ᠰᠤᠷᠪᠤᠯᠵᠢᠯᠠᠬᠴᠢ ᠦᠪᠡᠷᠲᠡᠭᠡᠨ ᠵᠠᠰᠠᠬᠤ ᠤᠷᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶ᠎ᠠ ᠡᠴᠡ ᠤᠢᠯᠠᠭᠠᠬᠰᠠᠨ ᠢ᠋ᠶ᠋ᠡᠷ᠂ ᠤᠢᠷ᠎ᠠ ᠶ᠋ᠢᠨ ᠵᠢᠯ ᠡᠴᠡ ᠨᠠᠭᠠᠰᠢ ᠦᠪᠦᠷ ᠮᠤᠨᠭᠭᠤᠯ ᠬᠡᠷᠡᠭᠯᠡᠭᠴᠢᠳ ᠤ᠋ᠨ ᠡᠷᠬᠡ ᠠᠰᠢᠭ ᠢ᠋ ᠬᠠᠮᠠᠭᠠᠯᠠᠬᠤ ᠠᠵᠢᠯ ᠢ᠋ ᠳᠡᠭᠡᠳᠦ ᠬᠡᠮᠵᠢᠶ᠎ᠡ ᠪᠡᠷ ᠴᠢᠬᠤᠯᠠᠴᠢᠯᠠᠨ᠂ ᠬᠡᠷᠡᠭᠯᠡᠭᠡ ᠶ᠋ᠢᠨ ᠬᠦᠷᠢᠶᠡᠨ ᠤ᠋ ᠠᠷᠠᠳ ᠣᠯᠠᠨ ᠤ᠋ ᠲᠤᠰᠭᠠᠯ ᠢ᠋ᠶ᠋ᠡᠷ ᠴᠢᠩᠭ᠎ᠠ᠂ ᠨᠡᠢᠭᠡᠮ ᠤ᠋ᠨ ᠬᠤᠤᠷ ᠬᠥᠨᠥᠭᠡᠯᠲᠦ ᠴᠢᠨᠠᠷ ᠢ᠋ᠶ᠋ᠡᠷ ᠶᠡᠬᠡ ᠬᠠᠤᠯᠢ ᠲᠤᠬᠲᠠᠭᠠᠯ ᠡᠴᠡ ᠵᠦᠷᠢᠴᠡᠭᠰᠡᠨ ᠠᠰᠠᠭᠤᠳᠠᠯ ᠳ᠋ᠤ ᠴᠢᠭ᠌ᠯᠡᠭᠦᠯᠦᠨ᠂ ᠴᠢᠨᠭᠭ᠎ᠠ ᠬᠠᠮᠢᠶᠠᠷᠴᠤ ᠴᠢᠨᠭᠭ᠎ᠠ ᠵᠠᠰᠠᠬᠤ᠂ ᠬᠠᠤᠯᠢ ᠵᠢ ᠴᠢᠨᠭᠭ᠎ᠠ ᠬᠡᠷᠡᠭᠵᠢᠭᠦᠯᠬᠦ ᠪᠡᠷ ᠳᠠᠮᠵᠢᠭᠤᠯᠤᠨ᠂ ᠬᠡᠷᠡᠭᠯᠡᠭᠡ ᠶ᠋ᠢᠨ ᠬᠦᠷᠢᠶᠡᠨ ᠤ᠋ ᠳᠤᠪᠤᠢᠮ᠎ᠠ ᠠᠰᠠᠭᠤᠳᠠᠯ ᠢ᠋ ᠪᠦᠲᠦᠮᠵᠢᠲᠡᠢ ᠰᠢᠢᠳᠪᠦᠷᠢᠯᠡᠪᠡ᠃
ᠠᠵᠢᠯᠯᠠᠭ᠎ᠠᠨᠢ ᠢᠳᠡᠭᠡᠨ ᠤ᠋ ᠬᠦᠷᠢᠶᠡᠨ ᠳ᠋ᠡᠬᠢ ᠨᠡᠮᠡᠯᠲᠡ ᠡᠳ᠋ ᠢ᠋ ᠬᠡᠪᠴᠢᠶ᠎ᠡ ᠪᠠ ᠬᠡᠮᠵᠢᠶ᠎ᠡ ᠵᠢ ᠬᠡᠲᠦᠷᠡᠭᠦᠯᠦᠨ ᠬᠡᠷᠡᠭᠯᠡᠬᠦ᠂ ᠤᠯᠤᠰ ᠡᠴᠡ ᠴᠠᠭᠠᠵᠠᠯᠠᠵᠤ ᠪᠠᠢᠭ᠎ᠠ ᠢᠳᠡᠭᠡᠨ ᠤ᠋ ᠪᠤᠰᠤ ᠪᠤᠳᠠᠰ ᠢ᠋ ᠬᠡᠷᠡᠭᠯᠡᠬᠦ᠂ ᠬᠤᠳᠠᠯ ᠬᠠᠭᠤᠷᠮᠠᠭ ᠴᠢᠨᠠᠷ ᠮᠠᠭᠤ ᠲᠠᠷᠢᠶᠠᠯᠠᠩ ᠤ᠋ᠨ ᠮᠠᠲᠸᠷᠢᠶᠡᠯ ᠤ᠋ᠨ ᠦᠶ᠋ᠯᠡᠳᠬᠦᠨ ᠦᠶ᠋ᠯᠡᠳᠴᠦ᠍ ᠪᠣᠷᠣᠯᠠᠭᠤᠯᠬᠤ᠂ ᠬᠤᠳᠠᠯ ᠬᠠᠭᠤᠷᠮᠠᠭ ᠤᠬᠠᠭᠤᠯᠭ᠎ᠠ ᠬᠢᠬᠦ᠌᠂ ᠬᠤᠳᠠᠯ ᠬᠠᠭᠤᠷᠮᠠᠭ ᠴᠢᠨᠠᠷ ᠮᠠᠭᠤ ᠲᠠᠸᠠᠷ ᠦᠶ᠋ᠯᠡᠳᠬᠦ᠌ ᠵᠡᠷᠭᠡ 15 ᠭᠤᠤᠯᠳᠠᠯᠭ᠎ᠠ ᠲᠠᠢ ᠬᠦᠷᠢᠶᠡᠨ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠬᠦᠷᠢᠶᠡᠨ ᠳ᠋ᠡᠬᠢ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠠᠵᠢᠯᠯᠠᠭ᠎ᠠ ᠳ᠋ᠤ ᠬᠦᠴᠦᠲᠡᠶ ᠴᠣᠬᠢᠯᠲᠠ ᠥᠭ᠌ᠴᠦ᠂ ᠨᠢᠭᠡ ᠪᠦᠯᠦᠭ ᠨᠡᠢᠲᠡᠯᠢᠭ ᠬᠡᠷᠡᠭ ᠤ᠋ᠨ ᠵᠢᠱ᠌ᠢᠶ᠎ᠡ ᠵᠢ ᠨᠡᠢᠲᠡᠯᠡᠵᠦ᠂ ᠴᠢᠨᠭᠭ᠎ᠠ ᠰᠦᠷᠳᠡᠭᠦᠯᠦᠯ ᠦᠵᠡᠭᠦᠯᠵᠡᠢ᠃
ᠦᠷᠭᠦᠯᠵᠢᠯᠡᠨ ᠴᠢᠩᠭ᠎ᠠ ᠴᠡᠭ᠌ᠴᠡᠯᠡᠨ ᠵᠠᠰᠠᠭ᠍ᠰᠠᠨ ᠪᠠᠢᠳᠠᠯ ᠳᠣᠣᠷ᠎ᠠ᠂ ᠨᠢᠭᠡ ᠪᠦᠯᠦᠭ ᠬᠠᠤᠯᠢ ᠡᠴᠡ ᠵᠥᠷᠢᠴᠡᠭ᠌ᠰᠡᠨ ᠠᠵᠢᠯᠯᠠᠭ᠎ᠠ ᠵᠢ ᠴᠢᠩᠭ᠎ᠠ ᠪᠠᠢᠴᠠᠭᠠᠨ ᠰᠢᠢᠳᠪᠦᠷᠢᠯᠡᠪᠡ᠃ ᠮᠠᠨᠵᠤᠤᠷ ᠬᠤᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠬᠢᠨ ᠨᠢᠭᠡᠨ ᠬᠡᠲᠦ ᠳᠡᠯᠭᠡᠭᠦᠷ ᠤᠷᠭᠤᠮᠠᠯ ᠤ᠋ᠨ ᠥᠭᠡᠭᠦᠨᠴᠢᠷ ᠨᠤᠨᠳᠠᠭ ᠢ᠋ᠶ᠋ᠡᠷ ᠬᠠᠭᠤᠷᠮᠠᠭ ᠰᠦᠨ ᠲᠠᠯᠬ᠎ᠠ ᠦᠶ᠋ᠯᠡᠳᠪᠦᠷᠢᠯᠡᠭ᠌ᠰᠡᠨ ᠬᠡᠷᠡᠭ ᠢ᠋ ᠪᠠᠢᠴᠠᠭᠠᠨ ᠰᠢᠢᠳᠪᠦᠷᠢᠯᠡᠪᠡ; ᠬᠥᠬᠡᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶ᠎ᠠ ᠶ᠋ᠢᠨ ᠬᠢᠨ ᠳᠣᠲᠣᠭᠠᠳᠤ ᠵᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠲᠤᠷᠠᠨ ᠨᠢᠭᠡᠨ ᠺᠤᠮᠫᠠᠨᠢ ᠶ᠋ᠢᠨ ᠬᠠᠭᠤᠷᠮᠠᠭ 《ᠨᠠᠨ ᠹᠦ》 ᠴᠡᠨᠡᠭ ᠪᠤᠷᠤᠯᠠᠭᠤᠯᠤᠬᠰᠠᠨ ᠬᠡᠷᠡᠭ ᠢ᠋ ᠪᠠᠢᠴᠠᠭᠠᠨ ᠰᠢᠢᠳᠪᠦᠷᠢᠯᠡᠪᠡ; ᠬᠥᠯᠥᠨ ᠪᠣᠢᠷ ᠬᠤᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠬᠢᠨ ᠭᠠᠳᠠᠭᠠᠳᠤ ᠡᠴᠡ ᠣᠷᠣᠭᠤᠯᠤᠭ᠍ᠰᠠᠨ ᠦᠬᠡᠷ ᠬᠣᠨᠢᠨ ᠮᠢᠬ᠎ᠠ ᠪᠡᠷ ᠬᠥᠯᠥᠨ ᠪᠣᠢᠷ ᠤ᠋ᠨ ᠦᠬᠡᠷ ᠬᠣᠨᠢᠨ ᠮᠢᠬ᠎ᠠ ᠪᠣᠯᠭᠠᠨ ᠬᠠᠭᠤᠷᠮᠠᠬᠯᠠᠬᠤ ᠠᠵᠢᠯᠯᠠᠭ᠎ᠠ ᠵᠢ ᠴᠢᠨᠭᠭ᠎ᠠ ᠪᠠᠢᠴᠠᠭᠠᠪᠠ᠃
