ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠵᠢᠨ ᠫᠢᠩ᠎ᠦᠨ ᠣᠢᠷ᠎ᠠ᠎ᠶ᠋ᠢᠨ ᠬᠤᠭᠤᠴᠠᠭᠠᠨ᠎ᠤ ᠴᠢᠬᠤᠯᠠ ᠶᠠᠷᠢᠶ᠎ᠠ ᠪᠤᠯᠤᠨ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠪᠠ
2026-04-09 09:47:47
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

ᠪᠤᠤ ᠭᠠᠩ ᠬᠤᠷᠠᠯ ᠢ᠋ ᠡᠷᠬᠢᠯᠡᠵᠠᠢ


4 ᠰᠠᠷ᠎ᠠ᠎ᠶ᠋ᠢᠨ 8᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠᠢᠩᠭᠤ᠎ᠶ᠋ᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠣᠢᠷ᠎ᠠ᠎ᠶ᠋ᠢᠨ ᠬᠤᠭᠤᠴᠠᠭᠠᠨ᠎ᠤ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠠᠶᠤᠯᠬᠦᠢ ᠦᠶ᠋ᠯᠡᠳᠪᠦᠷᠢᠯᠡᠯ᠂ ᠵᠠᠬᠢᠳᠠᠯ ᠰᠤᠷᠪᠤᠯᠵᠢᠯᠠᠯ᠎ᠤᠨ ᠠᠵᠢᠯ ᠵᠡᠷᠭᠡ ᠵᠦᠶ᠋ᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠤᠷᠠᠯ᠎ᠢ ᠡᠷᠭᠢᠯᠡᠵᠡᠶ᠃

ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠨᠡᠢᠰᠯᠡᠯ᠎ᠦᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠳᠤ ᠣᠷᠣᠯᠴᠠᠬᠤ ᠦᠶ᠎ᠡ᠎ᠶ᠋ᠢᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠤᠯᠤᠰ᠎ᠤᠨ ᠭᠠᠵᠠᠷ ᠱᠢᠷᠣᠶ᠎ᠶ᠋ᠢᠨ ᠨᠣᠭᠣᠭᠠᠷᠠᠭᠤᠯᠤᠯᠲᠠ᠎ᠶ᠋ᠢ ᠭᠦᠨᠵᠡᠭᠡᠶ ᠠᠬᠢᠭᠤᠯᠵᠤ᠂ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠵᠦ᠍᠂ ᠪᠠᠢᠭᠤᠯᠤᠭ᠍ᠰᠠᠨ ᠲᠣᠭᠣᠷᠢᠭ᠎ᠤᠨ ᠬᠠᠮᠢᠶᠠᠷᠤᠯᠲᠠ ᠬᠠᠮᠠᠭᠠᠯᠠᠯᠲᠠ᠎ᠶ᠋ᠢ ᠴᠢᠩᠭᠠᠳᠭᠠᠵᠤ᠂ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠶ᠋ᠢ ᠨᠠᠷᠢᠨ ᠨᠢᠮᠪᠠᠶ ᠵᠣᠬᠢᠶᠠᠨ ᠪᠠᠢᠭᠤᠯᠤᠨ ᠥᠷᠨᠢᠭᠦᠯᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠦᠷᠭᠦᠯᠵᠢᠯᠡᠨ ᠪᠡᠬᠢᠵᠢᠭᠦᠯᠬᠦ᠌ ᠬᠡᠷᠡᠭ᠌ᠲᠡᠶ᠃ ᠨᠤᠲᠤᠭ ᠪᠡᠯᠴᠢᠭᠡᠷ᠎ᠦᠨ ᠲᠠᠭᠠᠭᠠᠴᠡ ᠡᠴᠡ ᠭᠡᠳᠤᠷᠠᠳᠠᠯ᠎ᠠ ᠮᠠᠯᠵᠢᠬᠤ ᠠᠰᠠᠭᠤᠳᠠᠯ᠎ᠢ ᠦᠨᠳᠦᠰᠦᠨ ᠡᠴᠡ᠎ᠨᠢ ᠱᠢᠶ᠋ᠳᠪᠦᠷᠢᠯᠡᠵᠦ᠍᠂ ᠣᠶ ᠱᠢᠭᠤᠶ ᠨᠤᠲᠤᠭ ᠪᠡᠯᠴᠢᠭᠡᠷ᠎ᠢ ᠰᠦᠶ᠋ᠳᠭᠡᠵᠦ᠍ ᠬᠠᠤᠯᠢ ᠴᠠᠭᠠᠵᠠ᠎ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠴᠡᠭ᠌ᠴᠡᠯᠡᠨ ᠵᠠᠰᠠᠭ᠍ᠰᠠᠨ ᠦᠷ᠎ᠡ ᠪᠦᠲᠦᠭᠡᠯ᠎ᠢ ᠪᠡᠬᠢᠵᠢᠭᠦᠯᠵᠦ᠍᠂ ᠣᠶ ᠱᠢᠭᠤᠶ ᠨᠤᠳᠤᠭ ᠪᠡᠯᠴᠢᠭᠡᠷ᠎ᠢ ᠲᠣᠭ᠍ᠲᠠᠪᠤᠷᠢᠵᠢᠭᠤᠯᠤᠨ ᠨᠡᠭᠦᠷᠡᠰᠦᠲᠥ᠋ᠷᠥᠭ᠌ᠴᠢ᠎ᠶ᠋ᠢ ᠱᠢᠩᠭᠡᠭᠡᠨ ᠠᠪᠬᠤ᠎ᠶ᠋ᠢ ᠨᠡᠮᠡᠭ᠌ᠳᠡᠭᠦᠯᠬᠦ᠌᠎ᠶ᠋ᠢ ᠰᠠᠢᠲᠤᠷ ᠠᠳᠭᠤᠵᠤ᠂ 《ᠤᠮᠠᠷᠠᠲᠤ᠎ᠶ᠋ᠢᠨ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ》 ᠭᠡᠮᠡᠬᠦ ᠨᠡᠭᠦᠷᠡᠰᠦᠲᠥ᠋ᠷᠥᠭ᠌ᠴᠢ᠎ᠶ᠋ᠢᠨ ᠬᠤᠷᠠᠮᠠᠯ ᠤ᠋ᠨ ᠲᠥᠷᠥᠯ ᠲᠡᠮᠳᠡᠭ᠎ᠢ ᠴᠣᠭ᠍ᠴᠠᠯᠠᠬᠤ ᠬᠡᠷᠡᠭ᠌ᠲᠡᠶ ᠭᠡᠵᠤ ᠴᠢᠬᠤᠯᠠᠴᠢᠯᠠᠪᠠ᠃

ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠠᠶᠤᠯᠭᠦᠶ ᠦᠶ᠋ᠯᠡᠳᠪᠦᠷᠢᠯᠡᠯ᠎ᠦᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠵᠠᠮ ᠲᠡᠭᠡᠭᠡᠪᠦᠷᠢ᠂ ᠲᠡᠮᠦᠷᠯᠢᠭ ᠪᠣᠯᠪᠠᠰᠤᠷᠠᠭᠤᠯᠬᠤ ᠠᠵᠤ ᠦᠶ᠋ᠯᠡᠳᠪᠦᠷᠢ ᠠᠷᠠᠯᠵᠢᠶ᠎ᠠ᠂ ᠪᠠᠷᠢᠯᠭ᠎ᠠ᠎ᠶ᠋ᠢᠨ ᠠᠵᠢᠯ᠂ ᠥᠨᠳᠥᠷ ᠪᠠᠷᠢᠯᠭ᠎ᠠ᠂ ᠬᠢᠮᠢ᠎ᠶ᠋ᠢᠨ ᠠᠵᠤ ᠦᠶ᠋ᠯᠡᠳᠪᠦᠷᠢ ᠵᠢᠴᠢ ᠠᠶᠤᠯᠲᠠᠶ ᠬᠢᠮᠢ᠎ᠶ᠋ᠢᠨ ᠪᠣᠳᠠᠰ ᠵᠡᠷᠭᠡ ᠭᠤᠤᠯᠳᠠᠯᠭ᠎ᠠ᠎ᠲᠠᠶ ᠬᠦᠷᠢᠶ᠎ᠡ᠎ᠶ᠋ᠢ ᠴᠢᠩᠭ᠎ᠠ ᠠᠩᠬᠠᠷᠴᠤ᠌᠂ ᠠᠶᠤᠯᠭᠦᠶ ᠦᠶ᠋ᠯᠡᠳᠪᠦᠷᠢᠯᠡᠯ᠎ᠦᠨ ᠶᠡᠬᠡ ᠪᠠᠢᠴᠠᠭᠠᠯᠲᠠ ᠶᠡᠬᠡ ᠬᠢᠨᠡᠨ ᠪᠠᠢᠴᠠᠭᠠᠯᠲᠠ᠎ᠶ᠋ᠢ ᠭᠦᠨᠵᠡᠭᠡᠢᠷᠡᠭᠦᠯᠵᠦ᠍᠂ ᠠᠰᠠᠭᠤᠳᠠᠯ ᠬᠡᠮ ᠰᠣᠭᠣᠭ᠎ᠢ ᠬᠥᠳᠡᠯᠦᠩᠭᠦᠶ᠎ᠪᠡᠷ ᠠᠷᠢᠯᠭᠠᠬᠤ᠎ᠶ᠋ᠢ ᠠᠬᠢᠭᠤᠯᠵᠤ᠂ ᠡᠨᠳᠡᠯ ᠭᠠᠷᠬᠤ᠎ᠶ᠋ᠢ ᠰᠡᠷᠭᠡᠢᠯᠡᠨ ᠬᠣᠷᠢᠭ᠍ᠯᠠᠬᠤ ᠬᠡᠷᠡᠭ᠌ᠲᠡᠶ᠃ ᠣᠶ ᠱᠢᠭᠤᠶ ᠨᠤᠲᠤᠭ ᠪᠡᠯᠴᠢᠭᠡᠷ᠎ᠦᠨ ᠲᠦᠶ᠋ᠮᠡᠷ᠎ᠢ ᠰᠡᠷᠭᠡᠢᠯᠡᠨ ᠤᠨᠲᠠᠷᠠᠭᠠᠬᠤ ᠠᠵᠢᠯ᠎ᠢ ᠤᠬᠳᠤ ᠰᠤᠯᠠᠷᠠᠭᠤᠯᠤᠯ ᠥᠬᠡᠶ ᠰᠠᠢᠲᠤᠷ ᠠᠳᠭᠤᠵᠤ᠂ ᠲᠦᠶ᠋ᠮᠡᠷ᠎ᠦᠨ ᠡᠬᠢ ᠡᠬᠦᠰᠤᠯ ᠢ᠋ ᠴᠢᠩᠭ᠎ᠠ ᠬᠠᠮᠢᠶᠠᠷᠤᠨ ᠡᠵᠡᠮᠳᠡᠵᠦ᠍᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠎ᠪᠡᠨ ᠴᠢᠩᠭᠠᠳᠭᠠᠵᠤ᠂ 《ᠲᠦᠶ᠋ᠮᠡᠷ᠎ᠢ ᠰᠡᠷᠭᠡᠢᠯᠡᠬᠦ᠌ ᠱᠤᠭᠤᠮ》 ᠢ᠋ ᠪᠠᠲᠤ ᠪᠠᠬᠢ ᠴᠣᠭ᠍ᠴᠠᠯᠠᠬᠤ ᠬᠡᠷᠡᠭ᠌ᠲᠡᠶ ᠭᠡᠵᠤ ᠴᠢᠬᠤᠯᠠᠴᠢᠯᠠᠪᠠ᠃

ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠵᠠᠰᠠᠭ ᠤ᠋ᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠵᠦ᠍᠂ ᠬᠥᠳᠡᠯᠮᠦᠷᠢ ᠨᠡᠢᠭᠡᠮ᠎ᠦᠨ ᠪᠠᠲᠤᠯᠠᠭ᠎ᠠ᠂ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠂ ᠮᠠᠯᠵᠢᠬᠤ ᠲᠠᠷᠢᠶᠠᠯᠠᠬᠤ ᠣᠷᠣᠨ᠂ ᠪᠠᠢᠭᠠᠯᠢ᠎ᠶ᠋ᠢᠨ ᠡᠬᠢ ᠪᠠᠶᠠᠯᠢᠭ ᠵᠡᠷᠭᠡ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ᠎ᠯᠤᠭ᠎ᠠ ᠤᠶᠠᠯᠳᠤᠭᠤᠯᠤᠨ ᠲᠥᠪᠯᠡᠷᠡᠭᠦᠯᠦᠨ ᠴᠡᠭ᠌ᠴᠡᠯᠡᠨ ᠵᠠᠰᠠᠵᠤ᠂ ᠣᠯᠠᠨ ᠲᠦᠮᠡᠨ᠎ᠦ ᠳᠡᠭᠡᠭ᠌ᠰᠢ ᠰᠤᠷᠪᠤᠯᠵᠢᠯᠠᠬᠤ᠎ᠶ᠋ᠢ ᠤᠳᠤᠷᠢᠳᠤᠯᠭ᠎ᠠ ᠪᠣᠯᠤᠨ ᠪᠠᠢᠭᠤᠯᠭ᠎ᠠ ᠰᠠᠯᠠᠭ᠎ᠠ ᠮᠥᠴᠢᠷ᠎ᠦᠨ ᠳᠣᠷᠣᠭ᠍ᠰᠢ ᠰᠤᠷᠪᠤᠯᠵᠢᠯᠠᠬᠤ ᠪᠣᠯᠭᠠᠨ ᠬᠤᠪᠢᠷᠠᠭᠤᠯᠵᠤ᠂ ᠡᠯ᠎ᠡ ᠲᠥᠷᠥᠯ᠎ᠦᠨ ᠵᠠᠬᠢᠳᠠᠯ ᠰᠤᠷᠪᠤᠯᠵᠢᠯᠠᠯ᠎ᠤᠨ ᠵᠦᠶ᠋ᠯ᠎ᠢ ᠪᠥᠬᠥ᠌ ᠬᠦᠴᠦᠨ᠎ᠢᠶᠡᠷ᠎ᠢᠶᠡᠨ ᠱᠢᠶ᠋ᠳᠪᠦᠷᠢᠯᠡᠵᠦ᠍᠂ ᠣᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠬᠠᠮᠠᠭᠠᠯᠠᠬᠤ ᠬᠡᠷᠡᠭ᠌ᠲᠡᠶ ᠭᠡᠵᠤ ᠱᠠᠭᠠᠷᠳᠠᠪᠠ᠃

