ᠰᠤᠷᠪᠤᠯᠵᠢᠯᠠᠭᠴᠢ ᠦᠪᠦᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠡᠴᠡ ᠤᠢᠯᠠᠭᠠᠭᠰᠠᠨ ᠢ᠋ᠢᠡᠷ᠂ ᠰᠠᠶᠢᠬᠠᠨ ᠦᠩᠬᠡᠷᠡᠭᠰᠡᠨ ᠬᠠᠡᠭᠰᠢ ᠢ᠋ᠢᠨ ᠠᠮᠠᠷᠠᠯᠲᠠ ᠵᠢᠨ ᠬᠤᠭᠤᠴᠠᠭᠠᠨ ᠳ᠋ᠤ ᠥᠪᠥᠷ ᠮᠣᠩᠭᠣᠯ ᠤ᠋ᠨ ᠣᠷᠣᠨ ᠪᠦᠰᠡ ᠠᠯᠤᠰᠯᠠᠨ ᠵᠤᠷᠴᠢᠬᠰᠠᠨ ᠠᠶᠠᠨᠴᠢᠨ 1245.99 ᠲᠦᠮᠡᠨ ᠬᠥᠮᠦᠨ ᠤᠳᠠᠭ᠎ᠠ ᠳ᠋ᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 8.76% ᠪᠡᠷ ᠨᠡᠮᠡᠭᠳᠡᠨ᠂ ᠲᠡᠦᠬᠡ ᠢ᠋ᠢᠨ ᠠᠳᠠᠯᠢ ᠬᠤᠭᠤᠴᠠᠭᠠᠨ ᠤ᠋ ᠱᠢᠨ᠎ᠡ ᠲᠡᠮᠳᠡᠭ᠌ᠯᠡᠯ ᠢ᠋ ᠡᠭᠦᠳᠪᠡ᠃
ᠡᠨᠡ ᠵᠢᠯ ᠤ᠋ᠨ ᠬᠠᠡᠭᠰᠢ ᠢ᠋ᠢᠨ ᠠᠮᠠᠷᠠᠯᠲᠠ ᠵᠢᠨ ᠬᠤᠭᠤᠴᠠᠭᠠᠨ ᠳ᠋ᠤ᠂ ᠮᠠᠨ ᠤ᠋ ᠣᠷᠣᠨ ᠤ᠋ ᠡᠵᠡᠩᠨᠡᠯᠲᠡ ᠢ᠋ᠢᠨ ᠴᠢᠨᠠᠷᠲᠠᠶ ᠠᠶᠠᠨᠴᠢᠳ ᠤ᠋ᠨ ᠵᠦᠭᠡᠭᠡᠪᠦᠷᠢ ᠢ᠋ᠢᠨ ᠬᠡᠮᠵᠢᠶ᠎ᠠ 247.75 ᠲᠦᠮᠡᠨ ᠬᠥᠮᠦᠨ ᠤᠳᠠᠭ᠎ᠠ ᠳ᠋ᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 11.50% ᠪᠡᠷ ᠨᠡᠮᠡᠭ᠌ᠳᠡᠪᠡ᠃ ᠡᠭᠦᠨ ᠳ᠋ᠤ᠂ ᠲᠡᠮᠦᠷ ᠵᠠᠮ ᠤ᠋ᠨ ᠠᠶᠠᠨᠴᠢᠳ ᠤ᠋ᠨ ᠵᠥᠭᠡᠭᠡᠪᠦᠷᠢ ᠢ᠋ᠢᠨ ᠬᠡᠮᠵᠢᠶ᠎ᠡ 79.72 ᠲᠦᠮᠡᠨ ᠬᠥᠮᠦᠨ ᠤᠳᠠᠭ᠎ᠠ ᠳ᠋ᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 10.88% ᠪᠡᠷ ᠨᠡᠮᠡᠭ᠌ᠳᠡᠪᠡ; ᠵᠠᠰᠠᠮᠠᠯ ᠵᠠᠮ ᠤ᠋ᠨ ᠠᠶᠠᠨᠴᠢᠳ ᠤ᠋ᠨ ᠵᠦᠭᠡᠭᠡᠪᠦᠷᠢ ᠢ᠋ᠢᠨ ᠬᠡᠮᠵᠢᠶ᠎ᠡ 149.98 ᠲᠦᠮᠡᠨ ᠬᠥᠮᠦᠨ ᠤᠳᠠᠭ᠎ᠠ ᠳ᠋ᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 14.12% ᠢ᠋ᠢᠡᠷ ᠨᠡᠮᠡᠭ᠌ᠳᠡᠪᠡ; ᠠᠷᠠᠳ ᠤ᠋ᠨ ᠠᠭᠠᠷ ᠤ᠋ᠨ ᠲᠡᠭᠡᠭᠡᠪᠦᠷᠢ ᠢ᠋ᠢᠨ ᠠᠶᠠᠨᠴᠢᠳ ᠤ᠋ᠨ ᠵᠦᠭᠡᠭᠡᠪᠦᠷᠢ ᠢ᠋ᠢᠨ ᠬᠡᠮᠵᠢᠶ᠎ᠡ 18.06 ᠲᠦᠮᠡᠨ ᠬᠥᠮᠦᠨ ᠤᠳᠠᠭ᠎ᠠ ᠳ᠋ᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 4.34% ᠪᠡᠷ ᠪᠠᠭᠤᠷᠠᠬᠰᠠᠨ ᠪᠠᠢᠨ᠎ᠠ᠃
ᠡᠨᠡ ᠵᠢᠯ ᠤ᠋ᠨ ᠬᠠᠡᠭᠰᠢ ᠢ᠋ᠢᠨ ᠠᠮᠠᠷᠠᠯᠲᠠ ᠵᠢᠨ ᠬᠤᠭᠤᠴᠠᠭᠠᠨ ᠳ᠋ᠤ᠂ ᠪᠦᠬᠦ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠰᠠᠯᠠᠭ᠎ᠠ ᠮᠦᠴᠢᠷ ᠤ᠋ᠨ ᠬᠢᠨ ᠠᠶᠠᠨᠴᠢᠳ ᠤ᠋ᠨ ᠤᠷᠤᠰᠬᠠᠯ ᠢ᠋ ᠤᠷᠢᠳᠴᠢᠯᠡᠨ ᠰᠤᠳᠤᠯᠤᠨ ᠮᠠᠭᠠᠳᠯᠠᠵᠤ᠂ ᠵᠦᠭᠡᠭᠡᠪᠦᠷᠢ ᠢ᠋ᠢᠨ ᠬᠦᠴᠦᠨ ᠢ᠋ ᠰᠢᠨᠵᠢᠯᠡᠬᠦ ᠤᠬᠠᠭᠠᠨᠴᠢ ᠪᠡᠷ ᠲᠤᠬᠢᠷᠠᠭᠤᠯᠤᠨ᠂ ᠳᠤᠲᠤᠭᠠᠳᠤ ᠢ᠋ᠢ ᠬᠠᠮᠠᠭᠠᠯᠠᠬᠤ ᠪᠠ ᠴᠠᠭ ᠠᠭᠤᠷ ᠤ᠋ᠨ ᠰᠠᠯᠠᠭ᠎ᠠ ᠮᠦᠴᠢᠷ ᠯᠤᠬᠡ ᠬᠣᠯᠪᠣᠭᠠᠯᠠᠨ ᠬᠥᠳᠡᠯᠦᠯᠴᠡᠵᠦ᠍᠂ ᠪᠥᠬᠥ᠌ ᠣᠷᠣᠨ ᠤ᠋ 12 ᠠᠢᠮᠠᠭ ᠬᠣᠲᠠ ᠳ᠋ᠤ ᠵᠠᠮ ᠬᠠᠷᠢᠯᠴᠠᠭᠠᠨ ᠤ᠋ ᠠᠮᠤᠷ ᠲᠦᠪᠱᠢᠨ ᠤ᠋ ᠶᠡᠷᠦᠩᠬᠡᠢᠯᠡᠭ᠌ᠰᠡᠨ ᠵᠠᠰᠠᠯᠲᠠ ᠥᠷᠨᠢᠭᠦᠯᠪᠡ; ᠴᠠᠬᠢᠯᠭᠠᠨ ᠴᠡᠨᠡᠭ᠌ᠯᠡᠬᠦ᠌ ᠲᠦᠬᠦᠭᠡᠷᠦᠮᠵᠢ ᠢ᠋ᠢ ᠠᠵᠢᠯᠯᠠᠭᠤᠯᠵᠤ ᠬᠠᠮᠠᠭᠠᠯᠠᠬᠤ ᠵᠢᠴᠢ ᠲᠣᠭᠣᠷᠢᠨ ᠪᠠᠢᠴᠠᠭᠠᠬᠤᠠᠵᠢᠯᠲᠠᠨ ᠢ᠋ 1342 ᠬᠥᠮᠦᠨ ᠤᠳᠠᠭ᠎ᠠ ᠲᠣᠬᠢᠷᠠᠭᠤᠯᠵᠤ᠂ ᠴᠠᠭ ᠠᠭᠤᠷ ᠤ᠋ᠨ ᠬᠤᠪᠢᠷᠠᠯᠲᠠ᠂ ᠪᠠᠴᠢᠮ ᠪᠠᠢᠳᠠᠯ ᠢ᠋ ᠠᠷᠭᠠᠴᠠᠭᠠᠬᠤ ᠬᠦᠴᠦᠨ ᠤ᠋ ᠨᠠᠷᠢᠨ ᠲᠠᠩᠰᠠ ᠪᠠᠢᠭᠤᠯᠵᠤ᠂ ᠲᠣᠭᠣᠷᠢᠨ ᠪᠠᠢᠴᠠᠭᠠᠬᠤ ᠠᠵᠢᠯᠲᠠᠨ ᠢ᠋ 235 ᠬᠦᠮᠦᠨ ᠤᠳᠠᠭ᠎ᠠ ᠲᠤᠬᠢᠷᠠᠭᠤᠯᠵᠠᠢ᠃ ᠪᠠᠰᠠ 12328 ᠬᠠᠯᠠᠮᠱᠢᠯ ᠤᠲᠠᠰᠤ ᠪᠡᠷ ᠨᠡᠢᠲᠡ 3621 ᠬᠤᠪᠢ ᠲᠤᠬᠠᠢᠯᠠᠭ᠍ᠰᠠᠨ ᠠᠵᠢᠯ ᠢ᠋ ᠭᠥᠯᠢᠶᠡᠨ ᠠᠪᠴᠤ᠌᠂ 3162 ᠬᠤᠪᠢ ᠢ᠋ᠢ ᠨᠢ ᠲᠡᠷᠡ ᠳᠠᠷᠤᠶ ᠳ᠋ᠤᠨᠢ ᠱᠢᠶ᠋ᠳᠪᠦᠷᠢᠯᠡᠨ ᠳᠠᠭᠤᠰᠭᠠᠵᠤ᠂ ᠱᠢᠶ᠋ᠳᠪᠦᠷᠢᠯᠡᠵᠦ᠍ ᠳᠠᠭᠤᠰᠭᠠᠭ᠍ᠰᠠᠨ ᠨᠣᠷᠮ᠎ᠠ 87.32% ᠲᠸ᠋ ᠬᠦᠷᠴᠡᠶ᠃