ᠬᠠᠶᠠᠭᠳᠠᠮᠠᠯ ᠬᠠᠭᠤᠴᠢᠨ ᠳᠤᠰᠤᠯᠭᠠᠨ ᠤᠰᠤᠯᠠᠬᠤ ᠪᠦᠰᠡ᠎ᠶᠢ ᠡᠭᠡᠭᠦᠯᠦᠨ ᠬᠤᠷᠢᠶᠠᠬᠤ ᠬᠦᠴᠢᠷ ᠠᠰᠠᠭᠤᠳᠠᠯ᠎ᠳᠤ ᠴᠢᠭᠯᠡᠭᠦᠯᠦᠨ᠂ ᠲᠦᠩᠯᠢᠶᠣᠣ ᠬᠣᠲᠠ᠎ᠶᠢᠨ ᠺᠠᠢᠯᠤ ᠰᠢᠶᠠᠨ ᠢᠳᠡᠪᠬᠢᠲᠡᠢᠬᠠᠢᠨ ᠰᠦᠪᠡᠭᠴᠢᠯᠡᠵᠦ᠂ ᠵᠢᠷᠤᠮᠵᠢᠭ᠍ᠰᠠᠨ ᠡᠭᠡᠭᠦᠯᠦᠨ ᠬᠤᠷᠢᠶᠠᠬᠤ᠂ ᠲᠤᠰᠬᠠᠢ ᠡᠳ᠋ᠰᠢᠭᠦᠯᠬᠦ᠂ ᠡᠷᠭᠢᠯᠳᠦᠭᠦᠯᠦᠨ ᠠᠰᠢᠭ᠍ᠯᠠᠬᠤ ᠪᠦᠬᠦ ᠠᠵᠤ ᠦᠢᠯᠡᠰ᠎ᠦᠨ ᠬᠡᠯᠬᠢᠶᠡᠨ᠎ᠤ ᠪᠢᠲᠡᠭᠦᠦ ᠵᠠᠭᠪᠤᠷ᠎ᠢ ᠬᠡᠷᠡᠭᠵᠢᠭᠦᠯᠬᠦ᠎ᠪᠠᠷ ᠳᠠᠮᠵᠢᠭᠤᠯᠥᠨ᠂ ᠬᠠᠶᠠᠭᠳᠠᠮᠠᠯ ᠬᠠᠭᠤᠴᠢᠨ ᠳᠤᠰᠤᠯᠭᠠᠨ ᠤᠰᠤᠯᠠᠬᠤ ᠪᠦᠰᠡ᠎ᠶᠢ ᠡᠭᠡᠭᠦᠯᠦᠨ ᠬᠤᠷᠢᠶᠠᠵᠤ ᠲᠠᠬᠢᠨ ᠠᠰᠢᠭ᠍ᠯᠠᠬᠤ ᠪᠣᠬᠢᠷᠲᠤᠯ ᠦᠭᠡᠢ ᠬᠥᠭᠵᠢᠯᠲᠡ᠎ᠶᠢᠨ ᠵᠠᠮ᠎ᠢ ᠨᠡᠭᠡᠭᠡᠵᠦ᠂ ᠲᠠᠷᠢᠶᠠᠨ ᠭᠠᠵᠠᠷ᠎ᠤᠨ ᠵᠠᠰᠠᠯᠲᠠ᠎ᠶᠢᠨ ᠬᠦᠴᠢᠷ ᠠᠰᠠᠭᠤᠳᠠᠯ᠎ᠢ ᠪᠦᠲᠦᠮᠵᠢᠲᠡᠢ ᠰᠢᠢᠳᠪᠦᠷᠢᠯᠡᠭᠰᠡᠨ᠎ᠢᠶᠡᠷ ᠪᠠᠷᠠᠬᠤ ᠦᠭᠡᠢ᠂ ᠨᠡᠩ ᠴᠤ᠌ ᠲᠠᠷᠢᠶᠠᠯᠠᠩ᠎ᠤᠨ ᠬᠠᠶᠠᠭᠳᠠᠮᠠᠯ ᠡᠬᠢ ᠪᠠᠶᠠᠯᠢᠭ᠋᠎ᠢ ᠠᠮᠢᠯᠠᠭᠤᠯᠵᠤ᠂ ᠪᠦᠬᠦ ᠰᠢᠶᠠᠨ᠎ᠤ ᠬᠠᠪᠤᠷ᠎ᠤᠨ ᠲᠠᠷᠢᠶᠠᠯᠠᠭ᠎ᠠ᠎ᠳᠦ ᠡᠷᠴᠢᠮᠲᠡᠢ 《ᠪᠣᠬᠢᠷᠲᠤᠯ ᠦᠭᠡᠢ ᠬᠥᠳᠡᠯᠭᠡᠬᠦ ᠬᠦᠴᠦᠨ》 ᠨᠡᠮᠡᠷᠢᠯᠡᠵᠤ ᠪᠠᠢᠨ᠎ᠠ᠃
3 ᠰᠠᠷ᠎ᠠ᠎ᠶᠢᠨ ᠰᠡᠭᠥᠯᠴᠢ ᠪᠡᠷ᠂ ᠰᠤᠷᠪᠤᠯᠵᠢᠯᠠᠭᠴᠢ ᠺᠠᠢᠯᠤ ᠰᠢᠶᠠᠨ᠎ᠤ ᠵᠢᠷᠭᠠᠯᠠᠩᠳᠥ ᠪᠠᠯᠭᠠᠰᠤᠨ᠎ᠤ ᠹᠦ ᠾᠧᠦ ᠲᠣᠰᠬᠣᠨ᠎ᠤ ᠲᠠᠷᠢᠶᠠᠨ ᠭᠠᠵᠠᠷ᠎ᠲᠤ ᠬᠦᠷᠬᠦ᠎ᠳᠦ᠂ ᠲᠣᠰᠬᠣᠨ᠎ᠤ ᠠᠷᠠᠳ ᠸᠠᠩ ᠭᠸ ᠸᠧᠨ ᠲᠠᠷᠢᠶᠠᠨ ᠭᠠᠵᠠᠷ᠎ᠲᠡᠬᠢ ᠬᠠᠶᠠᠭᠳᠠᠮᠠᠯ ᠳᠤᠰᠤᠯᠭᠠᠨ ᠤᠰᠤᠯᠠᠬᠤ ᠪᠦᠰᠡ᠎ᠪᠠᠨ ᠰᠤᠭᠤᠴᠢᠨ ᠬᠤᠷᠢᠶᠠᠵᠤ᠂ ᠢᠯᠭᠠᠵᠤ ᠪᠣᠭᠣᠵᠢᠯᠠᠨ᠂ ᠤᠳᠠᠯ ᠦᠭᠡᠢ ᠬᠠᠭᠠᠰ ᠲᠡᠷᠭᠡ ᠳᠡᠭᠡᠭᠡᠪᠥᠷᠢᠯᠡᠭᠡᠳ᠂ ᠲᠣᠰᠬᠣᠨ᠎ᠤ ᠬᠠᠶᠠᠭᠳᠠᠮᠠᠯ ᠳᠤᠰᠤᠯᠭᠠᠨ ᠤᠰᠤᠯᠠᠬᠤ ᠪᠦᠰᠡ᠎ᠶᠢ ᠬᠣᠷᠢᠶᠠᠨ ᠠᠪᠬᠤ ᠭᠠᠵᠠᠷ᠎ᠲᠤ ᠬᠦᠷᠭᠡᠬᠦ᠎ᠪᠡᠷ ᠮᠤᠷᠳᠠᠪᠠ᠃ ᠮᠦ᠍ ᠪᠦᠷᠢ ᠡᠴᠡ 30 ᠵᠢᠩ ᠬᠠᠶᠠᠭᠳᠠᠮᠠᠯ ᠬᠠᠭᠤᠴᠢᠨ ᠳᠤᠰᠤᠯᠭᠠᠨ ᠤᠰᠤᠯᠠᠬᠤ ᠪᠦᠰᠡ ᠬᠤᠷᠢᠶᠠᠬᠤ ᠪᠡᠷ ᠪᠤᠳᠤᠬᠤ ᠳ᠋ᠤ᠂ ᠸᠠᠩ ᠭᠧ ᠸᠸᠨ᠎ᠤ ᠬᠢᠨ 50 ᠮᠦ᠍ ᠲᠠᠷᠢᠶᠠᠨ ᠭᠠᠵᠠᠷ ᠡᠴᠡ 1500 ᠵᠢᠩ ᠳᠤᠰᠤᠯᠭᠠᠨ ᠤᠰᠤᠯᠠᠬᠤ ᠪᠦᠰᠡ᠎ᠶᠢ ᠴᠡᠪᠡᠷᠯᠡᠨ ᠬᠤᠷᠢᠶᠠᠨ᠎ᠠ᠃ ᠤᠳᠤᠬᠠᠨ᠎ᠤ ᠬᠠᠶᠠᠭᠳᠠᠮᠠᠯ ᠬᠠᠭᠤᠴᠢᠨ ᠳᠤᠰᠤᠯᠭᠠᠨ ᠤᠰᠤᠯᠠᠬᠤ ᠪᠦᠰᠡ᠎ᠶᠢ ᠬᠤᠷᠢᠶᠠᠨ ᠠᠪᠬᠤ ᠥᠨ᠎ᠡ ᠨᠢ ᠵᠢᠩ᠎ᠳᠡᠭᠡᠨ 1 ᠲᠥᠭᠥᠷᠢᠭ᠎ᠲᠦ ᠬᠥᠷᠴᠥ ᠪᠤᠢ᠂ ᠳᠡᠳᠡᠨᠡᠢᠬᠢᠨ ᠡᠨᠡ ᠵᠢᠯ᠎ᠤᠨ ᠬᠠᠪᠤᠷ᠎ᠤᠨ ᠲᠠᠷᠢᠶᠠᠯᠠᠭ᠎ᠠ ᠳ᠋ᠤ ᠬᠡᠷᠡᠭᠰᠡᠬᠦ ᠰᠢᠨᠡᠲᠣᠰᠣᠯᠭᠠᠨ ᠤᠰᠤᠯᠠᠬᠤ ᠪᠦᠰᠡ ᠬᠤᠳᠠᠯᠳᠤᠨ ᠠᠪᠬᠤ᠎ᠳᠤ ᠪᠠᠷᠤᠭ 2000 ᠲᠥᠭᠥᠷᠢᠭ ᠬᠡᠷᠡᠭᠰᠡᠨ᠎ᠡ᠂ ᠢᠩᠭᠢᠵᠦ ᠪᠤᠳᠤᠪᠠᠯ ᠳᠠᠬᠢᠨ 500 ᠲᠥᠭᠥᠷᠢᠭ ᠤᠷᠤᠭᠤᠯᠪᠠᠯ ᠳᠠᠷᠤᠢ ᠬᠠᠪᠤᠷ᠎ᠤᠨ ᠲᠠᠷᠢᠶᠠᠯᠠᠭ᠎ᠠ᠎ᠶᠢᠨ ᠬᠡᠷᠡᠭᠴᠡᠭᠡ ᠪᠠᠨ ᠬᠠᠩᠭᠠᠴᠢᠬᠠᠨᠠ᠃ ᠡᠢᠨᠬᠦ ᠲᠠᠷᠢᠶᠠᠴᠢᠨ ᠡᠷᠦᠬᠡ᠎ᠶᠢᠨ ᠬᠠᠪᠤᠷ᠎ᠤᠨ ᠲᠠᠷᠢᠶᠠᠯᠠᠭ᠎ᠠ᠎ᠶᠢᠨ ᠪᠡᠯᠡ ᠮᠥᠩᠭᠥᠨ᠎ᠦ ᠳᠠᠷᠤᠭᠠᠰᠤ᠎ᠶᠢ ᠦᠨᠡᠨᠬᠦ ᠬᠥᠩᠭᠡᠷᠡᠭᠦᠯᠥᠭᠰᠡᠨ ᠠᠵᠢ᠃
