ᠰᠤᠷᠪᠤᠯᠵᠢᠯᠠᠭ᠍ᠴᠢ ᠬᠥᠬᠡᠬᠣᠲᠠ᠎ᠶ᠋ᠢᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠯ ᠪᠠ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ᠎ᠡᠴᠠ ᠣᠢᠯᠠᠭᠠᠭ᠍ᠰᠠᠨ᠎ᠢᠶᠠᠷ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠣᠯᠠᠨ ᠲᠦᠮᠡᠨ᠎ᠦ ᠨᠠᠭᠠᠰᠢ ᠴᠠᠭᠠᠰᠢ ᠭᠦᠶᠦᠬᠦ᠌᠎ᠶ᠋ᠢ ᠪᠠᠭᠠᠰᠭᠠᠨ᠂ ᠠᠵᠢᠯ ᠶᠠᠪᠤᠳᠠᠯ ᠭᠦᠶ᠋ᠴᠡᠳᠭᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ ᠲᠣᠰ ᠲᠣᠪᠴᠢᠶ᠎ᠠ ᠵᠢᠴᠢ ᠬᠠᠮᠢᠶ᠎ᠠ ᠪᠥᠬᠥᠶ ᠨᠢᠭᠡᠴᠢ ᠲᠦᠷᠦᠬᠦᠬᠡᠨ 《ᠬᠥᠬᠡᠬᠣᠲᠠ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠦᠨ ᠰᠦᠯᠵᠢᠶᠡᠨ ᠳᠡᠭᠡᠷ᠎ᠡ ᠭᠦᠶ᠋ᠴᠡᠳᠭᠡᠬᠦ᠌ ᠨᠠᠵᠠᠭᠠᠶ ᠲᠠᠯ᠎ᠠ᠎ᠶ᠋ᠢᠨ ᠨᠠᠷᠢᠨ ᠲᠠᠩᠰᠠ》 ᠶ᠋ᠢ ᠨᠠᠢᠷᠠᠭᠤᠯᠤᠨ ᠵᠣᠬᠢᠶᠠᠵᠤ᠂ ᠰᠦᠯᠵᠢᠶᠡᠨ ᠳᠡᠭᠡᠷ᠎ᠡ ᠭᠦᠶ᠋ᠴᠡᠳᠭᠡᠬᠦ᠌᠎ᠳᠦ ᠲᠣᠬᠢᠷᠠᠮᠵᠢ ᠥᠬᠡᠶ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠦᠨ ᠨᠠᠷᠢᠨ ᠲᠠᠩᠰᠠ᠎ᠶ᠋ᠢ ᠲᠣᠳᠣᠷᠬᠠᠶ ᠵᠢᠭ᠍ᠰᠠᠭᠠᠵᠤ᠂ ᠨᠠᠷᠢᠨ ᠲᠠᠩᠰᠠ᠎ᠠᠴᠠ ᠭᠠᠳᠠᠨᠠᠬᠢ ᠵᠦᠶ᠋ᠯᠡᠰ᠎ᠢ ᠪᠦᠬᠦᠨ᠎ᠢ ᠰᠦᠯᠵᠢᠶᠡᠨ ᠳᠡᠭᠡᠷ᠎ᠡ ᠭᠦᠶ᠋ᠴᠡᠳᠭᠡᠬᠦ᠌᠎ᠶ᠋ᠢ ᠦᠨᠡᠨ ᠬᠦ᠌ ᠪᠠᠲᠤᠯᠠᠪᠠ᠃
ᠣᠢᠷ᠎ᠠ᠎ᠶ᠋ᠢᠨ ᠵᠢᠯ᠎ᠦᠨ ᠲᠤᠷᠰᠢ᠂ ᠬᠥᠬᠡᠬᠣᠲᠠ ᠪᠥᠬᠥ᠌ ᠬᠣᠲᠠ᠎ᠶ᠋ᠢᠨ ᠡᠯ᠎ᠡ ᠲᠥᠷᠥᠯ ᠦᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠤᠨ 《ᠪᠥᠬᠥ᠌ ᠶᠠᠪᠤᠴᠠ᠎ᠵᠢ ᠰᠦᠯᠵᠢᠶ᠎ᠡ᠎ᠪᠡᠷ ᠭᠦᠶ᠋ᠴᠡᠳᠭᠡᠬᠦ᠌》 ᠠᠵᠢᠯ᠎ᠢ ᠦᠷᠭᠦᠯᠵᠢᠯᠡᠨ ᠠᠬᠢᠭᠤᠯᠵᠤ᠂ ᠪᠥᠬᠥ᠌ ᠬᠣᠲᠠ᠎ᠶ᠋ᠢᠨ ᠡᠯ᠎ᠡ ᠭᠠᠵᠠᠷ ᠣᠷᠣᠨ᠂ ᠨᠢᠭᠡᠴᠢ᠎ᠶ᠋ᠢᠨ ᠥᠨᠳᠥᠷ ᠳᠠᠪᠲᠠᠮᠵᠢᠲᠤ ᠵᠠᠰᠠᠭ ᠵᠠᠬᠢᠷᠭᠠᠨ᠎ᠤ ᠵᠥᠪᠱᠢᠶᠡᠷᠡᠯ᠎ᠦᠨ ᠵᠦᠶ᠋ᠯᠡᠰ᠎ᠢ ᠴᠥᠮ ᠣᠶᠤᠨᠴᠢ᠎ᠪᠠᠷ ᠬᠢᠨᠠᠨ ᠵᠥᠪᠱᠢᠶᠡᠷᠡᠬᠦ᠌᠎ᠶ᠋ᠢ ᠪᠡᠶᠡᠯᠡᠭᠦᠯᠵᠦ᠍᠂ 50% ᠵᠢᠨ ᠮᠠᠲ᠋ᠧᠷᠢᠶᠠᠯ᠎ᠢ 《ᠲᠤᠱᠢᠶᠠᠬᠤ᠎ᠠᠴᠠ ᠭᠡᠯᠳᠦᠷᠢᠭᠦᠯᠵᠦ》᠂ ᠨᠢᠭᠡ ᠯᠡ ᠤᠳᠠᠭᠠᠲᠡᠭᠡᠷᠡ ᠬᠦᠢᠴᠡᠳᠭᠡᠬᠦ ᠨᠣᠷᠮ᠎ᠠ᠎ᠶ᠋ᠢ 70% ᠡᠴᠠ ᠳᠡᠭᠡᠭ᠌ᠰᠢ ᠪᠤᠯᠭᠠᠪᠠ᠃ ᠤᠳᠤ᠂ ᠪᠥᠬᠥ᠌ ᠬᠣᠲᠠ᠎ᠶ᠋ᠢᠨ ᠡᠯ᠎ᠡ ᠲᠥᠷᠥᠯ᠎ᠦᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠦᠨ ᠪᠥᠬᠥ᠌ ᠶᠠᠪᠤᠴᠠ᠎ᠶ᠋ᠢ ᠰᠦᠯᠵᠢᠶ᠎ᠡ᠎ᠪᠡᠷ ᠭᠦᠶ᠋ᠴᠡᠳᠭᠡᠬᠦ᠌ ᠬᠠᠷᠢᠴᠠᠯ 89.78% ᠳ᠋ᠤ ᠬᠥᠷᠴᠡᠢ᠃ ᠡᠭᠦᠨ᠎ᠡᠴᠡ ᠭᠠᠳᠠᠨ᠎ᠠ᠂ ᠡᠯᠧᠺᠲ᠋ᠷᠣᠨ ᠭᠡᠷᠡᠴᠢ ᠦᠨᠡᠮᠯᠡᠯ᠎ᠢ ᠦᠷᠭᠦᠯᠵᠢᠯᠡᠨ ᠴᠤᠭ᠍ᠯᠠᠭᠤᠯᠵᠤ᠂ ᠡᠯ᠎ᠡ ᠲᠥᠷᠥᠯ᠎ᠦᠨ ᠡᠯᠧᠺᠲ᠋ᠷᠣᠨ ᠭᠡᠷᠡᠴᠢ ᠦᠨᠡᠮᠯᠡᠯ᠎ᠢ 465.5 ᠲᠦᠮᠡ ᠦᠶ᠋ᠯᠡᠳᠤᠨ ᠬᠡᠷᠡᠭᠯᠡᠵᠤ᠂ ᠡᠯᠧᠺᠲ᠋ᠷᠣᠨ ᠲᠠᠮᠠᠭ᠎ᠠ ᠳᠠᠷᠤᠭ᠍ᠰᠠᠨ ᠨᠣᠷᠮ᠎ᠠ 99.99%᠎ᠳ᠋ᠤ ᠬᠦᠷᠴᠦ᠍᠂ ᠲᠣᠭ᠎ᠠ ᠪᠠᠷᠢᠮᠲᠠ᠎ᠶ᠋ᠢ ᠱᠢᠯᠵᠢᠭᠦᠯᠦᠨ ᠬᠡᠷᠡᠭ᠌ᠯᠡᠭ᠌ᠰᠡᠨ ᠬᠡᠮᠵᠢᠶ᠎ᠡ 8.6 ᠲᠦᠮᠡᠨ ᠤᠳᠠᠭ᠎ᠠ᠎ᠳᠤ ᠬᠦᠷᠴᠦ᠍᠂ ᠬᠢᠨᠠᠨ ᠵᠥᠪᠱᠢᠶᠡᠷᠡᠬᠦ᠌ ᠵᠦᠶ᠋ᠯᠡᠰ᠎ᠢ 《ᠦᠨᠡᠮᠯᠡᠯ ᠥᠬᠡᠶ᠎ᠪᠡᠷ ᠭᠦᠶ᠋ᠴᠡᠳᠭᠡᠬᠦ᠌》 ᠠᠵᠢᠯ᠎ᠢ ᠪᠥᠬᠥ᠌ ᠲᠠᠯ᠎ᠠ᠎ᠪᠠᠷ ᠳᠥᠯᠭᠢᠨ ᠠᠬᠢᠭᠤᠯᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号