ᠬᠤᠷᠠᠯ᠎ᠡᠴᠡ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠠᠶᠤᠯ ᠲᠦᠭ᠌ᠰᠢᠭᠦᠷᠢ᠎ᠶ᠋ᠢ ᠠᠷᠢᠯᠭᠠᠭ᠍ᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠦᠯᠡᠳᠡᠭᠡᠯ ᠥᠷᠢ ᠥᠭ᠌ᠴᠡᠭᠡ᠎ᠶ᠋ᠢ ᠠᠷᠢᠯᠭᠠᠬᠤ᠎ᠶ᠋ᠢ ᠯᠠᠪᠳᠠᠭᠤᠨ᠎ᠢᠶᠠᠷ ᠠᠬᠢᠭᠤᠯᠵᠤ᠂ ᠲᠣᠭ᠍ᠲᠠᠭᠠᠯ᠎ᠡᠴᠡ ᠵᠥᠷᠢᠴᠡᠨ ᠳᠠᠯᠳᠠ ᠥᠷᠢ ᠥᠭ᠌ᠴᠡᠭᠡ᠎ᠶ᠋ᠢ ᠱᠢᠨ᠎ᠡ᠎ᠪᠡᠷ ᠨᠡᠮᠡᠭ᠌ᠳᠡᠭᠦᠯᠬᠦ᠌᠎ᠶ᠋ᠢ ᠴᠢᠩᠭ᠎ᠠ ᠴᠠᠭᠠᠵᠠᠯᠠᠵᠤ᠂ ᠡᠳ᠋᠎ᠦᠨ ᠵᠠᠰᠠᠭ ᠮᠥᠩᠭᠥᠨ ᠭᠦᠶ᠋ᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠦᠨᠳᠦᠰᠦᠨ ᠱᠠᠲᠤᠨ᠎ᠤ 《ᠭᠤᠷᠪᠠ᠎ᠶ᠋ᠢ ᠪᠠᠲᠤᠯᠠᠬᠤ》 ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠶ᠃ ᠡᠳ᠋᠎ᠦᠨ ᠵᠠᠰᠠᠭ ᠠᠵᠤ ᠠᠬᠤᠢ᠎ᠶ᠋ᠢᠨ ᠰᠠᠬᠢᠯᠭ᠎ᠠ ᠪᠠᠲᠤ᠎ᠶ᠋ᠢ ᠴᠢᠩᠳᠠᠯᠠᠵᠤ᠂ ᠨᠠᠮ ᠵᠠᠰᠠᠭ᠎ᠤᠨ ᠪᠠᠢᠭᠤᠯᠭ᠎ᠠ ᠠᠷᠪᠢᠯᠠᠨ ᠭᠠᠮᠨᠠᠵᠤ ᠠᠮᠢᠳᠤᠷᠠᠬᠤ᠎ᠶ᠋ᠢ ᠪᠠᠷᠢᠮᠲᠠᠯᠠᠬᠤ ᠬᠡᠷᠡᠭ᠌ᠲᠡᠢ ᠭᠡᠵᠤ ᠱᠠᠭᠠᠷᠳᠠᠪᠠ᠃

ᠬᠤᠷᠠᠯ᠎ᠡᠴᠡ ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ᠎ᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠳᠤ ᠨᠢᠭᠡᠳᠦᠯᠲᠡᠶ ᠲᠥᠯᠥᠪᠵᠢᠭᠦᠯᠬᠦ᠌᠎ᠶ᠋ᠢ ᠠᠬᠢᠭᠤᠯᠬᠤ᠎ᠬᠡᠷᠡᠭ᠌ᠵᠢᠭᠦᠯᠬᠦ᠌ ᠲᠥᠰᠦᠯ᠎ᠢ ᠬᠢᠨᠠᠨ ᠵᠥᠪᠯᠡᠵᠦ᠍ ᠪᠠᠲᠤᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号