ᠣᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ ᠵᠢᠨ ᠫᠢᠩ ᠱᠠᠩᠬᠠᠶ᠎ᠶ᠋ᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠂ ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠂ ᠪᠠᠷᠠᠭᠤᠨ ᠡᠮᠦᠨᠡᠲᠦ᠍᠎ᠶ᠋ᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠂ ᠪᠡᠭᠡᠵᠢᠩ᠎ᠦᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠶ᠋ᠢᠨ ᠪᠥᠬᠥ᠌ ᠪᠠᠭ᠍ᠰᠢ ᠰᠤᠷᠤᠭ᠍ᠴᠢᠳ᠎ᠲᠤ ᠬᠠᠷᠢᠭᠤ ᠵᠠᠬᠢᠳᠠᠯ ᠢᠯᠡᠭᠡᠵᠦ᠍᠂ ᠰᠤᠷᠭᠠᠭᠤᠯᠢ᠎ᠶ᠋ᠢᠨ ᠬᠥᠭ᠌ᠵᠢᠯᠲᠡ᠎ᠳᠦ ᠴᠢᠩ ᠰᠡᠳᠭᠢᠯ᠎ᠦᠨ ᠬᠦᠰᠡᠯ ᠨᠠᠢᠳᠠᠯᠭ᠎ᠠ ᠳᠤᠷᠠᠳᠪᠠ᠃
ᠰᠢ ᠵᠢᠨ ᠫᠢᠩ᠂ ᠲᠠᠨ᠎ᠤ ᠲᠦᠷᠪᠡᠨ ᠶᠡᠬᠡ ᠳᠡᠭᠡᠳᠦ ᠰᠤᠷᠭᠠᠭᠤᠯᠢ ᠤᠭ ᠦᠨᠳᠦᠰᠦ ᠨᠢᠭᠡᠲᠡᠢ ᠶᠤᠮ᠂ ᠡᠨᠡ ᠵᠢᠯ ᠰᠤᠷᠭᠠᠭᠤᠯᠢ ᠪᠠᠢᠭᠤᠯᠤᠭ᠍ᠳᠠᠭ᠍ᠰᠠᠨ 130 ᠵᠢᠯ᠎ᠦᠨ ᠤᠢ᠎ᠪᠠᠨ ᠬᠠᠮᠲᠤ᠎ᠪᠠᠷ ᠤᠭ᠍ᠲᠤᠬᠤ ᠪᠤᠯᠤᠯ᠎ᠠ᠂ ᠡᠨᠳᠡ ᠪᠦᠬᠦ᠌ ᠪᠠᠭ᠍ᠰᠢ ᠰᠤᠷᠤᠬ᠍ᠴᠢ ᠠᠵᠢᠯᠳᠠᠨ᠂ ᠥᠷᠭᠡᠨ ᠤᠯᠠᠨ ᠰᠤᠷᠭᠠᠭᠤᠯᠢ᠎ᠶ᠋ᠢᠨ ᠠᠨᠳᠠ᠎ᠳᠤ ᠪᠠᠶᠠᠷ ᠬᠦᠷᠭᠡᠵᠦ᠍ ᠪᠠᠢᠨ᠎ᠠ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠲᠠ ᠨᠠᠷ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ 《ᠪᠣᠳᠠᠲᠠᠢ ᠰᠤᠷᠤᠯᠴᠠᠬᠤ᠎ᠶ᠋ᠢ ᠡᠷᠬᠢᠮᠯᠡᠬᠦ᠌᠂ ᠪᠣᠳᠠᠲᠠᠢ ᠦᠢᠯᠡᠰᠢᠡᠷᠬᠢᠮᠯᠡᠬᠦ᠌》 ᠰᠤᠷᠭᠠᠭᠤᠯᠢ ᠡᠷᠬᠢᠯᠡᠬᠦ᠌ ᠵᠣᠷᠢᠯᠲᠠ᠎ᠶ᠋ᠢ ᠪᠠᠷᠢᠮᠲᠠᠯᠠᠵᠤ᠂ ᠪᠠᠷᠠᠭᠤᠨᠰᠢ ᠨᠡᠭᠦᠭᠰᠡᠨ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠵᠤ᠂ ᠤᠯᠤᠰ᠎ᠤᠨ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠪᠠ ᠴᠢᠳᠠᠪᠤᠷᠢᠲᠠᠨ᠎ᠤ ᠪᠡᠶ᠎ᠡ᠎ᠪᠡᠨ ᠳᠠᠭᠠᠭᠠᠵᠤ ᠬᠥᠮᠦᠵᠢᠭᠦᠯᠬᠦ᠌᠎ᠶ᠋ᠢ ᠴᠢᠩᠭᠠᠳᠭᠠᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠤ ᠭᠦᠨᠵᠡᠭᠡᠢ ᠠᠭᠤᠰᠤᠯᠴᠠᠯ᠎ᠢ ᠠᠬᠢᠭᠤᠯᠬᠤ ᠲᠠᠯ᠎ᠠ᠎ᠪᠠᠷ ᠨᠡᠩ ᠤᠯᠠᠨ ᠱᠢᠪᠲᠤᠯᠤᠯᠲᠠ ᠭᠠᠷᠭᠠᠵᠤ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ᠎ᠳᠤ ᠱᠢᠨ᠎ᠡ ᠬᠤᠪᠢ ᠨᠡᠮᠡᠷᠢ ᠦᠵᠡᠭᠦᠯᠬᠦ᠌᠎ᠶ᠋ᠢ ᠬᠦᠰᠡᠵᠦ᠍ ᠪᠠᠢᠨ᠎ᠠ ᠭᠡᠵᠦ᠍ ᠴᠢᠬᠤᠯᠠᠴᠢᠯᠠᠪᠠ᠃
ᠱᠠᠩᠬᠠᠶ᠎ᠶ᠋ᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠂ ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠂ ᠪᠠᠷᠠᠭᠤᠨ ᠡᠮᠦᠨᠡᠲᠦ᠍᠎ᠶ᠋ᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠂ ᠪᠡᠭᠡᠵᠢᠩ᠎ᠦᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ ᠪᠣᠯ ᠲᠣᠰ ᠲᠣᠰ 1896 ᠣᠨ᠎ᠳᠤ ᠪᠠᠢᠭᠤᠯᠤᠭ᠍ᠳᠠᠭ᠍ᠰᠠᠨ ᠡᠮᠦᠨᠡᠲᠦ ᠲᠡᠯᠡᠶ᠎ᠶ᠋ᠢᠨ ᠠᠯᠪᠠᠨ᠎ᠤ ᠰᠤᠷᠭᠠᠭᠤᠯᠢ᠂ ᠤᠮᠠᠷᠠᠲᠤ᠎ᠶ᠋ᠢᠨ ᠲᠡᠮᠦᠷ ᠵᠠᠮ᠎ᠤᠨ ᠠᠯᠪᠠᠨ ᠰᠤᠷᠭᠠᠭᠤᠯᠢ ᠪᠠ 1909 ᠣᠨ᠎ᠳᠤ ᠪᠠᠢᠭᠤᠯᠤᠭ᠍ᠳᠠᠭ᠍ᠰᠠᠨ ᠲᠡᠮᠦᠷ ᠵᠠᠮ᠎ᠤᠨ ᠬᠠᠮᠢᠶᠠᠷᠤᠯᠲᠠ᠎ᠶ᠋ᠢᠨ ᠵᠢᠭᠠᠬᠤ ᠰᠤᠷᠬᠤ ᠭᠠᠵᠠᠷ ᠪᠠᠢᠵᠤ᠂ 1921 ᠣᠨ᠎ᠳᠤ ᠨᠡᠢᠯᠡᠭᠦᠯᠦᠭᠡᠳ ᠵᠠᠮ ᠬᠠᠷᠢᠯᠴᠠᠭᠠᠨ᠎ᠤ ᠶᠡᠬᠡ ᠰᠤᠷᠭᠠᠭᠤᠯᠢ ᠪᠣᠯᠭᠠᠵᠠᠶ᠃ ᠣᠢᠷ᠎ᠠ᠎ᠳᠤ᠂ ᠳᠥᠷᠪᠡᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠶ᠋ᠢᠨ ᠪᠥᠬᠥ᠌ ᠪᠠᠭ᠍ᠰᠢ ᠰᠤᠷᠤᠭ᠍ᠴᠢᠳ ᠶᠡᠷᠦᠩᠬᠡᠶ ᠱᠦᠵᠢ ᠰᠢ ᠵᠢᠨ ᠫᠢᠩ᠎ᠳᠦ ᠵᠠᠬᠢᠳᠠᠯ ᠪᠢᠴᠢᠵᠦ᠍᠂ ᠰᠤᠷᠭᠠᠭᠤᠯᠢ᠎ᠶ᠋ᠢᠨ 130 ᠵᠢᠯ᠎ᠦᠨ ᠬᠥᠭ᠌ᠵᠢᠯᠲᠡ᠎ᠶ᠋ᠢᠨ ᠶᠠᠪᠤᠴᠠ ᠪᠠ ᠰᠤᠷᠭᠠᠭᠤᠯᠢ ᠡᠷᠭᠢᠯᠡᠭ᠌ᠰᠡᠨ ᠠᠮᠵᠢᠯᠲᠠ ᠪᠦᠲᠦᠮᠵᠢ᠎ᠪᠡᠨ ᠬᠠᠷᠢᠭᠤ ᠮᠡᠳᠡᠭᠦᠯᠵᠦ᠍᠂ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠲᠦ ᠬᠦᠴᠦᠨ ᠴᠢᠳᠠᠯ᠎ᠢᠶᠠᠨ ᠡᠷᠭᠦᠬᠦ᠌ ᠵᠣᠷᠢᠭ᠎ᠢᠶᠠᠨ ᠢᠯᠡᠳᠭᠡᠭ᠌ᠰᠡᠨ ᠪᠠᠢᠨ᠎ᠠ᠃
(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 4 ᠰᠠᠷ᠎ᠠ᠎ᠶ᠋ᠢᠨ 7᠎ᠤ᠋ ᠴᠠᠬᠢᠯᠭᠠᠨ ᠮᠡᠳᠡᠭᠡ)