ᠮᠠᠨᠵᠤᠤᠷ ᠬᠢᠯᠢ ᠵᠢᠨ ᠪᠣᠭᠣᠮᠲᠠ᠎ᠪᠡᠷ ᠭᠠᠳᠠᠭᠠᠳᠤ᠎ᠳᠤ ᠭᠠᠷᠭᠠᠬᠰᠠᠨ ᠮᠠᠱᠢᠨ ᠴᠠᠬᠢᠯᠭᠠᠨ᠎ᠤ ᠦᠶ᠋ᠯᠡᠳᠬᠦᠨ᠎ᠦ ᠠᠷᠠᠯᠵᠢᠶᠠᠨ᠎ᠤ ᠥᠷᠲᠡᠭ 1167.9 ᠳ᠋ᠦᠩᠱᠢᠭᠤᠷ ᠲᠥᠭᠥᠷᠢᠭ᠎ᠲᠦ ᠬᠥᠷᠴᠡᠢ
2026-04-09 10:55:34
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

ᠮᠠᠨᠵᠤᠤᠷ ᠪᠣᠭᠣᠮᠲᠠ᠎ᠶ᠋ᠢᠨ ᠪᠦᠷᠢᠳᠭᠡᠯ᠎ᠢ ᠦᠨᠳᠦᠰᠦᠯᠡᠪᠡᠯ᠂ 2025 ᠣᠨ᠎ᠳᠤ᠂ ᠮᠠᠨᠵᠤᠤᠷ ᠬᠢᠯᠢ ᠵᠢᠨ ᠪᠣᠭᠣᠮᠲᠠ᠎ᠪᠠᠷ ᠭᠠᠳᠠᠭᠠᠳᠤ᠎ᠳᠤ ᠭᠠᠷᠭᠠᠭ᠍ᠰᠠᠨ ᠮᠠᠱᠢᠨ ᠴᠠᠬᠢᠯᠭᠠᠨ᠎ᠤ ᠦᠶ᠋ᠯᠡᠳᠬᠦᠨ᠎ᠦ ᠠᠷᠠᠯᠵᠢᠶᠠᠨ᠎ᠤ ᠥᠷᠲᠡᠭ 1167.9 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 3.6%᠎ᠪᠠᠷ ᠨᠡᠮᠡᠭ᠌ᠳᠡᠵᠦ᠍᠂ ᠲᠡᠦᠬᠡ᠎ᠶ᠋ᠢᠨ ᠠᠳᠠᠯᠢ ᠬᠤᠭᠤᠴᠠᠭᠠᠨ᠎ᠤ ᠱᠢᠨ᠎ᠡ ᠲᠡᠮᠳᠡᠭ᠌ᠯᠡᠯ᠎ᠢ ᠡᠭᠦᠳᠪᠡ᠃

ᠮᠠᠨ᠎ᠤ ᠤᠯᠤᠰ᠎ᠤᠨ ᠮᠠᠱᠢᠨ ᠴᠠᠬᠢᠯᠭᠠᠨ᠎ᠤ ᠠᠵᠤ ᠦᠢᠯᠡᠰ᠎ᠦᠨ ᠳᠡᠭᠡᠳᠦ ᠲᠡᠰᠵᠢᠯᠳᠡ᠂ ᠤᠶᠤᠨᠴᠢᠯᠠᠯᠳᠠ ᠲᠡᠢᠰᠢ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌᠎ᠶ᠋ᠢ ᠲᠠᠭᠠᠯᠳᠤᠨ᠂ ᠤᠯᠤᠰ᠎ᠲᠠᠭᠠᠨ ᠦᠢᠯᠡᠳᠪᠦᠷᠢᠯᠡᠭ᠌ᠰᠡᠨ ᠮᠠᠱᠢᠨ ᠴᠠᠬᠢᠯᠭᠠᠨ᠎ᠤ ᠦᠢᠯᠡᠳᠬᠦᠨ᠎ᠦ ᠳᠡᠯᠡᠬᠡᠢ᠎ᠶ᠋ᠢᠨ ᠵᠠᠬ᠎ᠠ ᠳᠡᠯᠭᠡᠭᠦᠷ᠎ᠲᠡᠬᠢ ᠦᠷᠢᠰᠦᠯᠳᠦᠬᠦ᠌ ᠬᠦᠴᠦᠨ ᠦᠷᠭᠦᠯᠵᠢᠯᠡᠨ ᠴᠢᠩᠭᠠᠷᠠᠪᠠ᠃ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ 2025 ᠣᠨ᠎ᠳᠤ ᠮᠠᠨᠵᠤᠤᠷ ᠬᠢᠯᠢ ᠵᠢᠨ ᠪᠣᠭᠣᠮᠲᠠ᠎ᠪᠠᠷ ᠭᠠᠳᠠᠭᠠᠳᠤ᠎ᠳᠤ ᠭᠠᠷᠭᠠᠭ᠍ᠰᠠᠨ ᠮᠠᠱᠢᠨ ᠴᠠᠬᠢᠯᠭᠠᠨ᠎ᠤ ᠦᠶ᠋ᠯᠡᠳᠬᠦᠨ᠎ᠦ ᠪᠦᠲᠦᠴᠡ ᠤᠯᠠᠮ ᠨᠢᠭᠡ ᠠᠯᠬᠤᠮ ᠱᠢᠯᠢᠳᠡᠭ᠌ᠵᠢᠵᠦ᠍᠂ ᠭᠠᠷ ᠤᠲᠠᠰᠤ ᠵᠡᠷᠭᠡ ᠳᠡᠭᠡᠳᠦ ᠮᠡᠷᠭᠡᠵᠢᠯ᠎ᠦᠨ ᠦᠶ᠋ᠯᠡᠳᠬᠦᠨ᠎ᠦ ᠡᠵᠡᠯᠡᠬᠦ᠌ ᠬᠠᠷᠢᠴᠠᠯ ᠢᠯᠡᠳᠲᠡ ᠨᠡᠮᠡᠭᠳᠡᠵᠤ᠂ ᠠᠳᠠᠯᠢ  ᠬᠤᠭᠤᠴᠠᠭᠠᠨ᠎ᠤ᠎ᠬᠢ᠎ᠡᠴᠡ 12 ᠳᠠᠬᠢᠨ ᠨᠡᠮᠡᠭ᠌ᠳᠡᠪᠡ᠃

ᠮᠠᠱᠢᠨ ᠴᠠᠬᠢᠯᠭᠠᠨ᠎ᠤ ᠦᠢᠯᠡᠳᠬᠦᠨ᠎ᠢ ᠰᠠᠭᠠᠳ ᠦᠬᠡᠢ ᠪᠣᠭᠣᠮᠲᠠ᠎ᠪᠠᠷ ᠥᠩᠭᠡᠷᠡᠭᠦᠯᠬᠦ᠌ ᠦᠷ᠎ᠡ ᠪᠦᠲᠦᠮᠵᠢ᠎ᠶ᠋ᠢ ᠪᠠᠲᠤᠯᠠᠬᠤ᠎ᠶ᠋ᠢᠨ ᠲᠤᠰᠠᠳᠠ᠂ ᠮᠠᠨᠵᠤᠤᠷ ᠪᠣᠭᠣᠮᠲᠠ ᠪᠣᠭᠣᠮᠲᠠ᠎ᠪᠠᠷ ᠥᠩᠭᠡᠷᠡᠬᠦ᠌᠎ᠶ᠋ᠢ ᠳᠥᠭᠥᠮᠴᠢᠯᠡᠬᠦ᠌ ᠥᠭᠡᠷᠡᠴᠢᠯᠡᠯᠲᠡ᠎ᠶ᠋ᠢ ᠦᠷᠭᠦᠯᠵᠢᠯᠡᠨ ᠠᠬᠢᠭᠤᠯᠪᠠ᠃ ᠮᠠᠨᠵᠤᠤᠷ᠎ᠤᠨ ᠵᠠᠰᠠᠮᠠᠯ ᠵᠠᠮ᠎ᠤᠨ ᠬᠢᠯᠢ ᠵᠢᠨ ᠪᠣᠭᠣᠮᠲᠠ《ᠤᠷᠢᠳᠴᠢᠯᠠᠨ ᠭᠤᠶᠤᠴᠢᠯᠠᠨ ᠮᠡᠳᠡᠭᠦᠯᠬᠦ᠌᠂ ᠲᠠᠷᠤᠢ ᠪᠠᠢᠴᠠᠭᠠᠵᠤ ᠲᠠᠷᠤᠢ  ᠶᠠᠪᠤᠭᠤᠯᠬᠤ》 ᠪᠣᠭᠣᠮᠲᠠ᠎ᠪᠠᠷ ᠥᠩᠭᠡᠷᠡᠭᠦᠯᠬᠦ᠌ ᠵᠠᠭ᠍ᠪᠤᠷ᠎ᠢ ᠬᠡᠷᠡᠭ᠌ᠵᠢᠭᠦᠯᠵᠦ᠍᠂ 《7×24》 ᠴᠠᠭ᠎ᠢᠶᠠᠷ  ᠪᠣᠯᠵᠣᠨ ᠪᠣᠭᠣᠮᠲᠠ᠎ᠪᠠᠷ ᠥᠩᠭᠡᠷᠡᠭᠦᠯᠬᠦ᠌ ᠵᠡᠷᠭᠡ ᠠᠷᠭ᠎ᠠ ᠬᠡᠮᠵᠢᠶ᠎ᠡ᠎ᠶ᠋ᠢ ᠠᠪᠴᠤ᠌᠂ ᠤᠶᠤᠨᠲᠤ ᠪᠣᠭᠣᠮᠲᠠ᠎ᠪᠠᠷ ᠥᠩᠭᠡᠷᠡᠭᠦᠯᠬᠦ᠌᠎ᠶ᠋ᠢ ᠭᠦᠨᠵᠡᠭᠡᠢᠷᠡᠭᠦᠯᠦᠨ ᠬᠡᠷᠡᠭ᠌ᠯᠡᠵᠦ᠍᠂ ᠬᠢᠯᠢ᠎ᠪᠡᠷ ᠣᠷᠣᠭᠤᠯᠵᠤ ᠭᠠᠷᠭᠠᠬᠤ ᠲᠡᠷᠭᠡ ᠬᠦᠰᠭᠡ ᠵᠢ ᠲᠦᠷᠭᠡᠨ ᠱᠢᠯᠭᠠᠵᠤ ᠲᠦᠷᠭᠡᠨ ᠥᠩᠭᠡᠷᠡᠭᠦᠯᠬᠦ᠌᠎ᠶ᠋ᠢ ᠪᠡᠶᠡᠯᠡᠭᠦᠯᠦᠭᠰᠡᠨ ᠪᠠᠢᠨ᠎ᠠ᠃ ᠮᠠᠨᠵᠤᠤᠷ᠎ᠤᠨ ᠲᠡᠮᠦᠷ ᠵᠠᠮ᠎ᠤᠨ ᠪᠣᠭᠣᠮᠲᠠ᠎ᠳᠤ 《ᠲᠡᠮᠦᠷ ᠵᠠᠮ᠎ᠤᠨ ᠲᠦᠷᠭᠡᠨ ᠨᠡᠪᠲᠡᠷᠡᠬᠦ》 ᠪᠣᠭᠣᠮᠲᠠ ᠥᠩᠭᠡᠷᠡᠬᠦ᠌ ᠵᠠᠭ᠍ᠪᠤᠷ᠎ᠢ ᠳᠡᠯᠭᠡᠷᠡᠭᠦᠯᠵᠦ᠍᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠠᠴᠢᠶᠠᠯᠠᠭ᠍ᠰᠠᠨ ᠮᠠᠱᠢᠨ ᠴᠠᠬᠢᠯᠭᠠᠨ᠎ᠤ ᠦᠶ᠋ᠯᠡᠳᠬᠦᠨ ᠎ᠢ 《ᠲᠠᠷᠤᠢ ᠪᠠᠢᠴᠠᠭᠠᠵᠤ ᠲᠠᠷᠤᠢ ᠶᠠᠪᠤᠭᠤᠯᠬᠤ》 ᠶ᠋ᠢ ᠪᠡᠶᠡᠯᠡᠭᠦᠯᠵᠦ᠍᠂ ᠪᠠᠷᠠᠭᠠᠨ᠎ᠤ ᠭᠦᠶ᠋ᠯᠭᠡᠭᠡ ᠵᠢᠨ ᠪᠦᠬᠦᠢᠯᠡ ᠶᠠᠪᠤᠴᠠ ᠵᠢ 1 - 2 ᠡᠳᠦᠷ ᠪᠣᠭᠣᠨᠢᠰᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号