4 ᠰᠠᠷ᠎ᠠ ᠶ᠋ᠢᠨ 8 ᠤ᠋ ᠡᠳᠦᠷ᠂ ᠦᠪᠦᠷ ᠮᠤᠩᠭᠤᠯ ᠤ᠋ᠨ ᠦᠪᠡᠷᠲᠡᠭᠡᠨ ᠵᠠᠰᠬᠠᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠲᠡᠭᠡᠨ ᠤ᠋ ᠠᠯᠪᠠᠨ ᠬᠡᠷ ᠡᠴᠡ ᠬᠤᠷᠠᠯᠳᠤᠭᠤᠯᠤᠬᠰᠠᠨ ᠰᠤᠨᠢᠨ ᠮᠡᠳᠡᠭᠡ ᠨᠡᠢᠲᠡᠯᠡᠬᠦ ᠬᠤᠷᠠᠯ ᠲᠠᠬᠡᠷ᠎ᠠ ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠪᠦᠯᠦᠭ᠌ᠯᠡᠯ 《ᠥᠪᠡᠷᠲᠡᠭᠡᠨ ᠵᠠᠰᠠᠬᠤ ᠣᠷᠣᠨ ᠤ᠋ ᠠᠵᠤ ᠠᠬᠤᠶ ᠨᠡᠢᠭᠡᠮ ᠤ᠋ᠨ ᠴᠢᠨᠠᠷ ᠰᠠᠢᠲᠠᠶ ᠬᠥᠭ᠌ᠵᠢᠯᠲᠡ ᠳ᠋ᠤ ᠦᠶ᠋ᠯᠡᠴᠢᠯᠡᠬᠦ᠌ ᠠᠷᠪᠠᠨ ᠵᠤᠷᠪᠤᠰ ᠠᠷᠭ᠎ᠠ ᠬᠡᠮᠵᠢᠶ᠎ᠡ》 ᠵᠢ ᠨᠡᠢᠲᠡᠯᠡᠪᠡ᠃
《ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠪᠦᠯᠦᠭ᠌ᠯᠡᠯ 〈ᠥᠪᠡᠷᠲᠡᠭᠡᠨ ᠵᠠᠰᠠᠬᠤ ᠣᠷᠣᠨ ᠤ᠋ ᠠᠵᠤ ᠠᠬᠤᠶ ᠨᠡᠢᠭᠡᠮ ᠤ᠋ᠨ ᠴᠢᠨᠠᠷ ᠰᠠᠢᠲᠠᠶ ᠬᠥᠭ᠌ᠵᠢᠯᠲᠡ ᠳ᠋ᠤ ᠦᠶ᠋ᠯᠡᠴᠢᠯᠡᠬᠦ᠌ ᠠᠷᠪᠠᠨ ᠵᠤᠷᠪᠤᠰ ᠠᠷᠭ᠎ᠠ ᠬᠡᠮᠵᠢᠶ᠎ᠡ〉 ᠪᠡᠷ ᠲᠠᠮᠵᠢᠨ ᠭᠤᠤᠯᠳᠠᠭᠤ 5 ᠶᠡᠬᠡ ᠲᠠᠯ᠎ᠠ ᠵᠢᠨ ᠲᠤᠭᠤᠷᠢᠨ ᠳ᠋ᠤ ᠬᠠᠮᠵᠢᠯᠴᠠᠨ ᠬᠦᠴᠦᠯᠡᠵᠤ᠂ ᠪᠦᠬᠦᠯᠢ ᠴᠣᠭ᠍ᠴᠠ ᠪᠡᠷ ᠨᠢ ᠠᠬᠢᠭᠤᠯᠵᠤ᠂ ᠦᠪᠡᠷᠲᠡᠭᠡᠨ ᠵᠠᠰᠠᠬᠤ ᠤᠷᠤᠨ ᠤ᠋ ᠴᠢᠨᠠᠷ ᠰᠠᠢᠲᠠᠶ ᠬᠥᠭ᠌ᠵᠢᠯᠲᠡ ᠶ᠋ᠢᠨ ᠶᠡᠬᠡ ᠲᠠᠯ᠎ᠠ ᠳ᠋ᠤ ᠨᠠᠩ ᠰᠠᠢᠲᠤᠷ ᠦᠶ᠋ᠯᠡᠴᠢᠯᠡᠨᠠ》 ᠬᠡᠵᠤ ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠪᠦᠯᠦᠭ᠌ᠯᠡᠯ ᠤ᠋ᠨ ᠨᠠᠮ ᠤ᠋ᠨ ᠬᠤᠷᠢᠶ᠎ᠠ ᠵᠢᠨ ᠲᠡᠳ᠋ ᠱᠦᠵᠢ᠂ ᠬᠡᠷᠡᠭ ᠮᠡᠳᠡᠭᠴᠢ ᠸᠠᠩ ᠰᠢᠶᠤᠤ ᠶᠠᠨ ᠬᠦᠷᠦᠯᠴᠡᠨ ᠢᠷᠡᠭᠰᠡᠨ ᠰᠤᠷᠪᠤᠯᠵᠢᠯᠠᠭᠴᠢᠳ ᠲᠦ᠍ ᠨᠢᠬᠡᠳ ᠨᠢᠬᠡ ᠪᠡᠷ ᠲᠠᠨᠢᠯᠴᠠᠭᠤᠯᠵᠤ ᠭᠠᠷᠤᠯ᠎ᠠ᠃
— ᠪᠠᠳᠤ ᠴᠢᠩᠭ᠎ᠠ ᠴᠠᠬᠢᠯᠭᠠᠨ ᠲᠤᠤᠷ ᠢ᠋ ᠪᠠᠢᠭᠤᠯᠤᠨ᠎ᠠ᠃ ᠦᠪᠦᠷ ᠮᠤᠨᠭᠭᠤᠯ ᠤ᠋ᠨ ᠴᠠᠬᠢᠯᠭᠠᠨ ᠬᠦᠴᠦᠨ ᠤ᠋ ᠪᠦᠯᠦᠭ᠌ᠯᠡᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠳ᠋ᠤ ᠴᠠᠬᠢᠯᠭᠠᠨ ᠲᠤᠤᠷ ᠤ᠋ᠨ ᠪᠡᠯᠡ ᠣᠷᠣᠭᠤᠯᠤᠯᠲᠠ ᠵᠢ 2000 ᠳ᠋ᠦᠩᠱᠢᠭᠤᠷ ᠲᠥᠭᠥᠷᠢᠭ ᠡᠴᠡ ᠳᠠᠪᠠᠭᠤᠯᠵᠤ᠂ ᠣᠨᠴᠠ ᠥᠨᠳᠥᠷ ᠬᠦᠴᠦᠳᠡᠯᠲᠦ ᠬᠤᠪᠢᠰᠤᠮᠠᠯ ᠭᠥᠶᠥᠳᠡᠯᠳᠦ ᠴᠠᠬᠢᠯᠭᠠᠨ ᠤ᠋ ᠭᠤᠤᠯᠯᠠᠬᠤ ᠲᠤᠤᠷ ᠤ᠋ᠨ ᠪᠦᠲᠦᠴᠡ ᠪᠣᠯᠤᠨ 《ᠵᠢᠷᠭᠤᠭᠠᠨ ᠬᠥᠨᠳᠡᠯᠡᠨ ᠳᠣᠯᠣᠭᠠᠨ ᠭᠤᠯᠳᠤ》 ᠵᠢᠨ 500 ᠺᠢᠯᠦᠸᠤᠯᠲ ᠤ᠋ᠨ ᠭᠤᠤᠯ ᠲᠤᠤᠷ ᠢ᠋ ᠪᠠᠢᠭᠤᠯᠤᠨ᠂ 2030 ᠣᠨ ᠪᠤᠯᠬᠤ ᠳ᠋ᠤ ᠣᠷᠣᠨ ᠠᠯᠤᠰᠯᠠᠨ ᠭᠠᠳᠠᠭ᠍ᠰᠢ ᠴᠠᠬᠢᠯᠭᠠᠨ ᠬᠦᠷᠭᠡᠬᠦ᠌ ᠴᠢᠳᠠᠪᠤᠷᠢ ᠵᠢ 6000 ᠲᠦᠮᠡᠨ ᠺᠢᠯᠦᠸᠠᠲ ᠡᠴᠡ ᠳᠠᠪᠠᠭᠤᠯᠵᠤ᠂ ᠴᠠᠬᠢᠯᠭᠠᠨ ᠲᠤᠤᠷ ᠤ᠋ᠨ ᠦᠶ᠋ᠯᠡᠴᠢᠯᠡᠭᠡᠨ ᠤ᠋ ᠬᠥᠭ᠌ᠵᠢᠯᠲᠡ ᠶ᠋ᠢᠨ ᠱᠢᠨ᠎ᠡ ᠪᠠᠢᠷᠢᠱᠢᠯ ᠢ᠋ ᠪᠠᠢᠭᠤᠯᠵᠤ᠂ ᠣᠷᠣᠨ ᠪᠦᠰᠡ ᠶ᠋ᠢᠨ ᠬᠥᠭ᠌ᠵᠢᠯᠲᠡ ᠳ᠋ᠤ ᠬᠦᠴᠦᠷᠬᠡᠭ ᠶᠡᠬᠡ ᠬᠥᠳᠡᠯᠭᠡᠭ᠌ᠴᠢ ᠡᠨᠧᠷᠭᠢ ᠨᠡᠮᠡᠷᠢᠯᠡᠨ᠎ᠡ᠃
— ᠪᠤᠬᠢᠷᠲᠤᠯ ᠦᠭᠡᠢ ᠴᠠᠬᠢᠯᠭᠠᠨ ᠤ᠋ ᠬᠠᠩᠭᠠᠯᠭ᠎ᠠ ᠵᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ᠋ ᠱᠢᠨ᠎ᠡ ᠨᠢᠭᠡ ᠦᠶ᠎ᠡ ᠶ᠋ᠢᠨ ᠴᠠᠬᠢᠯᠭᠠᠨ ᠬᠦᠴᠦᠨ ᠤ᠋ ᠵᠠᠬ᠎ᠠ ᠳᠡᠯᠭᠡᠭᠦᠷ ᠤ᠋ᠨ ᠠᠷᠠᠯᠵᠢᠶᠠᠨ ᠤ᠋ ᠲᠠᠪᠴᠠᠩ ᠢ᠋ ᠪᠠᠢᠭᠤᠯᠵᠤ᠂ ᠪᠣᠬᠢᠷᠲᠤᠯ ᠥᠬᠡᠶ ᠴᠠᠬᠢᠯᠭᠠᠨ ᠪᠤᠯᠤᠨ ᠪᠣᠬᠢᠷᠲᠤᠯ ᠥᠬᠡᠶ ᠴᠠᠬᠢᠯᠭᠠᠨ ᠤ᠋ ᠦᠨᠡᠮᠯᠡᠯ ᠤ᠋ᠨ ᠦᠶ᠋ᠯᠡᠳᠪᠦᠷᠢᠯᠡᠯ ᠪᠣᠷᠣᠯᠠᠭᠤᠯᠭ᠎ᠠ ᠬᠡᠷᠡᠭᠯᠡᠭᠡ ᠵᠢ ᠨᠢᠭᠡ ᠴᠣᠭ᠍ᠴᠠᠵᠢᠭᠤᠯᠬᠤ ᠵᠢ ᠲᠤᠯᠭᠠᠭᠤᠷᠢᠯᠠᠨ᠎ᠠ᠃ ᠱᠢᠨ᠎ᠡ ᠡᠨᠧᠷᠭᠢ ᠶ᠋ᠢ ᠴᠠᠬᠢᠯᠭᠠᠨ ᠲᠣᠣᠷ ᠲᠦ᠍ ᠵᠠᠯᠭᠠᠬᠤ 《ᠰᠠᠭᠠᠳ ᠦᠭᠡᠢ ᠨᠡᠪᠲᠡᠷᠡᠬᠦ᠌ ᠵᠠᠮ》 ᠢ᠋ ᠢᠳᠡᠪᠬᠢᠲᠡᠢ ᠨᠡᠭᠡᠭᠡᠵᠦ᠍᠂ ᠡᠨᠡ ᠵᠢᠯ ᠴᠠᠬᠢᠯᠭᠠᠨ ᠲᠤᠤᠷ ᠲᠦ᠍ ᠵᠠᠯᠭᠠᠬᠤ ᠱᠢᠨ᠎ᠡ ᠡᠨᠧᠷᠭᠢ ᠵᠢ 3000 ᠲᠦᠮᠡᠨ ᠺᠢᠯᠦᠸᠠᠲ ᠨᠡᠮᠡᠭᠳᠡᠭᠦᠯᠤᠨ᠂ ᠪᠣᠬᠢᠷᠲᠤᠯ ᠦᠭᠡᠢ ᠴᠠᠬᠢᠯᠭᠠᠨ ᠤ᠋ ᠠᠷᠠᠯᠵᠢᠶ᠎ᠠ ᠵᠢ 900 ᠳ᠋ᠦᠩᠱᠢᠭᠤᠷ ᠺᠢᠯᠦᠸᠠᠲ ᠴᠠᠭ ᠲᠦ᠍ ᠬᠦᠷᠭᠡᠨ᠎ᠡ᠃
— ᠪᠤᠳᠤᠯᠲᠠ ᠶ᠋ᠢᠨ ᠬᠦᠴᠦᠨ ᠤ᠋ ᠰᠠᠭᠤᠷᠢ ᠵᠢ ᠪᠡᠬᠢᠵᠢᠭᠦᠯᠦᠨ᠎ᠡ᠃ ᠤᠯᠤᠰ ᠤ᠋ᠨ 《ᠵᠡᠭᠦᠨᠳᠡᠬᠢ ᠲᠤᠭ᠎ᠠ ᠵᠢ ᠪᠠᠷᠠᠭᠤᠨ ᠳ᠋ᠤ ᠪᠤᠳᠤᠬᠤ》 ᠠᠸ᠋ᠭᠠ ᠶᠡᠬᠡ ᠪᠠᠢᠯᠳᠤᠬᠤ ᠪᠣᠳᠣᠯᠭ᠎ᠠ ᠶ᠋ᠢᠨ ᠠᠵᠠ ᠲᠣᠬᠢᠶᠠᠯ ᠢ᠋ ᠠᠳᠭᠤᠨ ᠬᠣᠷᠢᠨᠭᠡᠷ ᠪᠤᠯᠤᠨ ᠤᠯᠠᠭᠠᠨᠴᠠᠪ ᠤ᠋ᠨ ᠪᠤᠳᠤᠯᠲᠠ ᠶ᠋ᠢᠨ ᠬᠦᠴᠦᠨ ᠤ᠋ ᠬᠦᠶ᠋ᠰᠦ ᠳ᠋ᠤ ᠪᠤᠬᠢᠷᠲᠤᠯ ᠦᠭᠡᠢ ᠴᠠᠬᠢᠯᠭᠠᠨ ᠨᠡᠪᠲᠡᠷᠡᠬᠦᠯᠬᠦ ᠵᠠᠮ ᠭᠠᠷᠭᠠᠵᠤ᠂ ᠦᠪᠤᠷ ᠮᠤᠩᠭᠤᠯ ᠢ᠋ ᠪᠥᠬᠥ᠌ ᠤᠯᠤᠰ ᠤ᠋ᠨ ᠪᠣᠬᠢᠷᠲᠤᠯ ᠥᠬᠡᠶ ᠪᠤᠳᠤᠯᠲᠠ ᠶ᠋ᠢᠨ ᠬᠦᠴᠦᠨ ᠢ᠋ ᠭᠠᠳᠠᠭ᠍ᠰᠢ ᠭᠠᠷᠭᠠᠬᠤ ᠥᠨᠳᠥᠷᠯᠢᠭ ᠭᠠᠵᠠᠷ ᠪᠣᠯᠭᠠᠨ ᠪᠥᠲᠥᠭᠡᠨ ᠪᠠᠢᠭᠤᠯᠬᠤ ᠳ᠋ᠤ ᠬᠦᠴᠦᠨ ᠨᠡᠮᠡᠷᠢᠯᠡᠨ᠎ᠡ᠃
— ᠵᠠᠬ᠎ᠠ ᠳᠡᠯᠭᠡᠭᠦᠷ ᠤ᠋ᠨ ᠠᠮᠢᠵᠢᠷᠠᠯ ᠤ᠋ᠨ ᠬᠦᠴᠦᠨ ᠢ᠋ ᠬᠥᠭ᠌ᠵᠢᠭᠡᠨᠡ᠃ 《ᠪᠡᠯᠡᠨ ᠪᠠᠷᠠᠭ᠎ᠠ + ᠳᠤᠮᠳᠠ ᠣᠷᠳᠣ ᠬᠤᠭᠤᠴᠠᠭ᠎ᠠ + ᠲᠤᠰᠠᠯᠠᠬᠤ ᠦᠶ᠋ᠯᠡᠴᠢᠯᠡᠭᠡ + ᠪᠤᠬᠢᠷᠲᠤᠯ ᠦᠭᠡᠢ ᠴᠠᠬᠢᠯᠭᠠᠨ + ᠪᠤᠬᠢᠷᠲᠤᠯ ᠦᠭᠡᠢ ᠴᠠᠬᠢᠯᠭᠠᠨ ᠤ᠋ ᠦᠨᠡᠮᠯᠡᠯ》 ᠤ᠋ᠨ ᠬᠠᠮᠵᠢᠯᠴᠠᠬᠤ ᠵᠠᠬ᠎ᠠ ᠳᠡᠯᠭᠡᠭᠦᠷ ᠤ᠋ᠨ ᠱᠢᠰᠲ᠋ᠧᠮ ᠢ᠋ ᠲᠡᠭᠦᠯᠳᠡᠷᠵᠢᠭᠦᠯᠵᠦ᠍᠂ ᠪᠤᠬᠢᠷᠲᠤᠯ ᠦᠭᠡᠢ ᠴᠠᠬᠢᠯᠭᠠᠨ ᠤ᠋ ᠱᠢᠭᠤᠳ ᠬᠣᠯᠪᠣᠬᠤ ᠦᠷᠳᠡᠭ ᠤ᠋ᠨ ᠵᠠᠮ ᠢ᠋ ᠨᠡᠪᠲᠡᠷᠡᠭᠦᠯᠤᠨ᠂ 2027 ᠣᠨ ᠳ᠋ᠤ ᠨᠡᠭᠦᠷᠡᠰᠦᠲᠥ᠋ᠷᠥᠭ᠌ᠴᠢ ᠶᠡᠬᠡᠲᠡᠶ ᠠᠵᠢᠯ ᠲᠥᠷᠥᠯ ᠤ᠋ᠨ ᠨᠡᠭᠦᠷᠡᠰᠦᠲᠥ᠋ᠷᠥᠭ᠌ᠴᠢ ᠶ᠋ᠢᠨ ᠤᠯᠠ ᠮᠥᠷ ᠤ᠋ᠨ ᠲᠣᠭᠠᠴᠠᠭ᠎ᠠ ᠬᠢᠬᠦ᠌ ᠱᠢᠰᠲ᠋ᠧᠮ ᠢ᠋ ᠲᠡᠭᠦᠯᠳᠡᠷᠵᠢᠭᠦᠯᠵᠦ᠍᠂ ᠨᠡᠭᠦᠷᠡᠰᠦᠳᠦ᠋ᠷᠦᠭᠴᠢ ᠦᠯᠦ ᠭᠠᠳᠠᠬᠰᠢᠯᠠᠭᠤᠯᠬᠤ ᠬᠦᠷᠢᠶᠡᠯᠡᠩ ᠲᠣᠭᠣᠷᠢᠭ ᠤ᠋ᠨ ᠴᠡᠪᠡᠷ ᠡᠨᠧᠷᠭᠢ ᠶ᠋ᠢᠨ ᠡᠵᠡᠯᠡᠬᠦ᠌ ᠬᠠᠷᠢᠴᠠᠯ ᠢ᠋ 90% ᠡᠴᠡ ᠳᠠᠪᠠᠭᠤᠯᠤᠨ᠎ᠠ; 2030 ᠣᠨ ᠪᠤᠯᠬᠤ ᠳ᠋ᠤ ᠦᠶ᠋ᠯᠡᠳᠪᠦᠷᠢ ᠬᠤᠳᠠᠯᠳᠤᠭᠠᠨ ᠤ᠋ ᠬᠡᠷᠡᠭ᠌ᠯᠡᠭ᠌ᠴᠢᠳ ᠢ᠋ ᠪᠦᠬᠦᠨ ᠢ᠋ ᠪᠤᠬᠢᠷᠲᠤᠯ ᠦᠭᠡᠢ ᠴᠠᠬᠢᠯᠭᠠᠨ ᠤ᠋ ᠵᠠᠬ᠎ᠠ ᠳᠡᠯᠭᠡᠭᠦᠷ ᠲᠦ᠍ ᠣᠷᠣᠭᠤᠯᠵᠤ᠂ ᠪᠣᠬᠢᠷᠲᠤᠯ ᠥᠬᠡᠶ ᠴᠠᠬᠢᠯᠭᠠᠨ ᠤ᠋ ᠵᠠᠬ᠎ᠠ ᠳᠡᠯᠭᠡᠭᠦᠷ ᠬᠢᠭᠡᠳ ᠣᠷᠴᠢᠨ ᠲᠣᠭᠣᠷᠢᠨ ᠤ᠋ ᠥᠷᠲᠡᠭ ᠢ᠋ ᠭᠦᠶ᠋ᠴᠡᠳ ᠪᠠᠳᠠᠷᠠᠭᠤᠯᠤᠨ᠎ᠠ᠃
— ᠱᠢᠯᠢᠳᠡᠭ ᠦᠢᠯᠡᠴᠢᠯᠡᠭᠡ ᠵᠢ ᠴᠢᠩᠭᠠᠳᠬᠠᠨ᠎ᠠ᠃ ᠦᠪᠦᠷ ᠮᠣᠩᠭᠣᠯ ᠤ᠋ᠨ ᠴᠠᠬᠢᠯᠭᠠᠨ ᠬᠦᠴᠦᠨ ᠤ᠋ ᠣᠶᠤᠨᠴᠢ ᠦᠢᠯᠡᠴᠢᠯᠡᠭᠡᠨ ᠤ᠋ ᠲᠠᠪᠴᠠᠩ ᠢ᠋ ᠪᠠᠢᠭᠤᠯᠵᠤ᠂ 24 ᠴᠠᠭ ᠵᠢᠡᠷ ᠰᠦᠯᠵᠢᠶᠡᠨ ᠳᠡᠭᠡᠷ᠎ᠡ ᠦᠢᠯᠡᠴᠢᠯᠡᠬᠦ᠌ ᠵᠢ ᠪᠡᠶᠡᠯᠡᠭᠦᠯᠦᠨ᠎ᠡ᠃ ᠬᠣᠲᠠ ᠬᠥᠳᠡᠭᠡ ᠶ᠋ᠢᠨ ᠴᠠᠬᠢᠯᠭᠠᠨ ᠲᠤᠤᠷ ᠢ᠋ ᠵᠣᠬᠢᠴᠠᠭᠤᠯᠤᠨ ᠲᠠᠰ ᠳᠡᠪᠱᠢᠭᠦᠯᠬᠦ᠌ ᠵᠢ ᠲᠦᠷᠭᠡᠳᠭᠡᠨ ᠠᠬᠢᠭᠤᠯᠵᠤ᠂ ᠡᠨᠡ ᠵᠢᠯ ᠮᠠᠯᠵᠢᠬᠤ ᠲᠠᠷᠢᠶᠠᠯᠠᠬᠤ ᠣᠷᠣᠨ ᠤ᠋ 1700 ᠵᠤᠷᠪᠤᠰ ᠴᠠᠬᠢᠯᠭᠠᠨ ᠲᠦᠭᠡᠭᠡᠬᠦ᠌ ᠱᠤᠭᠤᠮ ᠢ᠋ ᠥᠭᠡᠷᠡᠴᠢᠯᠡᠨ ᠪᠠᠢᠭᠤᠯᠵᠤ᠂ ᠱᠢᠶᠠᠨ ᠤ᠋ ᠬᠡᠪᠴᠢᠶᠡᠨ ᠤ᠋ 《ᠴᠠᠬᠢᠯᠭᠠᠨ ᠵᠣᠭ᠍ᠰᠣᠭᠠᠬᠤ ᠦᠭᠡᠢ ᠪᠠᠷ ᠴᠠᠬᠢᠯᠭᠠᠨ ᠬᠦᠴᠦᠨ ᠤ᠋ ᠰᠢᠰᠲᠸᠮ ᠤ᠋ᠨ ᠠᠵᠢᠯ ᠢ᠋ ᠦᠷᠨᠢᠭᠦᠯᠬᠦ》 ᠵᠢᠱ᠌ᠢᠶ᠎ᠡ ᠦᠵᠡᠭᠦᠯᠬᠦ᠌ ᠲᠣᠭᠣᠷᠢᠭ ᠢ᠋ 15 ᠪᠠᠢᠭᠤᠯᠵᠤ᠂ ᠪᠣᠢᠳᠠ ᠪᠦᠭ᠌ᠯᠡᠭᠦᠦ ᠭᠠᠴᠠᠭ᠎ᠠ ᠪᠤᠯᠤᠨ ᠬᠢᠯᠢ ᠬᠢᠵᠠᠭᠠᠷ ᠤ᠋ᠨ ᠮᠠᠯᠵᠢᠬᠤ ᠣᠷᠣᠨ ᠳ᠋ᠤ ᠲᠤᠤᠷ ᠴᠠᠬᠢᠯᠭᠠᠨ ᠢ᠋ 《ᠨᠡᠪᠲᠡᠷᠡᠭᠦᠯᠬᠦ᠌ ᠶᠣᠰᠣᠲᠠᠶ ᠳ᠋ᠤᠨᠢ ᠪᠦᠬᠦᠨ ᠢ᠋ ᠨᠡᠪᠲᠡᠷᠡᠭᠦᠯᠬᠦ᠌》 ᠵᠢ ᠪᠡᠶᠡᠯᠡᠭᠦᠯᠵᠦ᠍᠂ ᠠᠷᠠᠳ ᠣᠯᠠᠨ ᠤ᠋ ᠴᠠᠬᠢᠯᠭᠠᠨ ᠬᠡᠷᠡᠭ᠌ᠯᠡᠬᠦ ᠬᠦᠷᠲᠡᠮᠵᠢ ᠶ᠋ᠢᠨ ᠲᠥᠷᠥᠭ᠌ᠳᠡᠯ ᠪᠠ ᠵᠢᠷᠭᠠᠯᠲᠤ ᠲᠥᠷᠥᠭ᠌ᠳᠡᠯ ᠢ᠋ ᠦᠨᠡᠨ ᠬᠦ᠌ ᠳᠡᠭᠡᠭ᠌ᠰᠢᠯᠡᠭᠦᠯᠬᠦ ᠪᠤᠯᠤᠨ᠎ᠠ᠃