《ᠲᠠᠯ᠎ᠠ ᠨᠤᠲᠤᠭ ᠤ᠋ᠨ ᠰᠢᠯᠢᠳᠡᠭ ᠪᠦᠲᠦᠭᠡᠭ᠌ᠳᠡᠬᠦᠨ》 ᠢ᠋ ᠲᠤᠮᠤ ᠪᠤᠯᠤᠩ ᠤ᠋ᠨ ᠤᠷᠤᠨ ᠳ᠋ᠤ ᠳᠡᠯᠭᠡᠨ ᠲᠠᠨᠢᠯᠴᠠᠭᠤᠯᠪᠠ
2026-04-09 10:37:29
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠦᠪᠤᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠦᠪᠦᠷ ᠮᠤᠡᠭᠭᠤᠯ ᠤ᠋ᠨ 《ᠲᠠᠯ᠎ᠠ ᠨᠤᠲᠤᠭ ᠤ᠋ᠨ ᠰᠢᠯᠢᠳᠡᠭ ᠪᠦᠲᠦᠭᠡᠭ᠌ᠳᠡᠬᠦᠨ》 ᠢ᠋ ᠭᠤᠸᠠᠩᠳᠦ᠋ᠩ ᠱᠢᠶᠠᠩᠭᠠᠩ ᠣᠣᠮᠧᠨ ᠤ᠋ ᠲᠤᠮᠤ ᠪᠤᠯᠤᠡᠭ ᠤ᠋ᠨ ᠤᠷᠤᠨ ᠳ᠋ᠦ ᠳᠡᠯᠭᠡᠨ ᠲᠠᠨᠢᠯᠴᠠᠭᠤᠯᠬᠤ ᠠᠵᠢᠯᠯᠠᠭ᠎ᠠ ᠲᠦᠷᠦᠬᠦᠬᠡᠨ ᠱᠸᠨᠵᠸᠨ ᠬᠤᠲᠠ ᠳ᠋ᠦ ᠶᠠᠪᠤᠭᠳᠠᠵᠤ᠂ ᠮᠠᠨ ᠤ᠋ ᠤᠷᠤᠨ ᠤ᠋ ᠴᠢᠨᠠᠷ ᠰᠠᠢᠲᠠᠢ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠪᠠ ᠰᠣᠶᠣᠯ  ᠵᠢᠭᠤᠯᠴᠢᠯᠠᠯ ᠤ᠋ᠨ ᠡᠬᠢ ᠪᠠᠶᠠᠯᠢᠭ ᠢ᠋ ᠲᠣᠮᠣ ᠪᠤᠯᠤᠩ ᠤ᠋ᠨ ᠣᠷᠣᠨ ᠤ᠋ ᠵᠠᠬ᠎ᠠ ᠳᠡᠯᠭᠡᠭᠦᠷ ᠲᠡᠶ ᠵᠣᠯᠭᠠᠭᠤᠯᠬᠤ ᠶ᠋ᠢ ᠠᠬᠢᠭᠤᠯᠵᠤ᠂ ᠥᠪᠥᠷ ᠮᠣᠩᠭᠣᠯ ᠪᠠ ᠭᠤᠸᠠᠩᠳᠦ᠋ᠩ ᠬᠣᠶᠠᠷ ᠭᠠᠵᠠᠷ ᠤ᠋ᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠪᠡ᠃

ᠠᠵᠢᠯᠯᠠᠭ᠎ᠠ ᠳ᠋ᠦ ᠤᠯᠠᠭᠠᠶ ᠬᠠᠮᠢᠶᠠᠷᠤᠯᠲᠠ ᠶ᠋ᠢᠨ ᠣᠷᠣᠨ᠂ ᠣᠲᠣᠭ ᠬᠣᠱᠢᠭᠤ᠂ ᠬᠤᠤᠯᠢᠨ ᠭᠤᠤᠯ ᠬᠣᠲᠠ᠂ ᠣᠲᠣᠭ ᠤ᠋ᠨ ᠡᠮᠦᠨᠡᠲᠦ ᠬᠣᠱᠢᠭᠤ᠂ ᠴᠠᠬᠠᠷ ᠪᠠᠷᠠᠭᠤᠨ ᠭᠠᠷᠤᠨ ᠬᠣᠢᠲᠤ ᠬᠣᠱᠢᠭᠤ ᠵᠢᠴᠢ ᠤᠯᠠᠭᠠᠨ ᠪᠦᠯᠦᠭ᠌ᠯᠡᠯ ᠤ᠋ᠨ ᠲᠥᠯᠥᠭᠡᠯᠡᠭ᠌ᠴᠢᠳ ᠦᠪᠡᠷ ᠦᠪᠡᠷ ᠤ᠋ᠨ ᠵᠢᠡᠨ ᠣᠨᠴᠠᠯᠢᠭ᠍ᠲᠤ ᠠᠵᠤ ᠦᠶ᠋ᠯᠡᠰ ᠪᠣᠯᠤᠨ ᠰᠣᠶᠣᠯ ᠵᠢᠭᠤᠯᠴᠢᠯᠠᠯ ᠤ᠋ᠨ ᠡᠬᠢ ᠪᠠᠶᠠᠯᠢᠭ ᠤ᠋ᠨ ᠲᠣᠭᠣᠷᠢᠨ ᠳ᠋ᠤ ᠲᠠᠨᠢᠯᠴᠠᠭᠤᠯᠭ᠎ᠠ ᠬᠢᠵᠦ᠍᠂ 《ᠲᠠᠯ᠎ᠠ ᠨᠤᠲᠤᠭ ᠤ᠋ᠨ ᠰᠢᠯᠢᠳᠡᠭ ᠪᠦᠲᠦᠭᠡᠭ᠌ᠳᠡᠬᠦᠨ》 ᠤ᠋ ᠥᠪᠡᠷᠮᠢᠴᠡ ᠷᠢᠳᠢ ᠱᠢᠳᠢ ᠶ᠋ᠢ ᠪᠥᠬᠥ᠌ ᠲᠠᠯ᠎ᠠ ᠪᠠᠷ ᠢᠯᠡᠷᠡᠭᠦᠯᠪᠡ᠃ ᠠᠵᠢᠯᠯᠠᠭ᠎ᠠ ᠶ᠋ᠢᠨ ᠠᠬᠤᠢ ᠲᠠᠯᠠᠪᠠᠶ ᠳ᠋ᠤ 《ᠲᠠᠯ᠎ᠠ ᠨᠤᠲᠤᠭ ᠤ᠋ᠨ ᠱᠢᠯᠢᠳᠡᠭ ᠪᠦᠲᠦᠭᠡᠭ᠌ᠳᠡᠬᠦᠨ》 ᠤ᠋ ᠵᠠᠬ᠎ᠠ ᠳᠡᠯᠭᠡᠭᠦᠷ ᠤ᠋ᠨ ᠴᠤᠭ᠍ᠯᠠᠭ᠎ᠠ ᠮᠠᠢᠮᠠᠶ ᠶ᠋ᠢ ᠵᠡᠷᠭᠡ ᠪᠡᠷ ᠶᠠᠪᠤᠭᠳᠠᠭᠤᠯᠤᠨ᠂ ᠬᠣᠲᠠ ᠶ᠋ᠢᠨ ᠠᠷᠠᠳ ᠪᠣᠯᠤᠨ ᠵᠢᠭᠤᠯᠴᠢᠯᠠᠭᠰᠠᠳ ᠤ᠋ᠨ ᠠᠡᠭᠬᠠᠷᠤᠯ ᠢ᠋ ᠲᠠᠲᠠᠵᠤ᠂ ᠦᠪᠤᠷ ᠮᠤᠩᠭᠤᠯ ᠤ᠋ᠨ《ᠲᠠᠯ᠎ᠠ ᠨᠤᠲᠤᠭ ᠤ᠋ᠨ ᠱᠢᠯᠢᠳᠡᠭ ᠪᠦᠲᠦᠭᠡᠭ᠌ᠳᠡᠬᠦᠨ》 ᠤ᠋ ᠲᠦᠷᠦᠯ ᠲᠡᠮᠳᠡᠭ ᠤ᠋ᠨ ᠲᠣᠮᠣ ᠪᠤᠯᠤᠩ ᠤ᠋ᠨ ᠣᠷᠣᠨ ᠳ᠋ᠠᠬᠢ ᠨᠥᠯᠥᠭᠡᠯᠡᠬᠦ᠌ ᠬᠦᠴᠦᠨ ᠢ᠋ ᠪᠦᠲᠦᠮᠵᠢᠲᠡᠶ ᠳᠡᠭᠡᠭ᠌ᠰᠢᠯᠡᠭᠦᠯᠪᠡ᠃

ᠲᠤᠰ ᠤᠳᠠᠭ᠎ᠠ ᠵᠢᠨ ᠠᠵᠢᠯᠯᠠᠭ᠎ᠠ ᠨᠢ ᠲᠤᠬᠠᠢ ᠶ᠋ᠢᠨ ᠭᠠᠵᠠᠷ ᠤ᠋ᠨ ᠬᠤᠳᠠ ᠶ᠋ᠢᠨ ᠠᠷᠠᠳ ᠲᠦ᠍ ᠲᠠᠯ᠎ᠠ ᠨᠤᠲᠤᠭ ᠤ᠋ᠨ ᠠᠮᠲᠠᠲᠤ ᠢᠳᠡᠭᠡᠨ ᠢ᠋ ᠠᠮᠰᠠᠭᠤᠯᠬᠤ᠂ ᠤᠷᠠᠨ ᠰᠠᠢᠬᠠᠨ ᠤ᠋ ᠲᠤᠭᠯᠠᠯᠲᠠ ᠰᠤᠨᠢᠷᠬᠠᠭᠤᠯᠬᠤ ᠵᠡᠷᠭᠡ ᠤᠯᠠᠨ ᠠᠷᠭ᠎ᠠ ᠬᠡᠯᠪᠡᠷᠢ ᠪᠡᠷ ᠳᠠᠮᠵᠢᠨ ᠦᠪᠦᠷ ᠮᠤᠡᠭᠭᠤᠯ ᠬᠢᠬᠡᠳ ᠭᠤᠸᠠᠡᠭᠳᠦ᠋ᠡᠭ ᠬᠤᠶᠠᠷ ᠭᠠᠵᠠᠷ ᠤ᠋ᠨ ᠰᠤᠯᠢᠯᠴᠠᠭ᠎ᠠ ᠬᠠᠮᠲᠤᠷᠠᠯᠴᠠᠭ᠎ᠠ ᠶ᠋ᠢᠨ ᠬᠦᠬᠦᠷᠭᠡ ᠬᠤᠯᠪᠤᠭᠠᠰᠤ ᠵᠢ ᠴᠤᠭᠴᠠᠯᠠᠪᠠ᠃ ᠡᠨᠡ ᠨᠢ ᠦᠪᠤᠷ ᠮᠤᠩᠭᠤᠯ ᠤ᠋ᠨ ᠴᠢᠨᠠᠷ ᠰᠠᠢᠲᠠᠢ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋  ᠲᠤᠮᠤ ᠪᠤᠯᠤᠩ ᠤ᠋ᠨ ᠣᠷᠣᠨ ᠤ᠋ ᠵᠠᠬ᠎ᠠ ᠳᠡᠯᠭᠡᠭᠦᠷ ᠢ᠋ ᠥᠷᠭᠡᠳᠭᠡᠬᠦ᠌ ᠴᠢᠬᠤᠯᠠ ᠠᠷᠭ᠎ᠠ ᠬᠡᠮᠵᠢᠶ᠎ᠡ ᠪᠣᠯᠤᠭᠰᠠᠨ ᠪᠥᠭᠡᠳ ᠪᠠᠰᠠ ᠬᠣᠶᠠᠷ ᠭᠠᠵᠠᠷ ᠤ᠋ᠨ ᠡᠬᠢ ᠪᠠᠶᠠᠯᠢᠭ ᠤ᠋ᠨ ᠳᠠᠪᠠᠭᠤᠯᠢᠭ ᠵᠢᠡᠨ ᠬᠠᠷᠢᠯᠴᠠᠨ ᠨᠥᠬᠥᠪᠥᠷᠢᠯᠡᠵᠦ᠍᠂ ᠠᠵᠤ ᠦᠢᠯᠡᠰ ᠤ᠋ᠨ ᠬᠥᠭ᠌ᠵᠢᠯᠲᠡ᠎ᠶ᠋ᠢ ᠬᠠᠮᠲᠤ ᠪᠠᠷ ᠠᠬᠢᠭᠤᠯᠬᠤ ᠠᠮᠢᠳᠤᠯᠢᠭ ᠦᠢᠯᠡᠳᠦᠯᠭᠡ ᠪᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号