4 ᠰᠠᠷ᠎ᠠ᠎ᠶ᠋ᠢᠨ 8 ᠤ᠋ ᠡᠳᠦᠷ᠂ ᠪᠦᠬᠦ᠌ ᠣᠷᠣᠨ᠎ᠤ ᠵᠠᠰᠠᠭ ᠤ᠋ᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠠᠵᠢᠯ᠎ᠢ ᠠᠬᠢᠭᠤᠯᠬᠤ ᠬᠤᠷᠠᠯ ᠵᠢᠴᠢ ᠱᠠᠯᠠᠪᠳᠠᠭᠤᠯᠤᠨ ᠵᠢᠯᠣᠭᠣᠳᠭᠤ ᠳᠤᠭᠤᠢᠯᠠᠩ᠎ᠤᠨ ᠳᠠᠢ᠌ᠴᠢᠯᠠᠯᠳᠠ ᠪᠣᠯᠪᠠᠰᠤᠷᠠᠯ ᠤ᠋ᠨ ᠬᠤᠷᠠᠯ ᠬᠤᠷᠠᠯᠳᠤᠪᠠ᠃ ᠬᠤᠷᠠᠯ᠎ᠡᠴᠡ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠵᠤ᠂ ᠵᠠᠰᠠᠭ ᠤ᠋ᠨ ᠠᠵᠢᠯ᠎ᠤᠨ ᠪᠦᠳᠤᠮᠵᠢ ᠵᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠲᠥᠪ᠎ᠦᠨ ᠵᠢᠯᠣᠭᠣᠳᠭᠤ ᠳᠤᠭᠤᠢᠯᠠᠩ᠎ᠤᠨ ᠪᠣᠯᠪᠠᠰᠤᠷᠠᠯ᠎ᠤᠨ ᠬᠤᠷᠠᠯ᠎ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠡᠮᠦᠨ᠎ᠡ ᠬᠡᠰᠡᠭ ᠬᠤᠭᠤᠴᠠᠭᠠᠨ᠎ᠤ ᠠᠵᠢᠯ᠎ᠢ ᠳ᠋ᠦᠩᠨᠡᠵᠦ᠍᠂ ᠣᠷᠣᠱᠢᠵᠤ ᠪᠠᠢᠭ᠎ᠠ ᠠᠰᠠᠭᠤᠳᠠᠯ᠎ᠢ ᠰᠤᠳᠤᠯᠤᠨ ᠱᠢᠶ᠋ᠳᠪᠦᠷᠢᠯᠡᠵᠦ᠍᠂ ᠲᠠᠷᠠᠭᠠᠴᠢ᠎ᠶ᠋ᠢᠨ ᠱᠠᠲᠤᠨ᠎ᠤ ᠡᠭᠦᠷᠭᠡ᠎ᠶ᠋ᠢ ᠲᠣᠬᠢᠷᠠᠭᠤᠯᠤᠨ ᠪᠠᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠤᠷᠤᠯᠴᠠᠯᠭ᠎ᠠ ᠬᠥᠮᠦᠵᠢᠯ᠎ᠦᠨ ᠱᠠᠯᠠᠪᠳᠠᠭᠤᠯᠤᠨ ᠵᠢᠯᠣᠭᠣᠳᠭᠤ ᠳᠤᠭᠤᠢᠯᠠᠩ᠎ᠢ ᠳᠠᠢᠴᠢᠯᠠᠨ ᠪᠣᠯᠪᠠᠰᠤᠷᠠᠭᠤᠯᠪᠠ᠃
ᠬᠤᠷᠠᠯ᠎ᠡᠴᠡ᠂ ᠪᠥᠬᠥ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠵᠢᠨ ᠬᠢᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ ᠵᠢᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠣᠢᠯᠠᠭᠠᠵᠤ᠂ ᠦᠷᠭᠦᠯᠵᠢ ᠪᠠᠷᠢᠮᠵᠢᠶᠠᠯᠠᠨ ᠬᠠᠷᠭᠤᠭᠤᠯᠵᠤ᠂ ᠵᠥᠷᠢᠶ᠎ᠡ᠎ᠪᠡᠨ ᠲᠠᠰᠤᠷᠠᠯᠲᠠ ᠥᠬᠡᠶ ᠵᠠᠯᠠᠷᠠᠭᠤᠯᠵᠤ᠂ ᠰᠤᠷᠤᠯᠴᠠᠯᠭ᠎ᠠ ᠬᠥᠮᠦᠵᠢᠯ᠎ᠦᠨ ᠢᠮᠠᠭ᠍ᠲᠠ ᠵᠥᠪ ᠴᠢᠭ᠌ᠯᠡᠯ᠎ᠢᠶᠡᠷ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠬᠰᠡᠨ》 ᠢ᠋ ᠡᠷᠡᠰ ᠬᠦᠷᠢᠶᠡᠯᠡᠵᠤ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ ᠭᠡᠵᠤ ᠵᠢᠭᠠᠵᠤ ᠭᠠᠷᠭᠠᠪᠠ᠃
ᠬᠤᠷᠠᠯ᠎ᠡᠴᠡ᠂ ᠰᠤᠷᠤᠯᠴᠠᠯᠭ᠎ᠠ ᠬᠥᠮᠦᠵᠢᠯ᠎ᠦᠨ ᠴᠠᠭ ᠪᠠᠴᠢᠮ᠂ ᠡᠭᠦᠷᠭᠡ ᠬᠦᠨᠳᠦ᠂ ᠱᠠᠭᠠᠷᠳᠠᠯᠭ᠎ᠠ ᠥᠨᠳᠥᠷ ᠶᠤᠮ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠣᠳᠣᠬᠠᠨ᠎ᠤ ᠠᠵᠢᠯ᠎ᠤᠨ ᠭᠣᠣᠯᠳᠠᠯᠭ᠎ᠠ᠎ᠪᠠᠨ ᠣᠨᠣᠪᠴᠢᠲᠠᠢ ᠡᠵᠡᠮᠳᠡᠵᠦ᠍᠂ ᠰᠤᠷᠤᠯᠴᠠᠵᠥ᠍ ᠰᠤᠳᠤᠯᠤᠨ ᠶᠠᠷᠢᠯᠴᠠᠬᠤ ᠪᠠᠨ ᠦᠷᠭᠦᠯᠵᠢᠯᠡᠨ ᠭᠦᠨᠵᠡᠭᠡᠢᠷᠡᠭᠦᠯᠵᠦ᠍᠂ ᠠᠰᠠᠭᠤᠳᠠᠯ᠎ᠢ ᠴᠢᠩᠭ᠎ᠠ ᠪᠣᠳᠠᠲᠠᠢ᠎ᠪᠠᠷ ᠪᠠᠢᠴᠠᠭᠠᠨ ᠳᠡᠯᠭᠡᠵᠦ᠍᠂ ᠬᠦᠯᠢᠶᠡᠬᠦ᠌ ᠦᠬᠡᠢ ᠲᠦᠱᠢᠭ᠌ᠯᠡᠬᠦ᠌ ᠦᠬᠡᠢ ᠪᠡᠷ ᠴᠡᠭ᠌ᠴᠡᠯᠡᠨ ᠰᠠᠢᠵᠢᠷᠠᠭᠤᠯᠵᠤ᠂ ᠲᠦᠷᠢᠮ ᠲᠣᠭ᠍ᠲᠠᠭᠠᠯ ᠲᠣᠭ᠍ᠲᠠᠭᠠᠬᠤ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠡᠭᠦᠳᠡ᠎ᠪᠡᠨ ᠨᠡᠭᠡᠭᠡᠬᠦ᠌ ᠬᠥᠮᠦᠵᠢᠯ᠎ᠢ ᠨᠠᠷᠢᠨ ᠬᠢᠨᠠᠮᠠᠭᠠᠢ ᠰᠠᠢᠲᠤᠷ ᠬᠢᠵᠦ᠍᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠪᠣᠳᠠᠲᠤ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ 6 ᠱᠠᠯᠠᠪᠳᠠᠭᠤᠯᠤᠨ ᠵᠢᠯᠣᠭᠣᠳᠭᠤ ᠳᠤᠭᠤᠢᠯᠠᠩ ᠲᠣᠮᠢᠯᠠᠵᠤ 21 ᠭᠠᠵᠠᠷ ᠣᠷᠣᠨ ᠪᠠ ᠰᠠᠯᠠᠭ᠎ᠠ ᠮᠥᠴᠢᠷ ᠨᠢᠭᠡᠴᠢ ᠳᠤ ᠱᠠᠯᠠᠪᠳᠠᠭᠤᠯᠤᠨ ᠵᠢᠯᠣᠭᠣᠲᠤᠯᠭᠠ ᠬᠢᠵᠤ ᠪᠠᠢᠭ᠎ᠠ ᠨᠢ᠂ ᠴᠡᠭ᠎ᠢᠶᠡᠷ ᠨᠡᠢᠳᠡᠮ᠎ᠢ ᠠᠬᠢᠭᠤᠯᠤᠨ ᠰᠤᠷᠤᠯᠴᠠᠯᠭ᠎ᠠ ᠬᠥᠮᠦᠵᠢᠯ᠎ᠦᠨ ᠡᠷᠡᠭᠦᠯ ᠪᠥᠭᠡᠳ ᠡᠮᠬᠢ ᠵᠢᠷᠤᠮ᠎ᠲᠠᠶ ᠥᠷᠨᠢᠬᠦ᠌᠎ᠶ᠋ᠢ ᠠᠬᠢᠭᠤᠯᠬᠤ ᠬᠦᠴᠦᠲᠡᠢ ᠠᠷᠭ᠎ᠠ ᠬᠡᠮᠵᠢᠢ᠎ᠡ ᠪᠣᠯᠤᠨ᠎ᠠ᠃ ᠱᠠᠯᠠᠪᠳᠠᠭᠤᠯᠤᠨ ᠵᠢᠯᠣᠭᠣᠳᠭᠤ ᠳᠤᠭᠤᠢᠯᠠᠩ᠎ᠤᠨ᠎ᠬᠢᠨ ᠱᠠᠯᠠᠪᠳᠠᠭᠤᠯᠤᠨ ᠵᠢᠯᠣᠭᠣᠳᠭᠤ ᠭᠤᠤᠯᠳᠠᠯᠭ᠎ᠠ᠂ ᠱᠠᠯᠠᠪᠳᠠᠭᠤᠯᠤᠨ ᠵᠢᠯᠣᠭᠣᠳᠭᠤ ᠡᠭᠦᠷᠭᠡ ᠪᠣᠯᠤᠨ ᠱᠠᠯᠠᠪᠳᠠᠭᠤᠯᠤᠨ ᠵᠢᠯᠣᠭᠣᠳᠭᠤ ᠱᠠᠭᠠᠷᠳᠠᠯᠭ᠎ᠠ᠎ᠶ᠋ᠢ ᠲᠣᠳᠣᠷᠬᠠᠢᠯᠠᠵᠤ᠂ ᠠᠰᠠᠭᠤᠳᠠᠯ᠎ᠳᠦ ᠴᠢᠭᠯᠡᠭᠦᠯᠦᠨ᠂ ᠠᠰᠠᠭᠤᠳᠠᠯ᠎ᠢ ᠠᠨᠭᠬᠠᠷᠤᠨ ᠠᠳᠭᠤᠵᠤ᠂ ᠬᠠᠷᠢᠭᠤᠴᠠᠯᠭ᠎ᠠ ᠪᠣᠯᠤᠨ ᠳᠠᠷᠤᠯᠲᠠ᠎ᠶ᠋ᠢ ᠪᠦᠲᠦᠮᠵᠢᠲᠡᠶ ᠳᠠᠮᠵᠢᠭᠤᠯᠵᠤ᠂ ᠴᠢᠨᠠᠷ ᠰᠠᠢᠲᠠᠶ ᠱᠠᠯᠠᠪᠳᠠᠭᠤᠯᠤᠨ ᠵᠢᠯᠣᠭᠣᠳᠭᠤ᠎ᠪᠠᠷ ᠳᠠᠮᠵᠢᠭᠤᠯᠤᠨ ᠰᠤᠷᠤᠯᠴᠠᠯᠭ᠎ᠠ ᠬᠥᠮᠦᠵᠢᠯ᠎ᠦᠨ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃
ᠬᠤᠷᠠᠯ᠎ᠢ ᠸᠢᠳᠢᠣ᠋ ᠬᠡᠯᠪᠡᠷᠢ᠎ᠪᠡᠷ ᠬᠤᠷᠠᠯᠳᠤᠭᠤᠯᠵᠤ᠂ ᠡᠯ᠎ᠡ ᠠᠢᠮᠠᠭ ᠬᠤᠳᠠ᠎ᠳᠤ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠵᠠᠢ᠃