ᠰᠢ ᠵᠢᠨ ᠫᠢᠩ ᠦᠢᠯᠡᠴᠢᠯᠡᠭᠡᠨ᠎ᠦ ᠦᠢᠯᠡᠰ᠎ᠦᠨ ᠬᠥᠭ᠌ᠵᠢᠯᠲᠡ᠎ᠶ᠋ᠢᠨ ᠲᠤᠬᠠᠢ ᠴᠢᠬᠤᠯᠠ ᠵᠢᠭᠠᠪᠤᠷᠢ ᠥᠭ᠌ᠴᠦ ᠴᠢᠬᠤᠯᠠᠴᠢᠯᠠᠭ᠍ᠰᠠᠨ ᠨᠢ ᠬᠡᠷᠡᠭ᠌ᠴᠡᠭᠡ᠎ᠪᠡᠷ ᠬᠦᠲᠦᠯᠦᠨ ᠲᠠᠭᠠᠭᠤᠯᠵᠦ ᠥᠭᠡᠷᠡᠴᠢᠯᠡᠯᠲᠡ ᠬᠢᠵᠦ ᠪᠤᠭᠤᠮᠲᠠ ᠰᠢᠪᠲᠤᠯᠵᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠡᠨᠧᠷᠬᠢ ᠤᠯᠭᠤᠵᠤ ᠨᠡᠭᠡᠭᠡᠯᠲᠡ ᠬᠢᠵᠦ᠍ ᠬᠠᠮᠲᠤᠷᠠᠯᠴᠠᠬᠤ ᠵᠢ ᠲᠤᠪᠤᠢᠯᠭᠠᠵᠤ ᠦᠶ᠋ᠯᠡᠴᠢᠯᠡᠭᠡᠨ᠎ᠦ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠬᠦ ᠬᠡᠷᠡᠭᠲᠡᠢ
2026-04-09 09:41:04
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠯᠢ ᠴᠢᠶᠠᠩ ᠪᠦᠬᠦ᠌ ᠤᠯᠤᠰ᠎ᠤᠨ ᠦᠢᠯᠡᠴᠢᠯᠡᠭᠡᠨ᠎ᠦ ᠦᠢᠯᠡᠰ᠎ᠦᠨ ᠶᠡᠬᠡ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠤ

ᠳ᠋ᠢᠩ ᠱᠢᠤᠸᠠᠢ ᠱᠢᠶᠠᠩ ᠳ᠋ᠦᠩᠨᠡᠯᠲᠡ᠎ᠶ᠋ᠢᠨ ᠶᠠᠷᠢᠶ᠎ᠠ ᠲᠠᠯᠪᠢᠵᠡᠢ


ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠣᠢᠷ᠎ᠠ᠎ᠳᠤ ᠦᠶ᠋ᠯᠡᠴᠢᠯᠡᠭᠡᠨ᠎ᠦ ᠦᠶ᠋ᠯᠡᠰ᠎ᠦᠨ ᠬᠥᠭ᠌ᠵᠢᠯᠲᠡ᠎ᠶ᠋ᠢᠨ ᠲᠤᠬᠠᠶ ᠴᠢᠬᠤᠯᠠ ᠵᠢᠭᠠᠪᠤᠷᠢ ᠥᠭ᠌ᠴᠦ᠂ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠮᠠᠨ᠎ᠤ ᠤᠯᠤᠰ᠎ᠤᠨ ᠦᠶ᠋ᠯᠡᠴᠢᠯᠡᠭᠡᠨ᠎ᠦ ᠦᠶ᠋ᠯᠡᠰ᠎ᠦᠨ ᠬᠡᠪᠴᠢᠶ᠎ᠡ ᠲᠣᠭ᠍ᠲᠠᠭᠤᠨ᠎ᠢᠶᠠᠷ ᠥᠷᠭᠡᠳᠴᠦ᠍᠂ ᠶᠠᠰᠤ ᠴᠢᠨᠠᠷ ᠦᠷ᠎ᠡ ᠠᠱᠢᠭ ᠦᠷᠭᠦᠯᠵᠢᠯᠡᠨ ᠳᠡᠭᠡᠭ᠌ᠰᠢᠯᠡᠵᠦ᠍᠂ ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢ ᠲᠤᠯᠭᠠᠭᠤᠷᠢᠯᠠᠬᠤ᠂ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠂ ᠠᠵᠢᠯ ᠣᠯᠭᠣᠯᠲᠠ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠬᠦ᠌ ᠵᠢ ᠲᠠᠢᠴᠢᠯᠠᠬᠤ ᠵᠡᠷᠭᠡ ᠲᠠᠯ᠎ᠠ᠎ᠪᠠᠷ ᠴᠢᠬᠤᠯᠠ ᠦᠢᠯᠡᠳᠦᠯ ᠦᠵᠡᠭᠦᠯᠵᠠᠢ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ ᠱᠢᠨ᠎ᠡ ᠠᠶᠠᠨ᠎ᠳᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠬᠡᠷᠡᠭ᠌ᠴᠡᠭᠡ᠎ᠪᠡᠷ ᠬᠦᠳᠦᠯᠥᠨ ᠳᠠᠭᠠᠭᠤᠯᠵᠦ᠂ ᠥᠭᠡᠷᠡᠴᠢᠯᠡᠯᠲᠡ᠎ᠬᠢᠵᠦ ᠪᠣᠭᠣᠮᠲᠠ ᠱᠢᠪᠲᠤᠯᠵᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠡᠨᠧᠷᠭᠢ ᠣᠯᠭᠣᠵᠦ᠂ ᠨᠡᠬᠡᠬᠡᠯᠳᠡ ᠬᠢᠵᠦ᠍ ᠬᠠᠮᠲᠤᠷᠠᠯᠴᠠᠬᠤ᠎ᠶ᠋ᠢ ᠲᠤᠪᠤᠢ᠌ᠯᠭᠠᠵᠤ᠂ ᠦᠢᠯᠡᠴᠢᠯᠡᠭᠡᠨ᠎ᠦ ᠦᠢᠯᠡᠰ᠎ᠦᠨ ᠴᠢᠳᠠᠪᠤᠷᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠦᠢᠯᠡᠳᠪᠦᠷᠢᠯᠡᠯ᠎ᠦᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠤᠨ ᠲᠤᠰᠭᠠᠢᠵᠢᠭᠰᠡᠨ ᠪᠠ ᠦᠷᠳᠡᠭ᠎ᠦᠨ ᠬᠡᠯᠬᠢᠶ᠎ᠡ᠎ᠶ᠋ᠢᠨ ᠳᠡᠭᠡᠳᠦ ᠲᠦᠪᠱᠢᠨ ᠲᠡᠢᠰᠢ ᠤᠷᠲᠤᠳᠭᠠᠬᠤ᠎ᠶ᠋ᠢ ᠠᠬᠢᠭᠤᠯᠵᠤ᠂ ᠠᠮᠢᠳᠤᠷᠠᠯ᠎ᠤᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠤᠯᠠᠨ ᠶᠠᠩᠵᠤᠴᠢᠯᠠᠭ᠍ᠰᠠᠨ ᠳᠥᠭᠥᠮᠴᠢᠯᠡᠭ᠌ᠰᠡᠨ ᠬᠥᠭ᠌ᠵᠢᠯᠲᠡ᠎ᠶ᠋ᠢ ᠠᠬᠢᠭᠤᠯᠵᠤ᠂ ᠨᠡᠩ ᠤᠯᠠᠨ 《ᠳᠤᠮᠳᠠᠳᠤ ᠤᠯᠤᠰ᠎ᠤᠨ ᠦᠢᠯᠡᠴᠢᠯᠡᠭᠡ》 ᠵᠢᠨ ᠲᠦᠷᠦᠯ ᠲᠡᠮᠳᠡᠭ᠎ᠢ ᠪᠣᠢᠵᠢᠭᠤᠯᠵᠤ᠂ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

ᠪᠦᠬᠦ᠌ ᠤᠯᠤᠰ᠎ᠤᠨ ᠦᠢᠯᠡᠴᠢᠯᠡᠭᠡᠨ᠎ᠦ ᠦᠢᠯᠡᠰ᠎ᠦᠨ ᠶᠡᠬᠡ ᠬᠤᠷᠠᠯ 4 ᠰᠠᠷ᠎ᠠ᠎ᠶ᠋ᠢᠨ 7 ᠡᠴᠡ 8 ᠤ᠋ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠪᠠ᠃ ᠬᠤᠷᠠᠯ ᠳᠡᠭᠡᠷ᠎ᠡ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢ ᠤᠯᠠᠮᠵᠢᠯᠠᠪᠠ᠃ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠢ ᠰᠠᠢᠳ ᠯᠢ ᠴᠢᠶᠠᠩ ᠬᠤᠷᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠤ᠂ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠳᠡᠳ᠋ ᠶᠡᠷᠦᠩᠬᠡᠢ ᠰᠠᠢᠳ ᠳ᠋ᠢᠩ ᠱᠢᠤᠸᠠᠢ ᠱᠢᠶᠠᠩ ᠳ᠋ᠦᠩᠨᠡᠯᠲᠡ᠎ᠶ᠋ᠢᠨ ᠶᠠᠷᠢᠶ᠎ᠠ ᠲᠠᠯᠪᠢᠵᠠᠢ᠃

ᠯᠢ ᠴᠢᠶᠠᠩ ᠶᠠᠷᠢᠶᠠᠨ᠎ᠳᠠᠭᠠᠨ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠳᠤ ᠦᠶ᠋ᠯᠡᠴᠢᠯᠡᠭᠡᠨ᠎ᠦ ᠦᠶ᠋ᠯᠡᠰ᠎ᠢ ᠬᠥᠭ᠌ᠵᠢᠭᠦᠯᠬᠦ᠌᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠂ ᠴᠢᠬᠤᠯᠠ ᠵᠠᠷᠴᠢᠮ᠂ ᠭᠤᠤᠯᠳᠠᠯᠭ᠎ᠠ᠎ᠲᠠᠶ ᠡᠭᠦᠷᠭᠡ᠎ᠶ᠋ᠢ ᠭᠦᠨᠵᠡᠭᠡᠶ ᠲᠣᠳᠣᠷᠬᠠᠢᠯᠠᠨ ᠥᠭᠦᠯᠡᠵᠦ᠍᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠵᠢᠯᠣᠭᠣᠳᠭᠤ ᠴᠢᠨᠠᠷ᠂ ᠬᠠᠨᠳᠤᠯᠭᠠᠲᠤ ᠴᠢᠨᠠᠷ᠎ᠲᠠᠶ ᠪᠠᠢᠵᠤ᠂ ᠬᠣᠯᠪᠣᠭ᠍ᠳᠠᠯ ᠪᠥᠬᠥᠶ ᠠᠵᠢᠯ᠎ᠢ ᠰᠠᠢᠲᠤᠷ ᠬᠢᠬᠦ᠌᠎ᠳᠦ ᠴᠢᠭ᠌ᠯᠡᠯ᠎ᠢ ᠤᠯᠠᠮ ᠨᠢᠭᠡ ᠠᠯᠬᠤᠮ ᠲᠣᠳᠣᠷᠬᠠᠶ ᠵᠢᠭᠠᠵᠤ ᠥᠭ᠌ᠴᠡᠶ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠬᠠᠮᠰᠠᠷ᠎ᠡᠴᠡ᠎ᠪᠠᠨ ᠪᠠᠢᠯᠳᠤᠬᠤ ᠪᠤᠳᠤᠯᠭ᠎ᠠ ᠪᠠ ᠪᠦᠬᠦ᠌ ᠲᠠᠯ᠎ᠠ᠎ᠶ᠋ᠢᠨ ᠦᠨᠳᠦᠷᠴᠡ ᠡᠴᠡ ᠦᠢᠯᠡᠴᠢᠯᠡᠭᠡᠨ᠎ᠦ ᠦᠢᠯᠡᠰ᠎ᠦᠨ ᠲᠤᠬᠠᠢ ᠲᠠᠨᠢᠯᠲᠠ᠎ᠪᠠᠨ ᠭᠦᠨᠵᠡᠭᠡᠢᠷᠡᠭᠦᠯᠵᠦ᠍᠂ ᠴᠢᠳᠠᠪᠤᠷᠢ᠎ᠪᠠᠨ ᠥᠷᠭᠡᠳᠭᠡᠬᠦ᠌ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠵᠡᠷᠭᠡ᠎ᠪᠡᠷ ᠴᠢᠬᠤᠯᠠᠴᠢᠯᠠᠬᠤ᠂ ᠬᠥᠭ᠌ᠵᠢᠭᠦᠯᠬᠦ᠌ ᠪᠠ ᠬᠢᠨᠠᠨ ᠬᠠᠮᠢᠶᠠᠷᠬᠤ᠎ᠶ᠋ᠢ ᠨᠢᠭᠡᠳᠦᠯᠲᠡᠢ ᠲᠥᠯᠥᠪᠵᠢᠭᠦᠯᠬᠦ᠌᠎ᠶ᠋ᠢ ᠪᠠᠷᠢᠮᠲᠠᠯᠠᠵᠤ᠂ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠥᠨᠳᠥᠷ ᠪᠦᠲᠦᠮᠵᠢᠲᠡᠢ ᠬᠥᠭ᠌ᠵᠢᠯᠲᠡ᠎ᠶ᠋ᠢ ᠨᠡᠩ ᠰᠠᠢᠲᠤᠷ ᠠᠬᠢᠭᠤᠯᠵᠤ᠂ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠪᠥᠭᠡᠳ ᠡᠷᠡᠭᠦᠯ ᠡᠮᠬᠢ ᠳᠢᠭ᠌ᠯᠢᠮ᠎ᠲᠡᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠯᠢ ᠴᠢᠶᠠᠩ᠂ ᠬᠥᠮᠦᠨ ᠠᠮᠠ᠎ᠶ᠋ᠢᠨ ᠪᠦᠲᠦᠴᠡ᠎ᠶ᠋ᠢᠨ ᠬᠤᠪᠢᠷᠠᠯᠲᠠ᠂ ᠬᠡᠷᠡᠭ᠌ᠯᠡᠭᠡᠨ᠎ᠦ ᠪᠦᠲᠦᠴᠡ᠎ᠶ᠋ᠢᠨ ᠲᠡᠰ ᠳᠡᠪᠱᠢᠯᠲᠡ ᠪᠠ ᠠᠵᠤ ᠦᠢᠯᠡᠰ᠎ᠦᠨ ᠪᠦᠲᠦᠴᠡ᠎ᠶ᠋ᠢᠨ ᠬᠡᠯᠪᠡᠷᠢ᠎ᠪᠡᠨ ᠬᠤᠪᠢᠷᠠᠭᠤᠯᠬᠤ ᠬᠠᠨᠳᠤᠰᠢ᠎ᠳᠤ ᠵᠣᠬᠢᠴᠠᠵᠤ᠂ ᠦᠢᠯᠡᠳᠪᠦᠷᠢᠯᠡᠯ ᠠᠮᠢᠳᠤᠷᠠᠯ᠎ᠤᠨ ᠭᠣᠣᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠲᠡᠰ ᠳᠠᠪᠬᠤᠷᠭ᠎ᠠ ᠲᠦᠷᠦᠯ ᠬᠤᠪᠢᠶᠠᠨ ᠦᠢᠯᠡᠴᠢᠯᠡᠭᠡᠨ᠎ᠦ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠵᠤ᠂ ᠦᠢᠯᠡᠴᠢᠯᠡᠭᠡᠨ᠎ᠦ ᠦᠢᠯᠡᠰ᠎ᠦᠨ ᠱᠢᠨ᠎ᠡ ᠨᠡᠮᠡᠭ᠌ᠳᠡᠯ᠎ᠦᠨ ᠴᠡᠭ᠎ᠢ ᠲᠠᠰᠤᠷᠠᠯᠳᠠ ᠦᠭᠡᠢ ᠪᠣᠢᠵᠢᠭᠤᠯᠵᠤ᠂ ᠦᠢᠯᠡᠴᠢᠯᠡᠭᠡᠨ᠎ᠦ ᠦᠢᠯᠡᠰ᠎ᠦᠨ ᠲᠣᠭᠠᠴᠢᠯᠠᠭ᠍ᠰᠠᠨ᠂ ᠤᠶᠤᠨᠴᠢᠯᠠᠭᠰᠠᠨ᠂ ᠪᠠᠷᠢᠮᠵᠢᠶᠠᠵᠢᠭ᠍ᠰᠠᠨ᠂ ᠠᠭᠤᠰᠤᠯᠴᠠᠭ᠍ᠰᠠᠨ᠂ ᠳᠡᠯᠡᠬᠡᠢᠵᠢᠭ᠌ᠰᠡᠨ ᠬᠥᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠰᠠᠭᠤᠭᠠᠯᠢ ᠠᠷᠠᠳ᠎ᠤᠨ ᠡᠳᠦᠷ ᠲᠤᠲᠤᠮ᠎ᠤᠨ ᠠᠮᠢᠳᠤᠷᠠᠯ᠎ᠤᠨ ᠬᠡᠷᠡᠭ᠌ᠴᠡᠭᠡ᠎ᠶ᠋ᠢᠨ ᠲᠣᠭᠣᠷᠢᠨ᠎ᠳᠤ᠂ ᠦᠨᠳᠦᠰᠦᠨ ᠬᠡᠷᠡᠭ᠌ᠴᠡᠭᠡ᠎ᠶ᠋ᠢᠨ ᠲᠥᠷᠥᠯ᠎ᠦᠨ ᠦᠶ᠋ᠯᠡᠴᠢᠯᠡᠭᠡ᠎ᠶ᠋ᠢ ᠨᠠᠩ ᠲᠦᠭᠡᠮᠡᠯ ᠬᠠᠷᠠᠭᠠᠯᠵᠠᠯ᠎ᠲᠠᠶ ᠴᠢᠨᠠᠷ ᠰᠠᠢᠲᠠᠶ ᠪᠣᠯᠭᠠᠬᠤ᠎ᠶ᠋ᠢ ᠠᠬᠢᠭᠤᠯᠬᠤ ᠬᠡᠷᠡᠭᠲᠡᠢ᠃ ᠰᠠᠭᠤᠭᠠᠯᠢ ᠠᠷᠠᠳ᠎ᠤᠨ ᠴᠢᠨᠠᠷ ᠰᠠᠢᠲᠠᠶ ᠠᠮᠢᠳᠤᠷᠠᠯ᠎ᠤᠨ ᠲᠤᠬᠠᠢ ᠬᠥᠭᠡᠭᠡᠴᠡᠯᠳᠦᠯ᠎ᠦᠨ ᠲᠣᠭᠣᠷᠢᠨ᠎ᠳᠤ᠂ ᠲᠠᠰ ᠳᠡᠪᠱᠢᠭᠦᠯᠬᠦ᠌ ᠲᠥᠷᠥᠯ᠎ᠦᠨ ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠥᠷᠭᠡᠳᠭᠡᠬᠦ ᠬᠡᠷᠡᠭᠲᠡᠢ᠃ ᠰᠠᠭᠤᠭᠠᠯᠢ ᠠᠷᠠᠳ᠎ᠤᠨ ᠣᠯᠠᠨ ᠶᠠᠩᠵᠤᠴᠢᠯᠬᠠᠰᠠᠨ ᠬᠡᠷᠡᠭ᠌ᠯᠡᠭᠡᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠣᠭᠣᠷᠢᠨ᠎ᠳᠤ᠂ ᠥᠪᠡᠷᠮᠢᠴᠡ ᠤᠨᠴᠠᠯᠢᠭ ᠲᠠᠢ ᠦᠶ᠋ᠯᠡᠴᠢᠯᠡᠭᠡ᠎ᠶ᠋ᠢ ᠨᠠᠷᠢᠨ ᠨᠢᠮᠪᠠᠢ ᠬᠢᠬᠦ ᠬᠡᠷᠡᠭᠲᠡᠢ᠃ ᠰᠤᠳᠤᠯᠤᠨ ᠨᠡᠭᠡᠭᠡᠵᠦ᠍ ᠵᠢᠷᠤᠭ᠍ᠯᠠᠨ ᠲᠥᠯᠥᠪᠯᠡᠬᠦ᠌᠎ᠶ᠋ᠢ ᠲᠤᠰᠭᠠᠢᠵᠢᠭᠤᠯᠬᠤ᠂ ᠳᠡᠭᠡᠳᠦ ᠲᠡᠰᠵᠢᠭᠦᠯᠬᠦ ᠶ᠋ᠢᠨ ᠲᠣᠭᠣᠷᠢᠨ᠎ᠳᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠢᠯᠡᠴᠢᠯᠡᠭᠡ᠎ᠶ᠋ᠢ ᠲᠦᠷᠭᠡᠳᠭᠡᠨ ᠪᠤᠵᠠᠭᠠᠢᠷᠠᠭᠤᠯᠬᠤ ᠬᠡᠷᠡᠭᠲᠡᠢ᠃ ᠦᠶ᠋ᠯᠡᠳᠪᠦᠷᠢᠯᠡᠯ᠎ᠦᠨ ᠭᠣᠭ᠍ᠴᠣᠭ᠎ᠠ᠎ᠶ᠋ᠢᠨ ᠥᠷᠲᠡᠭ᠎ᠢ ᠳᠡᠭᠡᠭ᠌ᠰᠢᠯᠡᠭᠦᠯᠬᠦ᠌᠎ᠶ᠋ᠢᠨ ᠲᠣᠭᠣᠷᠢᠨ᠎ᠳᠤ᠂ ᠲᠡᠷᠢᠭᠦᠨ᠎ᠦ ᠦᠶ᠋ᠯᠡᠳᠬᠦ᠌ ᠦᠶ᠋ᠯᠡᠴᠢᠯᠡᠭᠡ᠎ᠶ᠋ᠢ ᠶᠡᠬᠡ ᠪᠡᠷ ᠬᠥᠭ᠌ᠵᠢᠭᠦᠯᠬᠦ ᠬᠡᠷᠡᠭᠲᠡᠢ᠃ ᠵᠠᠬ᠎ᠠ ᠳᠡᠯᠭᠡᠭᠦᠷ᠎ᠦᠨ ᠥᠷᠲᠡᠭ᠎ᠢ ᠪᠡᠶᠡᠯᠡᠭᠦᠯᠬᠦ᠌ ᠵᠢᠨ ᠲᠣᠭᠣᠷᠢᠨ᠎ᠳᠤ᠂ ᠢᠵᠢ ᠪᠥᠷᠢᠳᠦᠭᠦᠯᠬᠦ ᠲᠤᠰᠭᠠᠶ ᠦᠶ᠋ᠯᠡᠴᠢᠯᠡᠭᠡᠨ᠎ᠦ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠯᠢ ᠴᠢᠶᠠᠩ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠰᠡᠳᠭᠢᠴᠡ ᠠᠷᠭ᠎ᠠ᠎ᠪᠠᠷ ᠠᠵᠢᠯ᠎ᠢᠶᠠᠨ ᠠᠬᠢᠭᠤᠯᠵᠤ᠂ ᠠᠵᠤ ᠦᠢᠯᠡᠰ᠎ᠦᠨ ᠬᠤᠪᠢᠰᠤᠯᠲᠠ᠎ᠶ᠋ᠢᠨ ᠬᠠᠨᠳᠤᠰᠢ᠎ᠶ᠋ᠢ ᠭᠦᠨᠵᠡᠭᠡᠢ ᠡᠵᠡᠮᠳᠡᠵᠦ᠍᠂ 《ᠠᠮᠢᠳᠤᠯᠢᠭ ᠪᠣᠯᠭᠠᠬᠤ》 ᠪᠥᠭᠡᠳ 《ᠬᠠᠮᠢᠶᠠᠷᠴᠤ ᠲᠡᠢᠯᠬᠦ》 ᠵᠢ ᠪᠠᠷᠢᠮᠲᠠᠯᠠᠵᠤ᠂ ᠨᠡᠬᠡᠬᠡᠯᠳᠡ᠎ᠶ᠋ᠢ ᠢᠳᠡᠪᠬᠢᠲᠡᠢ ᠥᠷᠭᠡᠳᠭᠡᠵᠦ᠍᠂ ᠳᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ᠎ᠶ᠋ᠢᠨ ᠬᠠᠨᠳᠤᠯᠭᠠᠲᠤ ᠴᠢᠨᠠᠷ ᠪᠦᠳᠦᠮᠵᠢᠳᠦ ᠴᠢᠨᠠᠷ᠎ᠢ ᠤᠯᠠᠮ ᠨᠢᠭᠡ ᠠᠯᠬᠤᠮ ᠴᠢᠩᠭᠠᠳᠭᠠᠵᠤ᠂ ᠦᠢᠯᠡᠴᠢᠯᠡᠭᠡᠨ᠎ᠦ ᠦᠢᠯᠡᠰ᠎ᠦᠨ ᠬᠥᠭ᠌ᠵᠢᠯᠲᠡ᠎ᠳᠦ ᠰᠠᠢ᠌ᠨ ᠰᠠᠢᠬᠠᠨ ᠣᠷᠴᠢᠨ ᠲᠣᠭᠣᠷᠢᠨ᠎ᠢ ᠪᠦᠷᠢᠯᠳᠦᠭᠦᠯᠵᠦ᠍ ᠥᠭ᠌ᠬᠦ ᠬᠡᠷᠡᠭ᠌ᠲᠡᠢ᠃ ᠡᠯ᠎ᠡ ᠰᠠᠯᠠᠭ᠎ᠠ ᠮᠥᠴᠢᠷ ᠡᠯ᠎ᠡ ᠭᠠᠵᠠᠷ ᠣᠷᠣᠨ᠎ᠤ ᠬᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠵᠣᠬᠢᠴᠠᠭᠤᠯᠤᠨ ᠬᠠᠮᠵᠢᠯᠴᠠᠬᠤ᠎ᠪᠠᠨ ᠴᠢᠩᠭᠠᠳᠭᠠᠨ᠂ ᠴᠢᠷᠮᠠᠢᠨ ᠬᠠᠢᠨ ᠰᠦᠪᠡᠭ᠌ᠴᠢᠯᠡᠵᠦ᠍ ᠱᠢᠨ᠎ᠡ᠎ᠶ᠋ᠢ ᠡᠭᠦᠳᠦᠨ᠂ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠥᠨᠳᠥᠷ ᠪᠦᠲᠦᠮᠵᠢᠲᠡᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

ᠳ᠋ᠢᠩ  ᠱᠢᠤᠸᠠᠢ  ᠱᠢᠶᠠᠩ  ᠳ᠋ᠦᠩᠨᠡᠯᠲᠡ ᠎ᠶ᠋ᠢᠨ  ᠶᠠᠷᠢᠶᠠᠨ ᠎ᠳᠠᠭᠠᠨ᠂  ᠦᠵᠡᠯ  ᠰᠠᠨᠠᠭ᠎ᠠ  ᠪᠣᠯᠤᠨ  ᠦᠢᠯᠡ  ᠠᠵᠢᠯᠯᠠᠭ᠎ᠠ  ᠪᠠᠨ  ᠶᠡᠷᠦᠩᠬᠡᠢ  ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠤᠯᠠᠮ ᠨᠢᠭᠡ ᠠᠯᠬᠤᠮ ᠨᠢᠭᠡᠳᠭᠡᠵᠦ᠍᠂ ᠴᠢᠳᠠᠪᠤᠷᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠲᠡᠶ ᠨᠢᠭ᠍ᠲᠠ ᠤᠶᠠᠯᠳᠤᠭᠤᠯᠤᠨ ᠦᠢᠯᠡᠴᠢᠯᠡᠭᠡᠨ᠎ᠦ ᠦᠢᠯᠡᠰ᠎ᠦᠨ ᠬᠥᠭ᠌ᠵᠢᠯᠲᠡ᠎ᠶ᠋ᠢᠨ ᠭᠣᠣᠯᠳᠠᠯᠭ᠎ᠠ᠎ᠲᠠᠶ ᠡᠭᠦᠷᠭᠡ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶ᠋ᠢ ᠴᠢᠬᠤᠯᠠᠴᠢᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠢᠯᠡᠴᠢᠯᠡᠭᠡ᠎ᠶ᠋ᠢ ᠶᠡᠬᠡ᠎ᠪᠡᠷ ᠬᠥᠭ᠌ᠵᠢᠭᠦᠯᠵᠦ᠍᠂ ᠲᠣᠭᠠᠴᠢᠯᠠᠭ᠍ᠰᠠᠨ ᠤᠶᠤᠨᠳᠦ ᠦᠢᠯᠡᠴᠢᠯᠡᠭᠡ᠎ᠶ᠋ᠢ ᠴᠢᠩᠭᠠᠳᠭᠠᠵᠤ᠂ ᠦᠢᠯᠡᠳᠬᠦ᠌ ᠦᠢᠯᠡᠰ ᠪᠠ ᠦᠢᠯᠡᠴᠢᠯᠡᠭᠡᠨ᠎ᠦ ᠦᠢᠯᠡᠰ᠎ᠦᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ ᠬᠡᠷᠡᠭᠳᠡᠢ᠃ ᠥᠪᠡᠷ᠎ᠦᠨ ᠦᠷᠳᠡᠭ᠎ᠢ ᠪᠠᠭᠤᠷᠠᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠴᠢᠬᠤᠯᠠᠴᠢᠯᠠᠵᠤ᠂ ᠤᠳᠤ ᠦᠶ᠎ᠡ᠎ᠶ᠋ᠢᠨ ᠪᠠᠷᠠᠭᠠᠨ᠎ᠤ ᠭᠦᠢᠯᠭᠡᠭᠡ᠂ ᠮᠥᠩᠭᠥᠨ ᠭᠦᠢᠯᠭᠡᠭᠡᠨ᠎ᠦ ᠦᠢᠯᠡᠴᠢᠯᠡᠭᠡ᠂ ᠬᠤᠳᠠᠯᠳᠤᠭᠠᠨ᠎ᠤ ᠶᠠᠪᠤᠳᠠᠯ᠎ᠤᠨ ᠦᠢᠯᠡᠴᠢᠯᠡᠭᠡ᠎ᠶ᠋ᠢ ᠪᠤᠵᠠᠭᠠᠢᠷᠠᠭᠤᠯᠤᠨ ᠱᠢᠯᠢᠳᠡᠭ᠌ᠵᠢᠭᠦᠯᠵᠦ᠍᠂ ᠠᠵᠤ ᠠᠬᠤᠢ᠎ᠶ᠋ᠢᠨ ᠣᠷᠴᠢᠯ᠎ᠤᠨ ᠡᠯ᠎ᠡ ᠭᠣᠭ᠍ᠴᠣᠭ᠎ᠠ᠎ᠶ᠋ᠢᠨ ᠰᠠᠭᠠᠳ ᠦᠭᠡᠢ ᠵᠣᠯᠭᠠᠯᠴᠠᠭ᠎ᠠ᠎ᠶ᠋ᠢ ᠠᠬᠢᠭᠤᠯᠬᠤ ᠬᠡᠷᠡᠭᠳᠡᠢ᠃ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ᠎ᠶ᠋ᠢ ᠴᠢᠬᠤᠯᠠᠴᠢᠯᠠᠵᠤ᠂ ᠡᠳᠦᠷ ᠲᠤᠲᠤᠮ᠎ᠤᠨ ᠠᠮᠢᠳᠤᠷᠠᠯ᠎ᠤᠨ ᠦᠶ᠋ᠯᠡᠴᠢᠯᠡᠭᠡ᠎ᠶ᠋ᠢ ᠨᠠᠩ ᠳᠥᠭᠥᠮ ᠳᠥᠲᠡ ᠪᠣᠯᠭᠠᠬᠤ᠂ ᠣᠯᠠᠨ ᠨᠡᠢᠲᠡ᠎ᠶ᠋ᠢᠨ ᠦᠶ᠋ᠯᠡᠴᠢᠯᠡᠭᠡ᠎ᠶ᠋ᠢ ᠥᠨᠳᠥᠷ ᠪᠦᠲᠦᠮᠵᠢᠲᠡᠶ ᠲᠣᠬᠢᠷᠠᠭᠤᠯᠬᠤ᠂ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ ᠵᠡᠷᠭᠡ ᠦᠶ᠋ᠯᠡᠴᠢᠯᠡᠭᠡᠨ᠎ᠦ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠠᠬᠢᠭᠤᠯᠵᠤ᠂ ᠥᠪᠡᠷᠮᠢᠴᠡ᠂ ᠣᠯᠠᠨ ᠶᠠᠩᠵᠤ᠎ᠶ᠋ᠢᠨ᠂ ᠴᠢᠨᠠᠷ ᠰᠠᠢᠲᠠᠶ ᠬᠡᠷᠡᠭ᠌ᠴᠡᠭᠡ᠎ᠶ᠋ᠢ ᠨᠠᠩ ᠰᠠᠢᠳᠤᠷ ᠬᠠᠩᠭᠠᠬᠤ ᠬᠡᠷᠡᠭᠳᠡᠢ᠃ ᠠᠮᠢᠵᠢᠷᠠᠯ᠎ᠤᠨ ᠬᠦᠴᠦᠨ᠎ᠢ ᠨᠡᠮᠡᠭ᠌ᠳᠡᠭᠦᠯᠬᠦ᠌᠎ᠶ᠋ᠢ ᠴᠢᠬᠤᠯᠠᠴᠢᠯᠠᠵᠤ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠦᠢᠯᠡᠴᠢᠯᠡᠭᠡᠨ᠎ᠦ ᠦᠢᠯᠡᠰ᠎ᠦᠨ ᠪᠠᠷᠢᠮᠵᠢᠶᠠᠵᠢᠭᠤᠯᠤᠭᠰᠠᠨ ᠪᠠᠢᠭᠤᠯᠤᠯᠲᠠ᠎ᠶ᠋ᠢ ᠴᠢᠩᠭᠠᠳᠭᠠᠵᠤ᠂ ᠦᠢᠯᠡᠴᠢᠯᠡᠭᠡᠨ᠎ᠦ ᠦᠢᠯᠡᠰ᠎ᠦᠨ ᠳᠦᠷᠢᠮ᠎ᠦᠨ ᠬᠡᠯᠪᠡᠷᠢ᠎ᠶ᠋ᠢᠨ ᠨᠡᠭᠡᠭᠡᠯᠲᠡ᠎ᠶ᠋ᠢ ᠥᠷᠭᠡᠳᠭᠡᠬᠦ ᠬᠡᠷᠡᠭᠳᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶ᠋ᠢᠨ ᠬᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠨᠠᠮ᠎ᠤᠨ ᠲᠥᠪ ᠬᠣᠷᠢᠢ᠎ᠠ ᠪᠣᠯᠤᠨ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ ᠬᠡᠷᠡᠭ᠌ᠲᠡᠢ ᠭᠡᠵᠦ ᠢᠯᠡᠳᠭᠡᠪᠡ᠃

ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠂ ᠱᠠᠩᠬᠠᠶ ᠬᠣᠲᠠ᠂ ᠬᠤᠨᠠᠨ ᠮᠤᠵᠢ᠎ᠶ᠋ᠢᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠨᠥᠬᠥᠳ ᠰᠠᠨᠠᠯ᠎ᠢᠶᠠᠨ ᠰᠣᠯᠢᠯᠴᠠᠬᠤ ᠦᠭᠡ ᠬᠡᠯᠡᠵᠡᠶ᠃

ᠡᠸ᠋ ᠵᠧᠩ ᠯᠦᠩ ᠬᠤᠷᠠᠯ᠎ᠳᠤ ᠣᠷᠣᠯᠴᠠᠪᠠ᠃

ᠬᠤᠷᠠᠯ ᠨᠢ ᠲᠧᠯᠸᠢᠰ ᠤᠲᠠᠰᠤ ᠬᠤᠷᠠᠯ᠎ᠤᠨ ᠬᠡᠯᠪᠡᠷᠢ᠎ᠪᠡᠷ ᠬᠤᠷᠠᠯᠳᠤᠪᠠ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ ᠪᠣᠯᠤᠨ ᠲᠤᠰᠠᠭᠠᠷ ᠲᠥᠯᠥᠪᠯᠡᠭᠡᠲᠦ ᠬᠤᠳᠠ᠂ ᠱᠢᠨᠵᠢᠶᠠᠩ᠎ᠤᠨ ᠦᠢᠯᠡᠳᠪᠦᠷᠢᠯᠡᠯ ᠪᠦᠳᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠂ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠬᠣᠯᠪᠣᠭ᠍ᠳᠠᠯ ᠪᠦᠬᠦᠢ ᠠᠷᠠᠳ᠎ᠤᠨ ᠪᠦᠯᠬᠦᠮ᠂ ᠲᠥᠪ᠎ᠡᠴᠡ ᠬᠠᠮᠢᠶᠠᠷᠴᠤ᠌ ᠪᠠᠢᠭ᠎ᠠ ᠮᠥᠩᠭᠥᠨ ᠭᠦᠢᠯᠭᠡᠭᠡᠨ᠎ᠦ ᠪᠠᠢᠭᠤᠯᠤᠮᠵᠢ᠂ ᠬᠡᠰᠡᠭ ᠲᠥᠪ᠎ᠦᠨ ᠠᠵᠤ ᠠᠬᠤᠢᠯᠠᠯ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠵᠠᠢ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 8᠎ᠤ᠋ ᠴᠠᠬᠢᠯᠭᠠᠨ ᠮᠡᠳᠡᠭᠡ)  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号