ᠡᠨᠡ ᠵᠢᠯ ᠦᠪᠦᠷ ᠮᠤᠨᠭᠭᠤᠯ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠢᠰᠲᠸᠮ ᠤ᠋ᠨ ᠬᠢᠨ ᠠᠷᠠᠳ ᠤ᠋ᠨ ᠠᠮᠢᠳᠤᠷᠠᠯ ᠤ᠋ᠨ ᠬᠦᠷᠢᠶᠡᠨ ᠳ᠋ᠡᠬᠢ 《 ᠲᠡᠮᠦᠷ ᠨᠢᠳᠤᠷᠭ᠎ᠠ 》 ᠠᠵᠢᠯᠯᠠᠭ᠎ᠠ ᠵᠢ ᠦᠷᠬᠦᠯᠵᠢᠯᠡᠨ ᠭᠦᠨᠵᠡᠭᠡᠢᠷᠡᠭᠦᠯᠵᠦ᠂ 《ᠥᠪᠥᠷ ᠮᠣᠩᠭᠣᠯ ᠤ᠋ᠨ ᠲᠠᠯ᠎ᠠ ᠨᠤᠲᠤᠭ ᠤ᠋ᠨ ᠤᠬᠢ ᠪᠦᠲᠦᠭᠡᠭ᠌ᠳᠡᠬᠦᠨ》 ᠢ᠋ ᠰᠠᠬᠢᠨ ᠬᠠᠮᠠᠭᠠᠯᠠᠬᠤ ᠲᠤᠰᠭᠠᠶ ᠴᠡᠭ᠌ᠴᠡᠯᠡᠨ ᠵᠠᠰᠠᠯᠲᠠ ᠵᠢ ᠥᠷᠨᠢᠭᠦᠯᠵᠦ᠂ ᠢᠳᠡᠭᠡᠨ ᠤ᠋ ᠨᠡᠮᠡᠯᠲᠡ ᠡᠳ᠋ ᠢ᠋ ᠬᠡᠪᠴᠢᠶ᠎ᠡ ᠪᠠ ᠬᠡᠮᠵᠢᠶ᠎ᠡ ᠵᠢ ᠬᠡᠲᠦᠷᠡᠭᠦᠯᠦᠨ ᠬᠡᠷᠡᠭᠯᠡᠬᠦ᠂ ᠤᠯᠤᠰ ᠡᠴᠡ ᠴᠠᠭᠠᠵᠠᠯᠠᠵᠤ ᠪᠠᠢᠭ᠎ᠠ ᠢᠳᠡᠭᠡᠨ ᠤ᠋ ᠪᠤᠰᠤ ᠪᠤᠳᠠᠰ ᠢ᠋ ᠬᠡᠷᠡᠭᠯᠡᠬᠦ᠂ ᠭᠡᠷᠡᠴᠢᠯᠡᠯ ᠬᠢᠬᠦ ᠪᠠ ᠱᠢᠯᠭᠠᠨ ᠪᠠᠢᠴᠠᠭᠠᠵᠤ ᠬᠢᠨᠠᠨ ᠬᠡᠮᠵᠢᠬᠦ᠌ ᠬᠦᠷᠢᠶᠡᠨ ᠤ᠋ ᠬᠤᠳᠠᠯ ᠬᠠᠭᠤᠷᠮᠠᠭ ᠱᠢᠯᠭᠠᠨ ᠪᠠᠢᠴᠠᠭᠠᠭ᠍ᠰᠠᠨ ᠮᠡᠳᠡᠭᠦᠯᠦᠯᠲᠡ ᠭᠠᠷᠭᠠᠬᠤ ᠵᠡᠷᠭᠡ ᠬᠠᠤᠯᠢ ᠡᠴᠡ ᠵᠥᠷᠢᠴᠡᠭ᠌ᠰᠡᠨ ᠠᠵᠢᠯᠯᠠᠭ᠎ᠠ ᠳ᠋ᠤ ᠴᠢᠨᠭᠭ᠎ᠠ ᠴᠤᠬᠢᠯᠲᠠ ᠦᠭᠴᠦ᠂ ᠬᠡᠷᠡᠭ᠌ᠯᠡᠭᠡᠨ ᠤ᠋ ᠵᠠᠬ᠎ᠠ ᠳᠡᠯᠭᠡᠭᠦᠷ ᠤ᠋ᠨ ᠡᠮᠬᠢ ᠵᠢᠷᠦᠮ ᠢ᠋ ᠲᠠᠰᠤᠷᠠᠯᠲᠠ ᠦᠭᠡᠢ ᠵᠢᠷᠤᠮᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ ᠪᠤᠯᠤᠨ᠎ᠠ᠃