠰᠠᠨ ᠠᠵᠢᠯᠯᠠᠭ᠎ᠠ᠎ᠶ᠋ᠢ ᠥᠷᠨᠢᠭᠦᠯᠵᠦ᠍ ᠪᠠᠢᠭ᠎ᠠ ᠪᠠᠢᠳᠠᠯ᠎ᠢ ᠴᠢᠩᠭ᠎ᠠ ᠠᠩᠬᠠᠷᠴᠤ᠌᠂ ᠤᠳᠤᠷᠢᠳᠭᠤ ᠪᠠᠭ ᠪᠣᠯᠤᠨ ᠤᠳᠤᠷᠢᠳᠭᠤ ᠺᠠᠳ᠋ᠷ᠎ᠢ ᠲᠤᠪᠤᠢ᠌ᠯᠭᠠᠨ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭ᠌ᠰᠢᠯᠡᠭᠦᠯᠬᠦ᠌᠂ ᠲᠤᠪᠤᠢ᠌ᠮ᠎ᠠ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠂ ᠲᠦᠷᠢᠮ ᠲᠣᠭ᠍ᠲᠠᠭᠠᠯ᠎ᠢ ᠰᠠᠢᠲᠤᠷ ᠲᠣᠭ᠍ᠲᠠᠭᠠᠬᠤ᠎ᠶ᠋ᠢ ᠠᠬᠢᠭᠤᠯᠬᠤ ᠲᠠᠯ᠎ᠠ᠎ᠪᠠᠷ ᠠᠩᠬᠠᠷᠤᠯ ᠵᠢᠡᠨ ᠲᠦᠪᠯᠡᠷᠡᠭᠦᠯᠬᠦ ᠪᠠ ᠬᠦᠴᠦᠨ᠎ᠢᠶᠡᠨ ᠲᠥᠪᠯᠡᠷᠡᠭᠦᠯᠬᠦ᠌ ᠬᠡᠷᠡᠭ᠌ᠲᠡᠢ᠃ ᠴᠢᠩᠭ᠎ᠠ ᠬᠢᠨᠠᠵᠤ ᠪᠣᠳᠠᠲᠠᠶ ᠵᠢᠯᠣᠭᠣᠳᠴᠤ᠌᠂ ᠠᠳᠠᠯᠢ ᠰᠡᠳᠦᠪ᠎ᠢ ᠬᠠᠮᠲᠤ᠎ᠪᠠᠷ ᠬᠠᠷᠢᠭᠤᠯᠬᠤ᠎ᠶ᠋ᠢ ᠪᠠᠷᠢᠮᠲᠠᠯᠠᠵᠤ᠂ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠨᠡᠢᠲᠡᠯᠢᠭ ᠵᠢᠱ᠌ᠢᠶ᠎ᠡ ᠵᠢ ᠠᠳᠬᠤᠬᠤ ᠤᠳᠤᠬᠢ ᠬᠡᠷᠡᠭᠵᠢᠬᠦᠯᠤᠯᠳᠠ ᠵᠢ ᠠᠳᠬᠤᠬᠤ ᠵᠠᠷᠯᠠᠨ ᠮᠡᠳᠡᠭᠳᠡᠬᠦ᠎ᠶ᠋ᠢ ᠠᠳᠬᠤᠬᠤ ᠳ᠋ᠤ ᠬᠦᠴᠤᠨ ᠵᠢᠠᠨ ᠲᠦᠪᠯᠡᠷᠡᠬᠦᠯᠵᠦ᠂ ᠠᠰᠠᠭᠤᠳᠠᠯ᠎ᠤᠨ ᠵᠠᠩᠭᠢᠯᠠᠭ᠎ᠠ᠎ᠶ᠋ᠢ ᠣᠨᠣᠪᠴᠢᠲᠠᠶ ᠤᠢᠯᠠᠭᠠᠨ ᠨᠡᠪᠲᠡᠷᠡᠲᠡᠯ᠎ᠡ ᠣᠢᠯᠠᠭᠠᠵᠤ᠂ ᠠᠷᠭᠠᠴᠠᠭᠠᠬᠤ ᠪᠣᠳᠣᠯᠭ᠎ᠠ ᠪᠠ ᠰᠠᠨᠠᠭᠤᠯᠭ᠎ᠠ᠎ᠶ᠋ᠢ ᠣᠨᠣᠪᠴᠢᠲᠠᠶ ᠪᠥᠭᠡᠳ ᠪᠣᠳᠠᠲᠠᠶ ᠳᠤᠷᠠᠳᠭᠤ ᠬᠡᠷᠡᠭ᠌ᠲᠡᠶ᠃ ᠬᠣᠯᠪᠣᠭ᠍ᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ᠎ᠦᠨ ᠬᠢᠨ ᠠᠰᠠᠭᠤᠳᠠᠯ᠎ᠳᠤ ᠵᠥᠪ᠎ᠢᠶᠡᠷ ᠬᠠᠨᠳᠤᠬᠤ᠂ ᠬᠢᠳᠤᠭᠠᠨᠤ ᠢᠷ᠎ᠢ ᠳᠣᠲᠣᠭ᠍ᠰᠢ ᠬᠠᠨᠳᠤᠭᠤᠯᠬᠤ ᠰᠥᠰᠥ᠍ ᠵᠣᠷᠢᠭ᠎ᠢᠶᠠᠷ᠂ ᠬᠢᠨᠠᠨ ᠵᠢᠯᠣᠭᠣᠳᠭᠤ᠎ᠶ᠋ᠢ ᠬᠦᠯᠢᠶᠡᠬᠦ᠌᠎ᠪᠡᠷ ᠠᠵᠠ ᠲᠣᠬᠢᠶᠠᠯ ᠪᠣᠯᠭᠠᠵᠤ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠬᠦ᠌ ᠬᠡᠷᠡᠭ᠌ᠲᠡᠢ᠃ ᠡᠯ᠎ᠡ ᠱᠠᠲᠤᠨ᠎ᠤ᠎ᠬᠢᠨ ᠰᠤᠷᠤᠯᠴᠠᠯᠭ᠎ᠠ ᠬᠥᠮᠦᠵᠢᠯ ᠪᠣᠯᠤᠨ ᠭᠣᠣᠯ ᠠᠵᠢᠯ᠎ᠢ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌᠎ᠶ᠋ᠢ ᠠᠵᠢᠯ᠎ᠢᠶᠠᠨ ᠲᠥᠯᠥᠪᠵᠢᠭᠦᠯᠬᠦ᠌᠂ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ᠂ ᠦᠷ᠎ᠡ ᠪᠦᠲᠦᠮᠵᠢ᠎ᠶ᠋ᠢ ᠱᠢᠯᠭᠠᠬᠤ ᠪᠦᠬᠦ᠌ ᠶᠠᠪᠤᠴᠠ᠎ᠳᠤ ᠠᠭᠤᠰᠤᠯᠴᠠᠭᠤᠯᠵᠤ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠦᠨᠡᠨ ᠬᠦ᠌ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠥᠳᠡᠯᠭᠡᠬᠦ᠌ ᠬᠦᠴᠦᠨ ᠪᠣᠯᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭ᠌ᠲᠡᠢ ᠭᠡᠵᠦ᠍ ᠲᠤᠭᠳᠠᠭᠠᠪᠠ᠃
ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