《061987!》᠂ 《ᠪᠠᠢᠨ᠎ᠠ!》 ᠭᠡᠬᠦ ᠲᠠᠭᠤᠨ 8 ᠵᠢᠯ ᠱᠢᠬᠠᠮ᠎ᠤᠨ ᠴᠠᠭ᠎ᠢ ᠥᠩᠭᠡᠷᠡᠭᠦᠯᠪᠡ᠂ ᠨᠢᠭᠡ ᠯᠡ ᠦᠭᠡᠨ᠎ᠦ ᠬᠠᠷᠢᠭᠤ ᠨᠢ ᠬᠣᠶᠠᠷ ᠦᠶ᠎ᠡ᠎ᠶ᠋ᠢᠨ ᠬᠢᠨ᠎ᠦ ᠬᠠᠷᠢᠭᠤᠴᠠᠯᠭ᠎ᠠ ᠡᠭᠦᠷᠭᠡᠯᠡᠯ᠎ᠢ ᠠᠴᠢᠶᠠᠯᠠᠵᠦ ᠪᠠᠢᠳᠠᠭ᠃ 4 ᠰᠠᠷ᠎ᠠ᠎ᠶ᠋ᠢᠨ 3᠎ᠤ᠋ ᠡᠳᠦᠷ᠂ ᠬᠥᠯᠥᠨ ᠪᠣᠢᠷ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠬᠠᠢᠯᠠᠷᠲᠠᠬᠢ ᠬᠤᠪᠢᠶᠠᠷᠢ ᠲᠣᠪᠴᠢᠶ᠎ᠠ᠎ᠳᠦ ᠰᠦᠷ ᠲᠠᠯᠠᠢᠴᠠᠳᠠᠢ 《ᠴᠠᠭᠳᠠᠭ᠎ᠠ ᠵᠢᠨ ᠳ᠋ᠤᠭᠠᠷ᠎ᠢ ᠰᠡᠷᠭᠦᠭᠡᠬᠦ》 ᠶᠣᠰᠣᠯᠠᠯ ᠶᠠᠪᠤᠭ᠍ᠳᠠᠯ᠎ᠠ᠃ ᠠᠯᠪᠠᠨ ᠶᠠᠪᠤᠳᠠᠯ᠎ᠢᠶᠠᠷ ᠪᠡᠶ᠎ᠡ ᠦᠷᠡᠭ᠌ᠳᠡᠭ᠌ᠰᠡᠨ ᠡᠷᠡᠭᠦᠦ᠍᠎ᠶ᠋ᠢᠨ ᠴᠠᠭ᠍ᠳᠠᠭ᠎ᠠ᠂ ᠪᠦᠬᠦ᠌ ᠤᠯᠤᠰ᠎ᠤᠨ ᠳᠣᠲᠣᠭᠠᠳᠤ᠎ᠶ᠋ᠢ ᠬᠠᠮᠠᠭᠠᠯᠠᠬᠤ ᠱᠢᠰᠲ᠋ᠧᠮ᠎ᠦᠨ ᠬᠣᠶᠠᠳᠤᠭᠠᠷ ᠳᠡᠰ᠎ᠤᠨ ᠪᠠᠭᠠᠲᠤᠷ ᠵᠢᠱ᠌ᠢᠶᠠᠴᠢ ᠯᠢᠶᠣᠤ ᡁᠢ ᠬᠤᠢ᠎ᠶ᠋ᠢᠨ ᠴᠠᠭᠳᠠᠭ᠎ᠠ ᠵᠢᠨ ᠳ᠋ᠤᠭᠠᠷ 061987 ᠵᠢ ᠳᠡᠬᠦᠨ᠎ᠦ ᠬᠦᠦ ᠯᠢᠶᠣᠤ ᠵᠢᠶᠦ᠋ᠨ ᠪᠥᠸᠧ᠎ᠶ᠋ᠢᠨ ᠡᠩᠭᠡᠷ᠎ᠲᠦ ᠵᠢᠩᠬᠢᠨᠢ᠎ᠪᠡᠷ ᠵᠡᠭᠦᠯᠭᠡᠭᠰᠡᠨ ᠪᠠᠢᠨ᠎ᠠ᠃
061987 ᠴᠠᠭᠳᠠᠭ᠎ᠠ ᠵᠢᠨ ᠳ᠋ᠤᠭᠠᠷ᠂ ᠯᠢᠶᠣᠤ ᡁᠢ ᠬᠤᠢᠳ᠋ᠦ᠍ ᠪᠠᠷ᠎ᠠ ᠪᠣᠯᠵᠤ 22 ᠵᠢᠯ᠎ᠦᠨ ᠴᠠᠭ᠍ᠳᠠᠭᠠᠨ᠎ᠤ ᠠᠶᠠᠯᠠᠯ᠎ᠢ ᠥᠩᠭᠡᠷᠡᠭᠦᠯᠪᠡ᠃ ᠠᠮᠢᠳᠤ ᠪᠠᠢᠬᠤ᠎ᠳᠠᠭᠠᠨ᠂ ᠲᠡᠷᠡ ᠭᠡᠭᠡᠨ ᠭᠣᠣᠯ ᠬᠤᠳᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠢ᠎ᠠ᠎ᠶ᠋ᠢᠨ ᠡᠷᠡᠭᠦᠦ᠍᠎ᠶ᠋ᠢᠨ ᠴᠠᠭ᠍ᠳᠠᠭ᠎ᠠ᠎ᠶ᠋ᠢᠨ ᠶᠡᠬᠡ ᠠᠩᠬᠢ᠎ᠶ᠋ᠢᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ᠍᠂ ᠨᠠᠰᠤᠨ ᠲᠤᠷᠱᠢᠳᠠ᠎ᠶ᠋ᠢᠨ ᠤᠶᠤᠨ ᠤᠬᠠᠭᠠᠨ ᠬᠦᠴᠦᠨ ᠴᠢᠳᠠᠯ᠎ᠢᠶᠠᠨ ᠳᠣᠲᠣᠭᠠᠳᠤ᠎ᠶ᠋ᠢ ᠬᠠᠮᠠᠭᠠᠯᠠᠬᠤ ᠡᠷᠡᠭᠦᠦ᠍᠎ᠶ᠋ᠢᠨ ᠲᠠᠨᠭᠨᠠᠨ ᠪᠠᠢᠴᠠᠭᠠᠬᠤ ᠦᠢᠯᠡᠰ᠎ᠲᠦ ᠵᠣᠷᠢᠭᠤᠯᠪᠠ᠃ 2018 ᠣᠨ᠎ᠳᠤ᠂ ᠯᠢᠶᠣᠤ ᡁᠢ ᠬᠤᠢ ᠨᠢᠬᠡᠨ ᠬᠡᠷᠡᠭ᠎ᠢ ᠲᠠᠩᠨᠠᠨ ᠪᠠᠢᠴᠠᠭᠠᠬᠤ᠎ᠳᠤ ᠬᠠᠮᠵᠢᠯᠴᠠᠵᠤ ᠪᠠᠢᠭᠠᠳ ᠵᠣᠯ ᠪᠤᠰᠤ᠎ᠪᠠᠷ ᠪᠡᠶ᠎ᠡ ᠦᠷᠡᠭ᠌ᠳᠡᠵᠦ᠍᠂ 45 ᠨᠠᠰᠤ ᠲᠠᠢ ᠬᠤᠷᠤ᠎ᠠ ᠡᠴᠡ ᠰᠠᠯᠵᠠᠢ᠃ ᠲᠡᠷᠡ ᠬᠥᠮᠦᠰ᠎ᠦᠨ ᠰᠡᠳᠭᠢᠯ᠎ᠢ ᠳᠣᠭ᠍ᠳᠣᠯᠤᠭᠤᠯᠤᠮ᠎ᠠ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠤᠯᠠ ᠮᠥᠷ᠎ᠢ ᠦᠯᠡᠳᠡᠭᠡᠪᠡ — ᠡᠯ᠎ᠡ ᠲᠥᠷᠥᠯ᠎ᠦᠨ ᠡᠷᠡᠭᠦᠦ᠍᠎ᠶ᠋ᠢᠨ ᠬᠡᠷᠡᠭ᠎ᠢ 5000 ᠭᠠᠷᠤᠶ ᠱᠢᠶ᠋ᠳᠪᠦᠷᠢᠯᠡᠵᠦ᠍᠂ ᠤᠷᠭᠤᠲᠠᠭᠤᠯ ᠶᠠᠯᠠᠳᠠᠨᠢ ᠨᠡᠬᠡᠮᠵᠢᠯᠡᠭᠰᠡᠨ ᠠᠶᠠᠨ ᠨᠢ 200 ᠭᠠᠷᠤᠶ ᠲᠦᠮᠡᠨ ᠺᠢᠯᠣᠮᠧᠲ᠋ᠷ᠎ᠲᠦ ᠬᠦᠷᠴᠦ᠍᠂ ᠪᠥᠬᠥ᠌ ᠤᠯᠤᠰ᠎ᠤᠨ 30 ᠭᠠᠷᠤᠶ ᠮᠤᠵᠢ ᠣᠷᠣᠨ ᠬᠣᠲᠠ᠎ᠵᠢ ᠠᠯᠤᠰᠯᠠᠨ᠂ ᠤᠯᠤᠰ ᠣᠷᠣᠨ ᠪᠠ ᠠᠷᠠᠳ ᠲᠦᠮᠡᠨ᠎ᠳ᠋ᠤ 5000 ᠭᠠᠷᠤᠶ ᠲᠦᠮᠡᠨ ᠲᠥᠭᠥᠷᠢᠭ᠎ᠦᠨ ᠠᠵᠤ ᠠᠬᠤᠶ᠎ᠶ᠋ᠢᠨ ᠬᠣᠬᠢᠷᠠᠯ᠎ᠢ ᠡᠭᠡᠭᠦᠯᠦᠨ ᠠᠪᠴᠢᠷᠠᠵᠤ ᠦᠭᠪᠡ᠃ ᠤᠷᠢᠳ ᠬᠣᠵᠢᠳ ᠬᠤᠪᠢ ᠬᠥᠮᠦᠨ᠎ᠦ ᠬᠣᠶᠠᠳᠤᠭᠠᠷ ᠳᠡᠰ᠎ᠤᠨ ᠭᠠᠪᠢᠶ᠎ᠠ 1 ᠤᠳᠠᠭ᠎ᠠ᠂ ᠭᠤᠷᠪᠠᠳᠤᠭᠠᠷ ᠳᠡᠰ᠎ᠤᠨ ᠭᠠᠪᠢᠶ᠎ᠠ 4 ᠤᠳᠠᠭ᠎ᠠ ᠪᠠᠢᠭᠤᠯᠪᠠ; ᠪᠡᠶ᠎ᠡ ᠦᠷᠡᠭ᠌ᠳᠡᠭ᠌ᠰᠡᠨᠦ ᠳᠠᠷᠠᠭ᠎ᠠ᠂ ᠭᠡᠭᠡᠨ ᠭᠣᠣᠯ ᠬᠤᠳᠠ᠎ᠶ᠋ᠢᠨ ᠨᠠᠮ᠎ᠤᠨ ᠬᠣᠷᠢᠢ᠎ᠠ᠎ᠡᠴᠡ ᠲᠡᠭᠦᠨ ᠳ᠋ᠤ 《ᠪᠦᠬᠦ᠌ ᠬᠤᠳᠠ᠎ᠶ᠋ᠢᠨ ᠱᠢᠯᠢᠳᠡᠭ ᠡᠪ ᠬᠠᠮᠲᠤ ᠨᠠᠮ᠎ᠤᠨ ᠭᠡᠱᠢᠭᠦᠨ》 ᠤ᠋ ᠴᠣᠯᠠ ᠵᠢ ᠨᠡᠬᠡᠮᠵᠢᠯᠡᠨ ᠣᠯᠭᠣᠵᠤ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ᠎ᠡᠴᠡ ᠲᠡᠭᠦᠨᠳ᠋ᠤ 《ᠪᠦᠬᠦ᠌ ᠤᠯᠤᠰ᠎ᠤᠨ ᠳᠣᠲᠣᠭᠠᠳᠤ᠎ᠶ᠋ᠢ ᠬᠠᠮᠠᠭᠠᠯᠠᠬᠤ ᠱᠢᠰᠲ᠋ᠧᠮ᠎ᠦᠨ ᠬᠣᠶᠠᠳᠤᠭᠠᠷ ᠳᠡᠰ᠎ᠤᠨ ᠪᠠᠭᠠᠲᠤᠷ ᠵᠢᠱ᠌ᠢᠶᠡᠴᠢ》 ᠵᠢᠨ ᠴᠣᠯᠠ ᠨᠡᠬᠡᠮᠵᠢᠯᠡᠨ ᠣᠯᠭᠣᠪᠠ᠃
《ᠠᠪᠤ᠎ᠶ᠋ᠢᠨ ᠮᠢᠨᠢ ᠴᠠᠭ᠍ᠳᠠᠭᠠᠨ ᠬᠤᠪᠴᠠᠰᠤ ᠪᠣᠯ ᠮᠢᠨᠦ᠍ ᠪᠠᠭ᠎ᠠ ᠨᠠᠰᠤᠨ᠎ᠤ ᠦᠶ᠎ᠡ᠎ᠶ᠋ᠢᠨ ᠬᠠᠮᠤᠭ᠎ᠤᠨ ᠭᠦᠨ ᠰᠠᠭᠤᠭ᠍ᠳᠠᠯ ᠲᠠᠢ ᠵᠦᠢᠯ ᠪᠣᠯᠤᠨ᠎ᠠ᠂ ᠠᠪᠤ᠎ᠶ᠋ᠢᠨ ᠪᠠᠷ᠎ᠠ ᠪᠣᠯ ᠮᠢᠨᠦ᠍ ᠨᠠᠰᠤᠨ ᠳᠤᠷᠰᠢᠳᠠ ᠬᠥᠭᠡᠭᠡᠴᠡᠯᠳᠦᠬᠦ ᠭᠡᠷᠡᠯ ᠭᠢᠯᠪᠠᠭ᠎ᠠ ᠮᠦᠨ》 ᠭᠡᠵᠦ᠍ ᠠᠪᠤ ᠵᠢᠨ ᠬᠢᠨ ᠲᠤᠬᠠᠢ ᠵᠤᠭᠤᠭᠳᠠᠬᠤ᠎ᠳᠦ ᠯᠢᠶᠣᠤ ᠵᠢᠶᠦ᠋ᠨ ᠪᠥᠸᠧ ᠵᠢᠨ ᠨᠢᠳᠦᠨ᠎ᠳᠦ ᠠᠪᠤ᠎ᠪᠠᠨ ᠳᠤᠷᠠᠰᠤᠨ ᠰᠠᠨᠠᠭᠠᠯᠵᠠᠭᠰᠠᠨ ᠪᠠᠢᠳᠠᠯ ᠢᠯᠡᠷᠡᠵᠦ ᠪᠠᠢᠯ᠎ᠠ᠃ ᠲᠡᠭᠦᠨ᠎ᠦ ᠪᠠᠭ᠎ᠠ ᠨᠠᠰᠤᠨ᠎ᠳᠤ ᠠᠪᠤ ᠨᠢ ᠬᠡᠵᠢᠶᠡᠳᠡ ᠶᠠᠭᠠᠷᠠᠤ ᠰᠠᠨᠳᠤᠷᠤᠤ᠎ᠪᠠᠷ ᠡᠷᠲᠡ ᠭᠠᠷᠴᠤ᠌ ᠣᠷᠣᠢ ᠪᠤᠴᠠᠳᠠᠭ᠃ ᠬᠡᠳᠦᠢᠪᠡᠷ ᠠᠭᠤᠯᠵᠠᠵᠤ ᠶᠠᠷᠢᠯᠴᠠᠭᠰᠠᠨ ᠨᠢ ᠴᠦᠬᠡᠨ᠂ ᠬᠠᠭᠠᠴᠠᠭᠰᠠᠨ ᠴᠠᠭ ᠨᠢ ᠤᠷᠳᠤ ᠪᠤᠯᠪᠠᠴᠤ ᠯᠢᠶᠣᠤ ᡁᠢᠬᠤᠢ ᠶ᠋ᠢᠨ ᠪᠡᠶ᠎ᠡ ᠳᠡᠭᠡᠷᠡᠬᠢ ᠠᠷᠠᠳ᠎ᠤᠨ ᠲᠥᠯᠥᠭᠡ ᠵᠢᠳᠬᠦᠬᠦ᠌ ᠰᠤᠷᠲᠠᠯ᠂ ᠰᠡᠳᠭᠢᠯ᠎ᠳᠡᠬᠢ ᠬᠠᠷᠢᠭᠤᠴᠠᠯᠭ᠎ᠠ ᠡᠭᠦᠷᠭᠡᠯᠡᠯ ᠨᠢ ᠬᠦᠦ᠍᠎ᠶ᠋ᠢᠨ᠎ᠢᠶᠡᠨ ᠦᠰᠦᠨ ᠪᠣᠢᠵᠢᠯᠲᠠ᠎ᠳᠤ ᠠᠯᠢ ᠬᠡᠳᠦᠢᠨ ᠦᠯᠦ᠍ ᠮᠡᠳᠡᠭ᠌ᠳᠡᠮ᠎ᠡ᠎ᠪᠡᠷ ᠨᠡᠪᠴᠢᠨ ᠣᠷᠣᠵᠠᠢ᠃ 《ᠠᠪᠤᠲᠠᠶᠪᠠᠨ ᠠᠳᠠᠯᠢᠬᠠᠨ ᠠᠷᠠᠳ᠎ᠤᠨ ᠴᠠᠭ᠍ᠳᠠᠭ᠎ᠠ ᠪᠣᠯᠤᠨ᠎ᠠ》 ᠭᠡᠬᠦ᠌ ᠡᠨᠡ ᠬᠦ᠌ ᠪᠤᠳᠤᠯᠢ᠋ ᠯᠢᠶᠣᠤ ᠵᠢᠶᠦ᠋ᠨ ᠪᠥᠸᠧ ᠬᠠᠷᠠᠬᠠᠨ ᠪᠠᠭ᠎ᠠ᠎ᠡᠴᠡ᠎ᠪᠠᠨ ᠰᠡᠳᠭᠢᠯ ᠵᠢᠷᠦᠬᠡᠨ᠎ᠳᠡᠭᠡᠨ ᠭᠦᠨ ᠬᠠᠳᠠᠨᠭᠰᠢᠭᠤᠯᠵᠠᠢ᠃
ᠬᠤᠪᠢ ᠵᠠᠶᠠᠭᠠᠨ᠎ᠤ ᠬᠦᠨᠳᠦ ᠴᠣᠬᠢᠯᠲᠠ᠎ᠶ᠋ᠢ ᠰᠡᠷᠭᠡᠢᠯᠡᠵᠦ᠍ ᠠᠮᠵᠢᠳᠠᠭ ᠦᠭᠡᠢ᠃ ᠥᠨᠳᠥᠷ ᠳᠤᠮᠳᠠᠳᠤ᠎ᠶ᠋ᠢᠨ ᠬᠣᠶᠠᠳᠤᠭᠠᠷ ᠣᠨ ᠪᠠᠢᠬᠤ ᠳᠤᠨᠢ᠂ ᠠᠪᠤ ᠨᠢ ᠠᠯᠪᠠᠨ ᠶᠠᠪᠤᠳᠠᠯ᠎ᠢᠶᠠᠷ ᠪᠡᠶ᠎ᠡ ᠦᠷᠡᠭ᠌ᠳᠡᠭ᠌ᠰᠡᠨ ᠭᠤᠨᠢᠭ᠍ᠲᠤ ᠴᠢᠮᠡᠭᠡ ᠤᠯᠠᠮᠵᠢᠯᠠᠭ᠍ᠳᠠᠨ ᠢᠷᠡᠵᠤ᠂ ᠨᠠᠰᠤ ᠪᠠᠭ᠎ᠠ ᠯᠢᠶᠣᠤ ᠵᠢᠶᠦ᠋ᠨ ᠪᠥᠸᠧ᠎ᠶ᠋ᠢᠨ ᠰᠡᠳᠭᠢᠯ᠎ᠢ ᠨᠢᠭᠡ ᠯᠡ ᠰᠥᠨᠢ ᠵᠢᠨ ᠲᠤᠳᠤᠷ᠎ᠠ ᠬᠠᠳᠠᠭᠤᠵᠢᠭᠤᠯᠪᠠ᠃ ᠲᠡᠷᠡ ᠡᠮᠭᠡᠨᠢᠯ᠎ᠢᠶᠡᠨ ᠬᠦᠴᠦᠨ ᠪᠣᠯᠭᠠᠵᠤ᠂ ᠱᠢᠷᠭᠠᠭᠤ ᠬᠠᠲᠠᠭᠤᠵᠢᠯᠲᠠᠢ ᠰᠤᠷᠤᠯᠴᠠᠵᠦ᠍᠂ ᠳᠤᠮᠳᠠᠳᠤ ᠤᠯᠤᠰ᠎ᠤᠨ ᠠᠷᠠᠳ᠎ᠤᠨ ᠴᠠᠭ᠍ᠳᠠᠭ᠎ᠠ᠎ᠶ᠋ᠢᠨ ᠶᠡᠬᠡ ᠰᠤᠷᠭᠠᠭᠤᠯᠢ᠎ᠳᠤ ᠱᠢᠯᠭᠠᠨ ᠣᠷᠣᠪᠠ᠃ ᠰᠤᠷᠤᠯᠭ᠎ᠠ ᠲᠡᠭᠦᠰᠦᠭ᠌ᠰᠡᠨ᠎ᠦ ᠳᠠᠷᠠᠭ᠎ᠠ᠂ ᠲᠡᠷᠡ ᠡᠨᠡ ᠬᠦ᠌ ᠠᠪᠤ ᠵᠢᠨ ᠵᠢᠠᠨ ᠠᠮᠢ ᠨᠠᠰᠤ᠎ᠪᠠᠷ᠎ᠢᠶᠠᠨ ᠰᠠᠬᠢᠨ ᠬᠠᠮᠠᠭᠠᠯᠠᠵᠤ ᠪᠠᠢᠭ᠎ᠠ ᠭᠠᠵᠠᠷ᠎ᠲᠤ ᠪᠤᠴᠠᠵᠤ᠂ ᠬᠥᠯᠥᠨ ᠪᠤᠢ᠌ᠷ ᠬᠤᠳᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶᠠᠨ᠎ᠤ ᠬᠠᠢᠯᠠᠷ ᠳᠡᠬᠢ ᠬᠤᠪᠢᠶᠠᠷᠢ ᠲᠣᠪᠴᠢᠶᠠᠨ᠎ᠤ ᠨᠢᠭᠡᠨ ᠦᠨᠳᠦᠰᠦᠨ ᠱᠠᠲᠤᠨ᠎ᠤ ᠨᠡᠢᠭᠡᠮ ᠲᠣᠭᠣᠷᠢᠭ᠎ᠤᠨ ᠠᠷᠠᠳ᠎ᠤᠨ ᠴᠠᠭ᠍ᠳᠠᠭ᠎ᠠ ᠪᠣᠯᠪᠠ᠃
《ᠴᠠᠭ᠍ᠳᠠᠭᠠᠨ᠎ᠤ ᠬᠤᠪᠴᠠᠰᠤ ᠡᠮᠦᠰᠦᠭ᠌ᠰᠡᠨ ᠲᠡᠷᠡ ᠮᠥᠴᠡ᠎ᠳᠦ᠂ ᠪᠢ ᠴᠠᠬᠳᠠᠭᠠᠨ ᠤ᠋ ᠨᠤᠮᠸᠷ ᠤ᠋ᠨ ᠬᠦᠨᠳᠦᠴᠡ᠎ᠶ᠋ᠢ ᠣᠢᠯᠠᠭᠠᠵᠠᠢ》᠃ ᠶᠣᠰᠣᠯᠠᠯ᠎ᠤᠨ ᠲᠤᠬᠠᠶ᠎ᠶ᠋ᠢᠨ ᠲᠠᠯᠠᠪᠠᠶ᠎ᠳᠤ᠂ 061987 ᠴᠠᠭᠳᠠᠭ᠎ᠠ ᠵᠢᠨ ᠳ᠋ᠤᠭᠠᠷ ᠯᠢᠶᠣᠤ ᠵᠢᠶᠦ᠋ᠨ ᠪᠥᠸᠧ᠎ᠶ᠋ᠢᠨ ᠡᠩᠭᠡᠷ᠎ᠲᠦ ᠬᠢᠯᠠᠯᠵᠠᠬᠤ ᠳ᠋ᠤ᠂ ᠲᠡᠭᠦᠨ᠎ᠦ ᠬᠠᠷᠠᠴᠠ᠎ᠨᠢ ᠡᠷᠡᠰ ᠪᠠᠲᠤ ᠪᠥᠭᠡᠳ ᠣᠷᠭᠢᠯᠤᠮ᠎ᠠ ᠬᠠᠯᠠᠭᠤᠨ ᠪᠠᠢᠵᠤ᠂ ᠠᠪᠤᠲᠠᠶᠪᠠᠨ ᠴᠠᠭ ᠣᠷᠣᠨ ᠵᠠᠶ᠎ᠶ᠋ᠢ ᠠᠯᠤᠰᠯᠠᠭ᠍ᠰᠠᠨ ᠭᠦᠨ ᠰᠡᠳᠭᠢᠯᠭᠡ᠎ᠲᠡᠶ ᠶᠠᠷᠢᠯᠴᠠᠭ᠎ᠠ ᠬᠢᠭᠰᠡᠨ ᠱᠢᠭ ᠪᠠᠢᠯ᠎ᠠ᠃ ᠲᠠᠷᠠᠭ᠎ᠠ ᠨᠢ᠂ ᠯᠢᠶᠣᠤ ᠵᠢᠶᠦ᠋ᠨ ᠪᠥᠸᠧ᠎ᠶ᠋ᠢᠨ ᠲᠠᠭᠠᠭᠤᠯᠭ᠎ᠠ᠎ᠪᠠᠷ᠂ ᠪᠦᠬᠦ᠌ ᠠᠷᠠᠳ᠎ᠤᠨ ᠴᠠᠬᠳᠠᠭ᠎ᠠ ᠲᠤᠰᠠᠯᠠᠭ᠍ᠴᠢ ᠴᠠᠭ᠍ᠳᠠᠭ᠎ᠠ ᠪᠠᠷᠠᠭᠤᠨ ᠨᠢᠳᠤᠷᠭ᠎ᠠ᠎ᠪᠠᠨ ᠥᠨᠳᠥᠷ ᠡᠷᠭᠦᠵᠦ᠍᠂ 《ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠠᠷᠠᠳ᠎ᠤᠨ ᠴᠠᠭ᠍ᠳᠠᠭ᠎ᠠ᠎ᠶ᠋ᠢᠨ ᠲᠠᠩᠭᠠᠷᠢᠭ᠎ᠤᠨ ᠦᠭᠡᠰ 》 ᠢ᠋ ᠲᠠᠬᠢᠨ ᠡᠷᠭᠢᠴᠡᠭᠦᠯᠵᠦ᠍᠄ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠷᠡᠰ ᠤᠳᠤᠷᠢᠳᠤᠯᠭ᠎ᠠ᠎ᠶ᠋ᠢ ᠪᠠᠲᠤ ᠬᠦᠷᠢᠶᠡᠯᠡᠵᠦ᠍᠂ ᠡᠷᠬᠢᠮ ᠳᠡᠭᠡᠳᠦ ᠠᠷᠠᠳ᠎ᠤᠨ ᠳᠣᠲᠣᠭᠠᠳᠤ᠎ᠶ᠋ᠢ ᠬᠠᠮᠠᠭᠠᠯᠠᠬᠤ ᠦᠢᠯᠡᠰ᠎ᠲᠦ ᠠᠮᠢ ᠪᠡᠶ᠎ᠡ᠎ᠪᠡᠨ ᠵᠣᠷᠢᠭᠤᠯᠤᠨ᠎ᠠ ᠁》 ᠭᠡᠰᠡᠨ ᠢᠳᠡᠯᠢᠭ ᠬᠦᠴᠤᠳᠠᠢ ᠲᠠᠨᠭᠭᠠᠷᠠᠭ ᠤ᠋ᠨ ᠦᠭᠡᠰ ᠨᠢ ᠬᠤᠷᠠᠯ ᠤ᠋ᠨ ᠲᠠᠯᠠᠪᠠᠢ ᠳ᠋ᠤ ᠤᠳᠠᠳᠠᠯ᠎ᠠ ᠴᠤᠤᠷᠢᠶᠠᠳᠤᠵᠠᠢ᠃
《ᠪᠢ 061987 ᠴᠠᠭᠳᠠᠭ᠎ᠠ ᠵᠢᠨ ᠳ᠋ᠤᠭᠠᠷ ᠢ᠋ ᠨᠠᠰᠤᠨ ᠲᠤᠷᠱᠢᠳᠠ᠎ᠶ᠋ᠢᠨ ᠢᠷᠠᠭᠤ ᠠᠯᠳᠠᠷ᠎ᠢᠶᠠᠨ ᠪᠣᠯᠭᠠᠵᠤ᠂ ᠠᠪᠤᠪᠠᠷᠢᠶᠠᠨ ᠳᠠᠭᠤᠷᠢᠶᠠᠯ ᠪᠣᠯᠭᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠵᠠᠯᠠᠭᠤ ᠨᠠᠰᠤ ᠪᠣᠯᠤᠨ ᠬᠠᠯᠠᠭᠤᠨ ᠴᠢᠰᠤ᠎ᠪᠠᠷ᠎ᠢᠶᠠᠨ ᠲᠦᠭ ᠲᠦᠮᠡᠨ ᠠᠢᠯ ᠡᠷᠦᠬᠡ᠎ᠶ᠋ᠢ ᠰᠠᠬᠢᠨ ᠬᠠᠮᠠᠭᠠᠯᠠᠨ᠎ᠠ》᠃ ᠯᠢᠶᠣᠤ ᠵᠢᠶᠦ᠋ᠨ ᠪᠥᠸᠧ᠎ᠶ᠋ᠢᠨ ᠦᠭᠡ ᠢᠳᠡᠯᠢᠭ ᠬᠦᠴᠦᠲᠡᠢ ᠪᠠᠢᠯ᠎ᠠ᠃
ᠴᠠᠭᠳᠠᠭ᠎ᠠ ᠵᠢᠨ ᠳ᠋ᠤᠭᠠᠷ ᠪᠣᠯ ᠤᠯᠠᠮᠵᠢᠯᠠᠯ᠂ ᠮᠥᠷᠥᠭᠡᠳᠦᠯ᠂ ᠨᠡᠩ ᠴᠤ᠌ ᠬᠠᠷᠢᠭᠤᠴᠠᠯᠭ᠎ᠠ ᠪᠠ ᠡᠭᠦᠷᠭᠡᠯᠡᠯ ᠮᠥᠨ᠃ ᠥᠩᠭᠡᠷᠡᠭ᠌ᠰᠡᠨ᠎ᠳᠦ᠂ 061987 ᠨᠢ ᠯᠢᠶᠣᠤ ᡁᠢᠬᠤᠢ ᠵᠢᠨ ᠦᠨᠡᠨᠴᠢ ᠱᠢᠳᠤᠷᠭᠤ ᠪᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠬᠠᠷᠠᠮ ᠦᠭᠡᠢ ᠬᠤᠪᠢ ᠨᠡᠮᠡᠷᠢ ᠦᠵᠡᠭᠦᠯᠦᠭ᠌ᠰᠡᠨ᠎ᠢ ᠭᠡᠷᠡᠴᠢᠯᠡᠪᠡ᠂ ᠡᠳᠦᠭᠡ ᠲᠡᠷᠡ ᠨᠢ ᠯᠢᠶᠣᠤ ᠵᠢᠶᠦ᠋ᠨ ᠪᠥᠸᠧ᠎ᠲᠡᠶ ᠬᠠᠮᠲᠤ ᠴᠠᠭ᠍ᠳᠠᠭ᠎ᠠ᠎ᠶ᠋ᠢᠨ ᠠᠵᠢᠯ ᠤ᠋ᠨ ᠵᠠᠮ᠎ᠢᠶᠠᠷ ᠵᠠᠮᠨᠠᠵᠤ᠂ ᠬᠣᠶᠠᠷ ᠦᠶ᠎ᠡ᠎ᠶ᠋ᠢᠨ ᠬᠥᠮᠦᠰ᠎ᠦᠨ ᠤᠭ ᠰᠠᠨᠠᠭ᠎ᠠ᠎ᠶ᠋ᠢ ᠠᠴᠢᠶᠠᠯᠠᠵᠤ᠂ ᠡᠨᠡ ᠬᠦ᠌ ᠥᠷᠭᠡᠨ ᠠᠭᠤᠳᠠᠮ ᠬᠢᠯᠢ ᠬᠢᠵᠠᠭᠠᠷ᠎ᠤᠨ ᠠᠮᠤᠷ ᠠᠮᠤᠭᠤᠯᠠᠩ ᠪᠠ ᠡᠶ᠎ᠡ ᠨᠠᠢᠷᠠᠮᠳᠠᠭᠤ᠎ᠶ᠋ᠢ ᠦᠷᠭᠦᠯᠵᠢᠯᠡᠨ ᠰᠠᠬᠢᠨ ᠬᠠᠮᠠᠭᠠᠯᠠᠬᠤ ᠪᠣᠯᠤᠨ᠎ᠠ᠃