ᠪᠥᠬᠥ᠌ ᠴᠡᠷᠢᠭ᠎ᠦᠨ ᠳᠡᠭᠡᠳᠦ ᠵᠡᠷᠭᠡ᠎ᠶ᠋ᠢᠨ ᠺᠠᠳ᠋ᠷᠴᠤᠳ᠎ᠤᠨ ᠪᠣᠯᠪᠠᠰᠤᠷᠠᠯ᠎ᠤᠨ ᠠᠩᠭᠢ 8᠎ᠤ᠋ ᠦᠳᠡ᠎ᠶ᠋ᠢᠨ ᠡᠮᠦᠨ᠎ᠡ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠶᠡᠬᠡ ᠰᠤᠷᠭᠠᠭᠤᠯᠢ᠎ᠳᠤ ᠰᠤᠷᠤᠯᠭ᠎ᠠ ᠡᠬᠢᠯᠡᠪᠡ᠃ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠰᠤᠷᠤᠯᠭ᠎ᠠ ᠡᠬᠢᠯᠡᠬᠦ᠌ ᠶᠣᠰᠣᠯᠠᠯ᠎ᠳᠤ ᠣᠷᠣᠯᠴᠠᠭ᠍ᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠦᠵᠡᠯ ᠰᠠᠨᠠᠭᠠᠨ᠎ᠤ ᠰᠤᠷᠲᠠᠯ ᠴᠡᠭ᠌ᠴᠡᠯᠡᠯᠲᠡ᠎ᠶ᠋ᠢ ᠥᠷᠨᠢᠭᠦᠯᠵᠦ᠍᠂ ᠤᠯᠤᠰ ᠲᠦᠷᠦ᠍᠎ᠶ᠋ᠢᠨ ᠴᠡᠭ᠌ᠴᠡᠯᠡᠯᠲᠡ ᠪᠤᠯᠪᠠᠰᠤᠷᠠᠯ ᠢ᠋ ᠭᠦᠨᠵᠡᠭᠡᠢᠷᠡᠭᠦᠯᠵᠦ᠍᠂ ᠮᠠᠨ᠎ᠤ ᠴᠡᠷᠢᠭ᠎ᠦᠨ ᠺᠠᠳ᠋ᠷ᠎ᠤᠨ ᠡᠩᠨᠡᠭᠡ᠎ᠶ᠋ᠢᠨ ᠬᠤᠪᠢᠰᠭᠠᠯᠲᠤ ᠴᠢᠨᠠᠷᠲᠠᠢ ᠳᠠᠪᠲᠠᠯᠲᠠ᠎ᠶ᠋ᠢ ᠴᠢᠩᠭᠠᠳᠭᠠᠵᠤ᠂ ᠠᠷᠠᠳ᠎ᠤᠨ ᠴᠡᠷᠢᠭ ᠠᠩᠬᠢ᠎ᠶ᠋ᠢᠨ ᠠᠷᠢᠭᠤᠨ ᠴᠡᠪᠡᠷ ᠢᠷᠠᠭᠤ ᠠᠯᠳᠠᠷ᠎ᠢ ᠢᠮᠠᠭ᠍ᠲᠠ ᠪᠠᠲᠤᠯᠠᠵᠤ᠂ ᠴᠣ ᠱᠢᠨ᠎ᠡ ᠤᠯᠤᠰ ᠲᠦᠷᠦ᠍᠎ᠶ᠋ᠢᠨ ᠳᠦᠷᠰᠦ ᠪᠠᠢᠳᠠᠯ᠎ᠢᠶᠠᠷ ᠴᠡᠷᠢᠭ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠎ᠶ᠋ᠢ ᠤᠭ᠍ᠲᠤᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

4 ᠰᠠᠷ᠎ᠠ ᠵᠢᠨ 8 ᠤ᠋ ᠦᠳᠡ ᠵᠢᠨ ᠡᠮᠤᠨ᠎ᠠ᠂ ᠪᠥᠬᠥ᠌ ᠴᠡᠷᠢᠭ᠎ᠦᠨ ᠳᠡᠭᠡᠳᠦ ᠵᠡᠷᠭᠡ᠎ᠶ᠋ᠢᠨ ᠺᠠᠳ᠋ᠷᠴᠤᠳ᠎ᠤᠨ ᠪᠣᠯᠪᠠᠰᠤᠷᠠᠯ᠎ᠤᠨ ᠠᠩᠭᠢ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠶᠡᠬᠡ ᠰᠤᠷᠭᠠᠭᠤᠯᠢ᠎ᠳᠤ ᠰᠤᠷᠤᠯᠭ᠎ᠠ ᠡᠬᠢᠯᠡᠪᠡ᠃ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠰᠤᠷᠤᠯᠭ᠎ᠠ ᠡᠬᠢᠯᠡᠬᠦ᠌ ᠶᠣᠰᠣᠯᠠᠯ᠎ᠳᠤ ᠣᠷᠣᠯᠴᠠᠭ᠍ᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠯᠢ ᠭᠠᠩ ᠰᠡᠬᠦᠳᠡᠷᠯᠡᠪᠡ
ᠰᠢ ᠵᠢᠨ ᠫᠢᠩ᠂ ᠮᠠᠨ᠎ᠤ ᠨᠠᠮ ᠮᠠᠨ᠎ᠤ ᠴᠡᠷᠢᠭ ᠪᠣᠯ ᠬᠦᠰᠡᠯᠡᠩ ᠢᠲᠡᠭᠡᠯ ᠪᠢᠱᠢᠷᠡᠯ᠎ᠢᠶᠡᠷ ᠨᠢᠭ᠍ᠲᠠᠷᠠᠵᠤ ᠪᠠᠢᠳᠠᠭ᠂ ᠡᠨᠡ ᠬᠦ᠌ ᠨᠠᠮ᠂ ᠡᠨᠡ ᠬᠦ᠌ ᠴᠡᠷᠢᠭ ᠠᠩᠭᠢ᠎ᠳᠤ ᠣᠷᠣᠬᠤ᠎ᠳᠤ ᠮᠠᠷᠺᠰ᠎ᠤᠨ ᠦᠵᠡᠯ᠎ᠢ ᠪᠠᠲᠤ ᠢᠲᠡᠭᠡᠵᠦ᠍᠂ ᠨᠠᠮ᠎ᠤᠨ ᠢᠲᠡᠭᠡᠯ ᠪᠢᠱᠢᠷᠡᠯ᠂ ᠨᠠᠮ᠎ᠤᠨ ᠵᠣᠬᠢᠶᠠᠨ ᠪᠠᠢᠭᠤᠯᠤᠯᠲᠠ᠂ ᠨᠠᠮ᠎ᠤᠨ ᠦᠢᠯᠡᠰ᠎ᠲᠦ ᠦᠨᠡᠨᠴᠢ ᠱᠢᠳᠤᠷᠭᠤ ᠪᠠᠢᠬᠤ ᠬᠡᠷᠡᠭ᠌ᠲᠡᠢ᠃ ᠨᠠᠮ᠎ᠤᠨ ᠱᠢᠨᠡᠡᠬᠦᠳᠤᠯᠳᠠ ᠵᠢᠨ ᠤᠨᠤᠯ᠎ᠢ ᠬᠢᠨᠠᠮᠠᠭᠠᠢ ᠰᠤᠷᠤᠯᠴᠠᠵᠤ᠂ ᠲᠡᠭᠦᠨ᠎ᠳᠦ ᠲᠤᠭᠤᠱᠢᠯᠠᠭ᠍ᠳᠠᠵᠤ ᠪᠠᠢᠭ᠎ᠠ ᠮᠠᠷᠺᠰ᠎ᠤᠨ ᠦᠵᠡᠯ᠎ᠦᠨ ᠵᠣᠭ᠍ᠰᠣᠯᠲᠠ ᠦᠵᠡᠯᠲᠡ ᠠᠷᠭ᠎ᠠ᠎ᠶ᠋ᠢ ᠡᠵᠡᠮᠱᠢᠵᠦ᠍᠂ ᠤᠨᠤᠯ᠎ᠤᠨ ᠲᠠᠯ᠎ᠠ᠎ᠪᠠᠷ ᠰᠡᠷᠭᠡᠭ ᠪᠠᠢᠳᠠᠯ ᠵᠢᠡᠷ ᠤᠯᠤᠰ ᠲᠦᠷᠦ᠍᠎ᠶ᠋ᠢᠨ ᠲᠠᠯ᠎ᠠ᠎ᠪᠠᠷ ᠡᠷᠡᠰ ᠪᠠᠲᠤ ᠪᠠᠢᠬᠤ᠎ᠶ᠋ᠢ ᠪᠠᠲᠤᠯᠠᠬᠤ ᠬᠡᠷᠡᠭ᠌ᠲᠡᠢ᠃ ᠴᠡᠷᠢᠭ ᠠᠩᠭᠢ᠎ᠶ᠋ᠢᠨ ᠤᠳᠤᠷᠢᠳᠭᠤ ᠺᠠᠳ᠋ᠷᠴᠤᠳ ᠢᠯᠠᠩᠭᠤᠶ᠎ᠠ ᠳᠡᠭᠡᠳᠦ ᠵᠡᠷᠭᠡ᠎ᠶ᠋ᠢᠨ ᠺᠠᠳ᠋ᠷᠴᠤᠳ ᠲᠦᠷᠦᠭᠦᠯᠡᠨ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠲᠥᠪ ᠴᠢᠩᠭ᠎ᠠ ᠪᠠᠢᠯᠭᠠᠵᠤ᠂ ᠦᠨᠡᠨ ᠦᠭᠡ ᠬᠡᠯᠡᠬᠦ᠌ ᠰᠠᠢ᠌ᠨ ᠦᠯᠢᠭᠡᠷ ᠳᠠᠭᠤᠷᠢᠶᠠᠯ ᠪᠤᠯᠵᠤ᠂ ᠪᠠᠭ᠍ᠲᠠᠭᠠᠵᠤ ᠳᠡᠢᠯᠬᠦ᠌ ᠠᠭᠤᠳᠠᠮᠴᠢ ᠪᠠᠭ᠍ᠲᠠᠭᠠᠮᠵᠢ᠎ᠵᠢ ᠪᠤᠯᠪᠠᠰᠤᠷᠠᠭᠤᠯᠵᠤ᠂ ᠪᠣᠳᠠᠲᠤ ᠪᠠᠢᠳᠠᠯ᠎ᠢ ᠬᠡᠯᠡᠬᠦ᠌᠂ ᠢᠳᠭᠠᠯ ᠰᠠᠨᠠᠭᠤᠯᠭ᠎ᠠ ᠳᠤᠷᠠᠳᠭᠤ᠂ ᠵᠣᠷᠢᠭ᠍ᠲᠠᠢ ᠲᠡᠮᠡᠴᠡᠬᠦ᠌ ᠭᠦᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠬᠤ ᠬᠡᠷᠡᠭ᠌ᠲᠡᠢ ᠭᠡᠵᠤ ᠵᠢᠭᠠᠵᠤ ᠭᠠᠷᠭᠠᠪᠠ᠃
ᠰᠢ ᠵᠢᠨ ᠫᠢᠩ᠂ ᠮᠠᠨ᠎ᠤ ᠨᠠᠮ ᠪᠣᠯ ᠢᠮᠠᠭ᠍ᠲᠠ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠲᠥᠯᠥᠭᠡᠯᠡᠳᠡᠭ ᠮᠠᠷᠺᠰ᠎ᠤᠨ ᠦᠵᠡᠯ᠎ᠦᠨ ᠲᠦᠷᠦ᠍᠎ᠶ᠋ᠢᠨ ᠨᠠᠮ ᠮᠥᠨ᠂ ᠶᠠᠮᠠᠷᠪᠠ ᠥᠪᠡᠷ᠎ᠦᠨ ᠣᠨᠴᠠᠭᠠᠢ ᠠᠱᠢᠭ ᠲᠤᠰᠠ ᠭᠡᠵᠦ᠍ ᠪᠠᠢᠬᠤ ᠦᠭᠡᠢ᠂ ᠠᠯᠢᠪᠠ ᠬᠤᠪᠢ᠎ᠪᠠᠨ ᠪᠣᠷᠳᠣᠵᠤ ᠢᠯᠵᠢᠷᠠᠨ ᠲᠤᠷᠤᠢ᠌ᠳᠠᠬᠤ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠨᠢ ᠴᠥᠮ ᠨᠠᠮ᠎ᠤᠨ ᠱᠢᠨᠵᠢ ᠴᠢᠨᠠᠷ ᠵᠣᠷᠢᠯᠲᠠ᠎ᠲᠠᠶ ᠤᠬ᠍ᠳᠤ ᠨᠡᠢᠴᠡᠬᠦ᠌ ᠦᠭᠡᠢ ᠶᠤᠮ᠃ ᠴᠡᠷᠢᠭ ᠠᠩᠭᠢ᠎ᠶ᠋ᠢᠨ ᠡᠯ᠎ᠡ ᠱᠠᠲᠤᠨ᠎ᠤ ᠺᠠᠳ᠋ᠷᠴᠤᠳ ᠤᠬᠠᠮᠰᠠᠷ᠎ᠡᠴᠡ᠎ᠪᠠᠨ ᠵᠥᠪ ᠪᠠᠢᠷᠢᠨ᠎ᠳᠤ ᠪᠠᠢᠵᠤ᠂ ᠤᠯᠠᠨ ᠲᠦᠮᠡᠨ᠎ᠦ ᠵᠣᠭ᠍ᠰᠣᠯᠲᠠ᠎ᠳᠤ ᠪᠠᠲᠤ ᠵᠣᠭ᠍ᠰᠣᠵᠤ᠂ ᠤᠯᠠᠨ ᠲᠦᠮᠡᠨ᠎ᠡᠴᠡ ᠬᠥᠨᠳᠡᠢᠷᠡᠭ᠌ᠰᠡᠨ ᠠᠯᠢᠪᠠ ᠠᠮᠢᠨᠴᠢᠷ ᠰᠠᠨᠠᠭ᠎ᠠ ᠬᠤᠪᠢᠨᠴᠢᠷ ᠪᠤᠳᠤᠯ᠎ᠢ ᠲᠡᠪᠴᠢᠬᠦ᠌ ᠬᠡᠷᠡᠭ᠌ᠲᠡᠢ᠃ ᠳᠡᠭᠡᠳᠦ ᠵᠡᠷᠭᠡ᠎ᠶ᠋ᠢᠨ ᠺᠠᠳ᠋ᠷᠴᠤᠳ ᠮᠠᠨ᠎ᠤ ᠨᠠᠮ ᠮᠠᠨ᠎ᠤ ᠴᠡᠷᠢᠭ᠎ᠦᠨ ᠱᠢᠯᠢᠳᠡᠭ ᠤᠯᠠᠮᠵᠢᠯᠠᠯ᠎ᠢ ᠲᠦᠷᠦᠭᠦᠯᠡᠨ ᠰᠡᠷᠭᠦᠭᠡᠨ ᠪᠠᠳᠠᠷᠠᠭᠤᠯᠵᠤ᠂ ᠨᠣᠶᠠᠨ᠎ᠤ ᠯᠠᠷᠵᠢᠶ᠎ᠠ ᠶᠠᠩᠪᠠ᠎ᠪᠠᠨ ᠲᠠᠶᠠᠬᠲᠠᠵᠤ᠂ ᠬᠤᠪᠢᠰᠭᠠᠯᠲᠤ ᠴᠡᠷᠢᠭ᠎ᠦᠨ ᠤᠤᠷ ᠴᠢᠨᠠᠷ᠎ᠲᠠᠭᠠᠨ ᠪᠤᠴᠠᠵᠤ᠂ ᠱᠢᠨ᠎ᠡ ᠰᠤᠷᠲᠠᠯ ᠲᠥᠪ ᠰᠤᠷᠲᠠᠯ᠎ᠢ ᠴᠡᠷᠢᠭ ᠠᠩᠭᠢ᠎ᠳᠤ ᠨᠡᠩ ᠲᠡᠭᠦᠯᠳᠡᠷ ᠪᠣᠯᠭᠠᠬᠤ ᠬᠡᠷᠡᠭ᠌ᠲᠡᠢ᠃ ᠬᠠᠤᠯᠢ ᠰᠠᠬᠢᠯᠭ᠎ᠠ᠎ᠶ᠋ᠢ ᠣᠢᠯᠠᠭᠠᠬᠤ᠂ ᠶᠣᠰᠣ ᠲᠦᠷᠢᠮ᠎ᠢ ᠲᠣᠳᠣᠷᠬᠠᠢ ᠮᠡᠳᠡᠬᠦ᠌᠂ ᠪᠢᠱᠢᠷᠡᠨ ᠵᠢᠷᠦᠬᠡᠱᠢᠶᠡᠬᠦ᠌᠎ᠶ᠋ᠢ ᠮᠡᠳᠡᠬᠦ᠌ ᠬᠡᠷᠡᠭ᠌ᠲᠡᠢ᠂ ᠬᠠᠤᠯᠢ ᠲᠣᠭ᠍ᠲᠠᠭᠠᠯ ᠲᠦᠷᠢᠮ᠎ᠦᠨ ᠡᠮᠦᠨ᠎ᠡ ᠬᠥᠮᠦᠨ ᠪᠦᠬᠦᠨ ᠡᠷᠬᠡ ᠲᠡᠭ᠌ᠰᠢ ᠪᠠᠢᠬᠤ᠂ ᠬᠠᠤᠯᠢ ᠲᠣᠭ᠍ᠲᠠᠭᠠᠯ ᠲᠦᠷᠢᠮ᠎ᠢ ᠵᠢᠷᠤᠮᠯᠠᠬᠤ᠎ᠳᠤ ᠣᠨᠴᠠᠭᠠᠢ ᠪᠠᠢᠳᠠᠯ ᠥᠯᠥ ᠪᠠᠢᠬᠤ ᠂ ᠬᠠᠤᠯᠢ ᠲᠣᠭ᠍ᠲᠠᠭᠠᠯ ᠲᠦᠷᠢᠮ᠎ᠢ ᠬᠡᠷᠡᠭ᠌ᠵᠢᠭᠦᠯᠬᠦ᠌᠎ᠳᠦ ᠣᠨᠴᠠᠭᠠᠢ ᠪᠠᠢᠳᠠᠯ ᠥᠯᠥ ᠭᠠᠷᠬᠤ ᠶ᠋ᠢ ᠪᠡᠶᠡᠯᠡᠭᠦᠯᠬᠦ᠌ ᠬᠡᠷᠡᠭ᠌ᠲᠡᠢ ᠭᠡᠵᠤ ᠴᠢᠬᠤᠯᠠᠴᠢᠯᠠᠪᠠ᠃
ᠰᠢ ᠵᠢᠨ ᠫᠢᠩ᠂ ᠮᠠᠨ᠎ᠤ ᠨᠠᠮ ᠮᠠᠨ᠎ᠤ ᠴᠡᠷᠢᠭ ᠡᠯ᠎ᠡ ᠵᠦᠢᠯ᠎ᠦᠨ ᠪᠤᠷᠤᠭᠤ ᠦᠵᠡᠯ ᠰᠠᠨᠠᠭ᠎ᠠ ᠰᠤᠷᠲᠠᠯ᠎ᠤᠨ ᠲᠡᠮᠡᠴᠡᠯ ᠳᠤᠮᠳᠠ ᠲᠠᠰᠤᠷᠠᠯᠲᠠ ᠦᠭᠡᠢ ᠬᠥᠭ᠌ᠵᠢᠨ ᠪᠤᠵᠠᠭᠠᠢᠷᠠᠬᠰᠠᠨ ᠶᠤᠮ᠃ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠵᠢᠯᠤᠭᠤᠳᠤᠯᠭ᠎ᠠ ᠳᠣᠣᠷ᠎ᠠ᠂ ᠠᠷᠠᠳ᠎ᠤᠨ ᠴᠡᠷᠢᠭ ᠠᠩᠬᠢ ᠯᠠᠪᠲᠠᠢ ᠱᠢᠨ᠎ᠡ ᠲᠡᠦᠬᠡᠨ ᠨᠥᠬᠥᠴᠡᠯ ᠳᠣᠣᠷᠠᠬᠢ ᠤᠷᠢᠳ ᠡᠮᠦᠨ᠎ᠡ ᠪᠠᠢᠭ᠎ᠠ ᠦᠭᠡᠢ ᠪᠦᠯᠬᠦᠮᠳᠡᠯ ᠨᠢᠭᠡᠳᠦᠯ᠎ᠢᠶᠡᠷ ᠬᠤᠪᠢᠰᠭᠠᠯ᠎ᠤᠨ ᠤᠷᠢᠳᠤᠰ᠎ᠲᠤ ᠣᠰᠣᠯᠳᠠᠬᠤ ᠦᠭᠡᠢ᠂ ᠵᠠᠭᠤᠨ ᠵᠢᠯ᠎ᠦᠨ ᠠᠤᠭ᠎ᠠ ᠦᠢᠯᠡᠰ᠎ᠲᠦ ᠣᠰᠣᠯᠳᠠᠬᠤ ᠦᠭᠡᠢ᠂ ᠠᠭᠤᠤ ᠶᠡᠬᠡ ᠴᠠᠭ ᠦᠶ᠎ᠡ᠎ᠳᠦ ᠣᠰᠣᠯᠳᠠᠬᠤ ᠦᠭᠡᠢ ᠴᠡᠷᠢᠭ᠎ᠢ ᠬᠦᠴᠦᠷᠬᠡᠭ᠌ᠵᠢᠭᠦᠯᠵᠦ᠍ ᠴᠡᠷᠢᠭ᠎ᠢ ᠮᠠᠨᠳᠤᠭᠤᠯᠬᠤ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠶ᠋ᠢ ᠢᠲᠡᠭᠡᠵᠦ᠍ ᠪᠠᠢᠨ᠎ᠠ ᠭᠡᠵᠦ ᠵᠢᠭᠠᠵᠤ ᠭᠠᠷᠭᠠᠪᠠ᠃
ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠳᠡᠳ᠋ ᠲᠡᠷᠢᠭᠦᠯᠡᠭ᠌ᠴᠢ ᠵᠠᠩ ᠱᠧᠩ ᠮᠢᠨ ᠰᠤᠷᠤᠯᠭ᠎ᠠ ᠡᠬᠢᠯᠡᠬᠦ᠌ ᠶᠣᠰᠣᠯᠠᠯ᠎ᠢ ᠡᠷᠭᠢᠯᠡᠪᠡ᠃ ᠨᠢᠭᠡᠳᠦᠭᠡᠷ ᠬᠤᠭᠤᠴᠠᠭᠠᠨ᠎ᠤ ᠪᠦᠬᠦ᠌ ᠴᠡᠷᠢᠭ᠎ᠦᠨ ᠳᠡᠭᠡᠳᠦ ᠵᠡᠷᠭᠡ᠎ᠶ᠋ᠢᠨ ᠺᠠᠳ᠋ᠷ᠎ᠤᠨ ᠪᠣᠯᠪᠠᠰᠤᠷᠠᠯ᠎ᠤᠨ ᠠᠩᠬᠢ᠎ᠶ᠋ᠢᠨ ᠰᠤᠷᠤᠯᠭᠠᠳᠠᠨ᠂ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠪᠠᠢᠭᠤᠯᠭ᠎ᠠ᠎ᠶ᠋ᠢᠨ ᠡᠯ᠎ᠡ ᠰᠠᠯᠠᠭ᠎ᠠ ᠮᠥᠴᠢᠷ᠂ ᠴᠡᠷᠢᠭ ᠠᠩᠬᠢ᠎ᠶ᠋ᠢᠨ ᠪᠡᠭᠡᠵᠢᠩ᠎ᠳᠦ ᠰᠠᠭᠤᠭ᠎ᠠ ᠬᠣᠯᠪᠣᠭ᠍ᠳᠠᠯ ᠪᠦᠬᠦᠢ ᠨᠢᠭᠡᠴᠢ᠎ᠶ᠋ᠢᠨ ᠭᠣᠣᠯ ᠬᠠᠷᠢᠭᠤᠴᠠᠯᠭᠠᠲᠠᠨ ᠨᠥᠬᠥᠳ ᠣᠷᠣᠯᠴᠠᠪᠠ᠃ ᠰᠤᠷᠤᠯᠭ᠎ᠠ ᠡᠬᠢᠯᠡᠬᠦ᠌ ᠶᠣᠰᠣᠯᠠᠯ᠎ᠢ ᠲᠧᠯᠸᠢᠰ ᠤᠲᠠᠰᠤ ᠬᠤᠷᠠᠯ᠎ᠤᠨ ᠬᠡᠯᠪᠡᠷᠢ᠎ᠪᠡᠷ ᠵᠣᠬᠢᠶᠠᠨ ᠪᠠᠢᠭᠤᠯᠵᠤ᠂ ᠪᠦᠬᠦ᠌ ᠴᠡᠷᠢᠭ᠎ᠦᠨ ᠬᠣᠯᠪᠣᠭ᠍ᠳᠠᠯ ᠪᠦᠬᠦᠢ ᠠᠷᠮᠢ᠎ᠶ᠋ᠢᠨ ᠲᠡᠰ᠎ᠡᠴᠡ ᠳᠡᠭᠡᠭ᠌ᠰᠢᠬᠢ ᠨᠢᠭᠡᠴᠢ᠎ᠳᠦ ᠬᠤᠪᠢᠶᠠᠷᠢ ᠬᠤᠷᠠᠯ᠎ᠤᠨ ᠲᠠᠯᠠᠪᠠᠢ ᠭᠠᠷᠭᠠᠵᠡᠢ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 8᠎ᠤ᠋ ᠴᠠᠬᠢᠯᠭᠠᠨ ᠮᠡᠳᠡᠭᠡ)