《ᠬᠡᠷᠪᠡ ᠡᠷᠬᠢᠯᠳᠥᠭᠥᠯᠥᠨ ᠬᠠᠭᠠᠯᠪᠥᠷᠢᠯᠡᠬᠤ ᠮᠠᠰᠢᠨ᠎ᠢᠶᠠᠷ ᠬᠥᠷᠥᠰᠥᠨ᠎ᠳᠦ ᠲᠠᠰᠤᠳᠠᠨ ᠣᠷᠣᠭᠤᠯᠪᠠᠯ ᠲᠠᠷᠢᠶᠠᠨ ᠭᠠᠵᠠᠷ᠎ᠢ ᠪᠤᠬᠢᠷᠳᠤᠭᠤᠯᠵᠤ᠂ ᠲᠠᠷᠢᠶᠠᠯᠠᠩ᠎ᠤᠨ ᠠᠵᠢᠯ᠎ᠢ ᠰᠠᠭᠠᠲᠠᠭᠠᠨᠠ᠂ ᠲᠣᠰᠣᠯᠭᠠᠨ ᠤᠰᠤᠯᠠᠬᠤ ᠪᠦᠰᠡ᠎ᠶᠢ ᠰᠤᠭᠤᠴᠢᠨ ᠬᠤᠷᠢᠶᠠᠪᠠᠯ᠂ ᠨᠢᠭᠡ ᠮᠦ᠍ ᠭᠠᠵᠠᠷ᠎ᠤᠨ ᠬᠠᠭᠤᠴᠢᠨ ᠲᠣᠰᠣᠯᠭᠠᠨ ᠤᠰᠤᠯᠠᠬᠤ ᠪᠦᠰᠡ᠎ᠶᠢ 30 ᠭᠠᠷᠤᠢ ᠲᠥᠭᠥᠷᠢᠭ᠎ᠢᠶᠡᠷ ᠬᠤᠳᠠᠯᠳᠤᠵᠤ᠂ ᠡᠭᠡᠭᠦᠯᠦᠨ ᠬᠤᠷᠢᠶᠠᠭᠰᠠᠨ᠎ᠤ ᠳᠠᠷᠠᠭ᠎ᠠ ᠦᠢᠯᠡᠳᠪᠦᠷᠢ᠎ᠡᠴᠡ ᠴᠤ᠋ ᠰᠢᠨ᠎ᠡ ᠲᠣᠰᠣᠯᠭᠠᠨ ᠤᠰᠤᠯᠠᠬᠤ ᠪᠦᠰᠡ ᠪᠣᠯᠭᠠᠨ ᠡᠳ᠋ᠰᠢᠭᠥᠯᠴᠢᠭᠡᠨᠡ》 ᠭᠡᠵᠦ ᠸᠠᠩ ᠭᠸ ᠸᠧᠨ ᠳᠠᠨᠢᠯᠴᠠᠭᠤᠯᠤᠯ᠎ᠠ᠃
ᠺᠠᠢᠯᠤ ᠰᠢᠶᠠᠨ᠎ᠤ ᠬᠤᠢ ᠯᠢ ᠤᠰᠤ ᠠᠷᠪᠢᠯᠠᠬᠤ ᠮᠠᠲᠧᠷᠢᠶᠠᠯ᠎ᠤᠨ ᠬᠢᠵᠠᠭᠠᠷᠲᠤ ᠺᠣᠮᠫᠠᠨᠢ ᠵᠢᠨ ᠡᠭᠥᠳᠡ ᠪᠡᠷ ᠬᠠᠶᠠᠭᠳᠠᠮᠠᠯ ᠬᠠᠭᠤᠴᠢᠨ ᠳᠤᠰᠤᠯᠭᠠᠨ ᠤᠰᠤᠯᠠᠬᠤ ᠪᠦᠰᠡ᠎ᠶᠢ ᠳᠦᠭᠦᠷᠡᠲᠡᠯ᠎ᠡ ᠲᠡᠭᠡᠭᠡᠭᠰᠡᠨ ᠮᠠᠰᠢᠨ᠎ᠤᠳ ᠠᠷᠤ ᠠᠷᠤ ᠡᠴᠡ ᠪᠠᠨ ᠴᠤᠪᠤᠷᠠᠨ ᠤᠷᠤᠵᠤ ᠪᠠᠢᠯ᠎ᠠ᠃ ᠲᠤᠰ ᠺᠣᠮᠫᠠᠨᠢ᠎ᠶᠢᠨ ᠦᠢᠯᠡᠳᠪᠦᠷᠢᠯᠡᠯ᠎ᠦᠨ ᠲᠠᠰᠤᠭ᠎ᠲᠤ ᠠᠦ᠋ᠲ᠋ᠣ᠋ ᠦᠢᠯᠡᠳᠪᠦᠷᠢᠯᠡᠯ᠎ᠦᠨ ᠱᠤᠭᠤᠮ ᠪᠥᠬᠥ ᠬᠥᠴᠥᠨ ᠵᠢᠨᠷ ᠠᠵᠢᠯᠯᠠᠨ᠂ ᠬᠤᠯᠢᠮᠠᠬ ᠪᠤᠳᠠᠰ᠎ᠢ ᠢᠯᠭᠠᠨ ᠰᠠᠯᠭᠠᠬᠤ᠂ ᠬᠡᠮᠬᠡᠯᠬᠦ᠂ ᠭᠦᠨ ᠤᠬᠢᠶᠠᠨ ᠴᠡᠪᠡᠷᠯᠡᠬᠦ᠂ ᠬᠠᠢᠯᠤᠭᠤᠯᠤᠨ ᠮᠥᠬᠦᠯᠢᠭᠵᠢᠭᠦᠯᠬᠦ᠂ ᠰᠢᠷᠬᠡᠭᠵᠢᠭᠥᠯᠥᠨ ᠪᠦᠰᠡ ᠦᠢᠯᠡᠳᠬᠦ ᠵᠡᠷᠭᠡ ᠠᠵᠢᠯ ᠡᠮᠬᠢ ᠲᠢᠭᠯᠢᠮ᠎ᠲᠠᠢ ᠶᠠᠪᠤᠬᠳᠠᠨ᠎ᠠ᠃ ᠤᠤᠯ᠎ᠤᠨ ᠲᠠᠷᠢᠶᠠᠨ ᠥᠵᠥᠭᠥᠷᠲᠦ ᠤᠪᠤᠭᠠᠯᠠᠬᠳᠠᠵᠤ ᠪᠠᠢᠭᠰᠠᠨ ᠲᠠᠷᠢᠶᠠᠯᠠᠩ᠎ᠤᠨ ᠬᠠᠶᠠᠭᠳᠠᠮᠠᠯ ᠪᠣᠳᠠᠰ᠎ᠢ ᠠᠯᠢ ᠤᠯᠠᠨ ᠲᠤᠰᠬᠠᠢ ᠰᠢᠢᠳᠪᠦᠷᠢᠯᠡᠬᠦᠶᠠᠪᠤᠴᠠ ᠪᠡᠷ ᠳᠠᠮᠵᠢᠭᠠᠳ᠂ ᠡᠴᠦᠰ᠎ᠲᠡᠬᠡᠨ ᠤᠯᠤᠰ᠎ᠤᠨ ᠲᠠᠷᠢᠶᠠᠨ ᠭᠠᠵᠠᠷ᠎ᠤᠨ ᠤᠰᠤᠯᠠᠯᠲᠠ᠎ᠶᠢᠨ ᠪᠠᠷᠢᠮᠵᠢᠶ᠎ᠠ᠎ᠳᠤ ᠨᠡᠢᠴᠡᠭᠰᠡᠨ ᠳᠤᠰᠤᠯᠭᠠᠨ ᠤᠰᠤᠯᠠᠬᠤ ᠴᠣ ᠰᠢᠨ᠎ᠡ ᠪᠦᠲᠦᠭᠡᠭᠳᠡᠬᠦᠨ ᠪᠤᠯᠭᠠᠨ ᠦᠢᠯᠡᠳᠴᠦ᠂ ᠪᠦᠬᠦ ᠤᠯᠤᠰ᠎ᠤᠨ ᠡᠯ᠎ᠡ ᠭᠠᠵᠠᠷ᠎ᠲᠤ ᠪᠣᠷᠣᠯᠠᠭᠤᠯᠥᠭᠠᠳ᠂ ᠳᠠᠬᠢᠨᠳᠠ ᠲᠠᠷᠢᠶᠠᠯᠠᠩ᠎ᠳᠤ ᠦᠢᠯᠡᠴᠢᠯᠡᠭᠥᠯᠥᠨ᠂ 《ᠲᠠᠷᠢᠶᠠᠨ ᠭᠠᠵᠠᠷᠡᠴᠠ ᠢᠷᠡᠵᠦ᠂ ᠲᠠᠷᠢᠶᠠᠨ ᠭᠠᠵᠠᠷ᠎ᠲᠦ ᠪᠤᠴᠠᠬᠤ》 ᠡᠷᠭᠢᠯᠲᠡ᠎ᠶᠢᠨ ᠵᠠᠭᠪᠤᠷ᠎ᠢ ᠪᠡᠶᠡᠯᠡᠭᠦᠯᠪᠡ᠃
ᠺᠠᠢᠯᠤ ᠰᠢᠶᠠᠨ᠎ᠤ ᠬᠣᠶ ᠯᠢ ᠤᠰᠤ ᠠᠷᠪᠢᠯᠠᠬᠤ ᠮᠠᠲᠧᠷᠢᠶᠠᠯ᠎ᠤᠨ ᠬᠢᠵᠠᠭᠠᠷᠲᠤ ᠺᠣᠮᠫᠠᠨᠢ᠎ᠶᠢᠨ ᠪᠣᠷᠤᠯᠠᠭᠤᠯᠭ᠎ᠠ᠎ᠶᠢᠨ ᠳᠠᠭᠠᠭᠠᠮᠠᠯ ᠳ᠋ᠠᠢ ᠵᠢᠶᠧ ᠯᠢᠨ᠄《ᠬᠠᠶᠠᠭᠳᠠᠮᠠᠯ ᠬᠠᠭᠤᠴᠢᠨ ᠳᠤᠰᠤᠯᠭᠠᠨ ᠤᠰᠤᠯᠠᠬᠤ ᠪᠦᠰᠡ᠎ᠶᠢ ᠬᠣᠷᠢᠶᠠᠨ ᠠᠪᠴᠤ ᠲᠠᠬᠢᠨ ᠠᠰᠢᠭ᠍ᠯᠠᠬᠤ ᠨᠢ ᠨᠢᠭᠡ ᠲᠠᠯ᠎ᠠ᠎ᠪᠠᠷ ᠲᠠᠷᠢᠶᠠᠴᠢᠨ ᠡᠷᠦᠬᠡ᠎ᠶᠢᠨ ᠬᠠᠶᠠᠭᠳᠠᠮᠠᠯ ᠬᠠᠭᠤᠴᠢᠨ ᠳᠤᠰᠤᠯᠭᠠᠨ ᠤᠰᠤᠯᠠᠬᠤ ᠪᠦᠰᠡ᠎ᠶᠢ ᠰᠢᠢᠳᠪᠦᠷᠢᠯᠡᠬᠦ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠳᠡᠳᠡᠨ᠎ᠳᠦ ᠳᠥᠭᠥᠮ ᠳᠥᠲᠡ ᠬᠣᠷᠢᠶᠠᠨ ᠠᠪᠬᠤ ᠠᠷᠭ᠎ᠠ ᠵᠠᠮ ᠬᠠᠩᠭᠠᠵᠤ ᠥᠭᠴᠡᠢ᠃ ᠨᠥᠭᠥᠭᠡ ᠲᠠᠯ᠎ᠠ᠎ᠪᠠᠷ ᠬᠠᠶᠠᠭᠳᠠᠮᠠᠯ ᠬᠠᠭᠤᠴᠢᠨ ᠳᠤᠰᠤᠯᠭᠠᠨ ᠤᠰᠤᠯᠠᠬᠤ ᠪᠥᠰᠡ ᠬᠡᠰᠡᠭ ᠲᠦᠭᠦᠬᠡᠢ ᠮᠠᠲᠧᠷᠢᠶᠠᠯ᠎ᠢ ᠣᠷᠣᠯᠠᠵᠤ᠂ ᠠᠵᠤ ᠠᠬᠤᠢᠯᠠᠯ᠎ᠤᠨ ᠦᠢᠯᠡᠳᠪᠦᠷᠢᠯᠡᠯ᠎ᠦᠨ ᠥᠪᠡᠷ᠎ᠦᠨ ᠥᠷᠲᠡᠭ᠎ᠢ ᠪᠠᠭᠤᠷᠠᠭᠤᠯᠥᠨ᠂ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠭᠰᠠᠨ ᠮᠥᠷᠲᠡᠭᠡᠨ ᠲᠠᠷᠢᠶᠠᠴᠢᠨ ᠡᠷᠦᠬᠡ᠎ᠶᠢᠨ ᠵᠠᠷᠤᠯᠭ᠎ᠠ᠎ᠶᠢ ᠴᠤ᠌ ᠠᠷᠪᠢᠯᠠᠨ᠎ᠠ᠂ ᠳᠠᠬᠢᠯᠲᠠ ᠦᠢᠯᠡᠳᠬᠦᠨ ᠨᠢ ᠪᠠᠰᠠ ᠲᠠᠷᠢᠶᠠᠴᠢᠨ ᠡᠷᠦᠬᠡ᠎ᠶᠢᠨ ᠬᠡᠷᠡᠭᠴᠡᠭᠡ᠎ᠶᠢ ᠬᠠᠩᠭᠠᠵᠤ᠂ ᠠᠮᠢ ᠠᠬᠤᠢ᠎ᠪᠠ ᠠᠵᠤ ᠠᠬᠤᠢ᠎ᠶᠢᠨ ᠬᠣᠣᠰ ᠦᠷ᠎ᠡ ᠠᠰᠢᠭ᠋᠎ᠢ ᠡᠭᠦᠳᠴᠦ ᠳᠡᠢᠯᠦᠨ᠎ᠡ》 ᠭᠡᠵᠦ ᠰᠤᠷᠪᠤᠯᠵᠢᠯᠠᠭᠴᠢ᠎ᠳᠤ ᠲᠠᠨᠢᠯᠴᠠᠭᠤᠯᠪᠠ᠃
ᠣᠢᠯᠠᠭᠠᠭᠰᠠᠨ᠎ᠢᠶᠠᠷ᠂ ᠺᠠᠢᠯᠤ ᠰᠢᠶᠠᠨ᠎ᠤ ᠬᠣᠶ ᠯᠢ ᠤᠰᠤ ᠠᠷᠪᠢᠯᠠᠬᠤ ᠮᠠᠲᠧᠷᠢᠶᠠᠯ᠎ᠤᠨ ᠬᠢᠵᠠᠭᠠᠷᠲᠤ ᠺᠣᠮᠫᠠᠨᠢ ᠵᠢᠯ᠎ᠳᠦ ᠪᠠᠷᠤᠭ 3000 ᠲᠣᠨ ᠳᠤᠰᠤᠯᠭᠠᠨ ᠤᠰᠤᠯᠠᠬᠤ ᠪᠦᠰᠡ ᠦᠢᠯᠡᠳᠪᠦᠷᠢᠯᠡᠵᠦ᠂ ᠦᠢᠯᠡᠳᠪᠦᠷᠢᠯᠡᠯ᠎ᠦᠨ ᠦᠶᠡᠯᠡᠯ᠎ᠦᠨ ᠬᠤᠭᠤᠴᠠᠭ᠎ᠠ ᠨᠢ ᠵᠢᠯ ᠪᠦᠷᠢ᠎ᠶᠢᠨ 10 ᠰᠠᠷ᠎ᠠ᠎ᠠᠴᠠ ᠳᠠᠷᠠᠭ᠎ᠠ ᠵᠢᠯ᠎ᠦᠨ 5 ᠰᠠᠷ᠎ᠠ ᠬᠦᠷᠲᠡᠯ᠎ᠡ ᠥᠷᠬᠥᠯᠵᠢᠯᠠᠨ᠂ ᠲᠠᠷᠢᠶᠠᠴᠢᠨ ᠡᠷᠦᠬᠡ᠎ᠶᠢᠨ ᠡᠭᠡᠭᠦᠯᠦᠨ ᠬᠤᠷᠢᠶᠠᠬᠤ ᠠᠢᠵᠠᠮ᠎ᠲᠠᠢ ᠨᠠᠷᠢᠯᠢᠭ᠋ ᠣᠨᠣᠴᠠᠲᠠᠢᠲᠣᠬᠢᠷᠠᠯᠴᠠᠵᠤ ᠪᠠᠢᠳᠠᠭ᠃
ᠣᠲᠣ᠌ ᠪᠣᠯᠲᠠᠯ᠎ᠠ᠂ ᠺᠠᠢᠯᠤ ᠰᠢᠶᠠᠨ᠎ᠳᠤ ᠨᠡᠶ᠋ᠢᠲᠡ 18 ᠲᠣᠰᠣᠯᠭᠠᠨ ᠤᠰᠤᠯᠠᠬᠤ ᠪᠦᠰᠡ ᠦᠢᠯᠡᠳᠪᠦᠷᠢᠯᠡᠬᠦ ᠪᠠ ᠳᠠᠬᠢᠨ ᠡᠳ᠋ᠰᠢᠭᠦᠯᠬᠦ ᠠᠵᠤ ᠠᠬᠤᠢᠯᠠᠯ ᠨᠤᠳᠤᠬᠰᠢᠵᠤ᠂ ᠡᠳᠦᠷ᠎ᠦᠨ ᠡᠳ᠋ᠰᠢᠭᠦᠯᠬᠥ ᠤᠰᠤᠯᠠᠯᠲᠠ ᠵᠢᠨ ᠪᠦᠰᠡ᠎ᠶᠢᠨ ᠴᠢᠳᠠᠪᠤᠷᠢ ᠨᠢ 680 ᠲᠣᠨ᠎ᠳᠤ ᠬᠦᠷᠴᠦ᠂ ᠵᠢᠯ᠎ᠳᠦ 13 ᠲᠦᠮᠡᠨ ᠲᠣᠨ ᠬᠠᠶᠠᠭᠳᠠᠮᠠᠯ ᠬᠠᠭᠤᠴᠢᠨ ᠲᠣᠰᠣᠯᠭᠠᠨ ᠤᠰᠤᠯᠠᠬᠤ ᠪᠦᠰᠡ᠎ᠶᠢ ᠬᠣᠷᠢᠶᠠᠨ ᠠᠪᠴᠤ ᠰᠢᠢᠳᠪᠦᠷᠢᠯᠡᠨ᠂ ᠲᠠᠷᠢᠶᠠᠯᠠᠩ᠎ᠤᠨ ᠬᠠᠶᠠᠭᠳᠠᠮᠠᠯ ᠪᠣᠳᠠᠰ᠎ᠢ ᠬᠤᠷᠢᠶᠠᠬᠤ ᠪᠠ ᠥᠨᠳᠥᠷ ᠪᠦᠲᠦᠮᠵᠢᠲᠡᠶᠠᠰᠢᠭ᠍ᠯᠠᠬᠤᠶᠢ ᠪᠡᠶᠡᠯᠡᠭᠦᠯᠵᠤ ᠪᠠᠢᠨ᠎ᠠ᠃