ᠥᠪᠥᠷ ᠮᠣᠩᠭᠣᠯ ᠬᠠᠲᠤᠨ ᠭᠤᠤᠯ ᠤ᠋ᠨ ᠡᠷᠭᠢ ᠳᠠᠭᠠᠤ ᠵᠢᠨ ᠨᠡᠭᠦᠳᠡᠯ ᠡᠯᠡᠰᠦ ᠶ᠋ᠢ ᠱᠢᠰᠲ᠋ᠧᠮ᠎ᠲᠡᠶ ᠵᠠᠰᠠᠬᠤ ᠢᠨᠵᠧᠨᠧᠷᠢᠩ ᠢ᠋ ᠡᠬᠢᠯᠡᠭᠦᠯᠵᠡᠢ
2026-04-09 10:39:25
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠠᠯᠠᠱᠠ ᠠᠢᠮᠠᠭ ᠤ᠋ᠨ 2026 ᠣᠨ ᠤ᠋ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤ ᠢᠨᠵᠧᠨᠧᠷᠢᠩ ᠤᠯᠠᠭᠠᠨᠪᠤᠬ᠎ᠠ ᠵᠢᠨ ᠡᠯᠡᠰᠦᠨ ᠴᠥᠯ ᠤ᠋ᠨ ᠬᠥᠪᠡᠭᠡᠨ᠎ᠳᠡᠬᠢ ᠬᠠᠲᠤᠨ ᠭᠤᠤᠯ ᠤ᠋ᠨ ᠪᠠᠷᠠᠭᠤᠨ ᠡᠷᠭᠢ ᠳ᠋ᠤ ᠠᠵᠢᠯ ᠵᠢᠡᠨ ᠡᠬᠢᠯᠡᠭᠦᠯᠪᠡ᠃ ᠡᠨᠡ ᠨᠢ ᠥᠪᠥᠷ ᠮᠣᠩᠭᠣᠯ ᠠᠯᠠᠱᠠ ᠠᠭᠤᠯᠠ ᠡᠴᠡ ᠮᠤᠨᠢ ᠠᠭᠤᠯᠠ ᠬᠥᠷᠬᠥ᠌ ᠬᠡᠰᠡᠭ ᠤ᠋ᠨ ᠬᠠᠲᠤᠨ ᠭᠤᠤᠯ ᠤ᠋ᠨ ᠡᠷᠭᠢ ᠳᠠᠭᠠᠤ 180 ᠺᠢᠯᠣᠮᠧᠲ᠋ᠷ ᠤ᠋ᠨ ᠨᠡᠭᠦᠳᠡᠯ ᠡᠯᠡᠰᠦ ᠶ᠋ᠢ ᠱᠢᠰᠲ᠋ᠧᠮ᠎ᠲᠡᠶ ᠵᠠᠰᠠᠬᠤ ᠢᠨᠵᠧᠨᠧᠷᠢᠩ ᠢ᠋ ᠵᠢᠩᠬᠢᠨᠢ ᠪᠡᠷ ᠡᠬᠢᠯᠡᠭᠦᠯᠦᠭ᠌ᠰᠡᠨ ᠢ᠋ ᠬᠠᠷᠠᠭᠤᠯᠵᠤ ᠪᠣᠶ᠃

ᠠᠯᠠᠱᠠ ᠠᠭᠤᠯᠠ ᠵᠢᠨ ᠬᠣᠢᠲᠤ ᠬᠡᠰᠡᠭ ᠡᠴᠡ᠎ᠮᠤᠨᠢ ᠠᠭᠤᠯᠠ ᠬᠦᠷᠲᠡᠯᠡᠬᠢ 180 ᠺᠢᠯᠣᠮᠧᠲ᠋ᠷ ᠤ᠋ᠨ ᠬᠠᠲᠤᠨ ᠭᠤᠤᠯ ᠤ᠋ᠨ ᠡᠷᠭᠢ ᠳᠠᠭᠠᠤ᠎ᠳᠠᠬᠢ ᠨᠡᠭᠦᠳᠡᠯ ᠡᠯᠡᠰᠦ ᠨᠢ ᠬᠠᠲᠤᠨ ᠭᠤᠤᠯ ᠤ᠋ᠨ ᠶᠡᠬᠡ ᠲᠤᠬᠤᠢ ᠵᠢᠨ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠵᠠᠩᠭᠢᠯᠠᠭ᠎ᠠ ᠵᠢᠨ ᠵᠠᠰᠠᠬᠤ ᠣᠷᠣᠨ ᠪᠣᠯᠤᠭ᠍ᠰᠠᠨ ᠤ᠋ ᠬᠤᠪᠢ᠎ᠳᠤ᠂ ᠭᠤᠤᠯᠳᠠᠭᠤ ᠤᠯᠠᠭᠠᠨᠪᠤᠬ᠎ᠠ ᠵᠢᠨ ᠡᠯᠡᠰᠦᠨ ᠴᠥᠯ ᠤ᠋ᠨ ᠵᠡᠭᠦᠨ ᠡᠮᠦᠨ᠎ᠡ ᠵᠠᠬ᠎ᠠ ᠵᠢᠨ ᠡᠯᠡᠰᠦᠨ ᠳᠣᠪᠣᠴᠠᠭ᠎ᠲᠤ ᠳᠠᠭᠠᠷᠢᠭ᠍ᠳᠠᠵᠤ᠂ ᠨᠡᠭᠦᠳᠡᠯ ᠡᠯᠡᠰᠦ ᠵᠢᠨ ᠬᠠᠲᠤᠨ ᠭᠤᠤᠯ᠎ᠳᠤ ᠱᠢᠭᠤᠳ ᠣᠷᠣᠬᠤ ᠴᠢᠬᠤᠯᠠ ᠢᠷᠡᠯᠲᠡ ᠵᠢᠨ ᠣᠷᠣᠨ ᠤ᠋ ᠨᠢᠭᠡ ᠪᠣᠯᠵᠣ᠂ ᠠᠮᠢ ᠠᠬᠤᠶ ᠵᠢᠨ ᠣᠷᠣᠨ ᠪᠠᠢᠷᠢ ᠲᠤᠢᠯ ᠤ᠋ᠨ ᠴᠢᠬᠤᠯᠠ ᠪᠠᠢᠳᠠᠭ᠃

ᠬᠠᠲᠤᠨ ᠭᠤᠤᠯ ᠤ᠋ᠨ ᠶᠡᠬᠡ ᠲᠤᠬᠤᠢ ᠵᠢᠨ ᠣᠷᠣᠨ ᠪᠦᠰᠡ ᠳ᠋ᠤ ᠪᠠᠢᠷᠢᠯᠠᠵᠤ ᠪᠠᠢᠭ᠎ᠠ ᠠᠯᠠᠱᠠ ᠠᠢᠮᠠᠭ 2026 ᠣᠨ᠎ᠳᠤ ᠬᠠᠲᠤᠨ ᠭᠤᠤᠯ ᠤ᠋ᠨ ᠡᠷᠭᠢ ᠳᠠᠭᠠᠤ ᠵᠢᠨ ᠨᠡᠭᠦᠳᠡᠯ ᠡᠯᠡᠰᠦ ᠶ᠋ᠢ ᠱᠢᠰᠲ᠋ᠧᠮ᠎ᠲᠡᠶ ᠵᠠᠰᠠᠬᠤ᠂ ᠥᠪᠥᠷ ᠮᠣᠩᠭᠣᠯ ᠭᠠᠨᠰᠦ ᠪᠣᠯᠤᠨ ᠥᠪᠥᠷ ᠮᠣᠩᠭᠣᠯ ᠨᠢᠩᠱᠢᠶᠠ ᠵᠢᠨ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠵᠠᠰᠠᠬᠤ ᠵᠡᠷᠭᠡ ᠡᠯᠡᠰᠦ ᠮᠠᠩᠬ᠎ᠠ ᠶ᠋ᠢ ᠰᠡᠷᠭᠡᠢᠯᠡᠨ ᠵᠠᠰᠠᠬᠤ 15 ᠲᠥᠷᠥᠯ ᠵᠦᠶ᠋ᠯ ᠢ᠋ ᠥᠷᠨᠢᠭᠦᠯᠵᠦ᠍᠂ ᠪᠥᠬᠥ᠌ ᠵᠢᠯ ᠳ᠋ᠤ ᠡᠯᠡᠰᠦ ᠮᠠᠩᠬ᠎ᠠ ᠶ᠋ᠢ ᠰᠡᠷᠭᠡᠢᠯᠡᠨ ᠵᠠᠰᠠᠬᠤ ᠲᠠᠯᠠᠪᠠᠶ ᠶ᠋ᠢ 240 ᠲᠦᠮᠡᠨ ᠮᠤ᠌ ᠡᠴᠡ ᠳᠡᠭᠡᠭ᠌ᠰᠢ ᠪᠡᠶᠡᠯᠡᠭᠦᠯᠬᠦ᠌ ᠪᠡᠷ ᠲᠥᠯᠥᠪᠯᠡᠵᠦ᠍᠂ ᠪᠠᠳᠠᠢ ᠵᠢᠨ ᠵᠢᠷᠠᠨ᠂ ᠲᠩᠷᠢ᠂ ᠤᠯᠠᠭᠠᠨᠪᠤᠬ᠎ᠠ ᠪᠣᠯᠤᠨ ᠭᠤᠷᠪᠠᠨ ᠶᠡᠬᠡ ᠡᠯᠡᠰᠦᠨ ᠴᠥᠯ ᠤ᠋ᠨ ᠬᠥᠪᠡᠭᠡ ᠵᠠᠬ᠎ᠠ ᠶ᠋ᠢ ᠴᠢᠳᠦᠷᠯᠡᠬᠦ ᠣᠶ ᠱᠢᠭᠤᠶ ᠪᠠ ᠨᠤᠲᠤᠭ ᠪᠡᠯᠴᠢᠭᠡᠷ ᠤ᠋ᠨ ᠪᠦᠰᠡ ᠶ᠋ᠢ ᠤᠯᠠᠮ ᠨᠢᠭᠡ ᠠᠯᠬᠤᠮ ᠥᠷᠭᠡᠳᠭᠡᠨ᠂ ᠣᠢᠵᠢᠭᠤᠯᠵᠤ ᠡᠪᠡᠰᠦ ᠳᠠᠷᠢᠬᠤ ᠨᠣᠷᠮ᠎ᠠ ᠶ᠋ᠢ 70% ᠡᠴᠡ ᠳᠡᠭᠡᠭ᠌ᠰᠢ ᠲᠣᠭ᠍ᠲᠠᠪᠤᠷᠢᠵᠢᠭᠤᠯᠬᠤ ᠶ᠋ᠢ ᠦᠨᠡᠨ ᠬᠦ᠌ ᠪᠠᠲᠤᠯᠠᠵᠤ᠂ ᠡᠯᠡᠰᠦ ᠮᠠᠩᠬᠠᠨ ᠤ᠋ ᠨᠡᠢᠯᠡᠬᠦ ᠬᠠᠨᠳᠤᠰᠢ ᠵᠢᠴᠢ ᠡᠮᠦᠨᠡᠰᠢ ᠲᠦᠷᠢᠵᠦ᠍ ᠵᠡᠭᠦᠨᠰᠢ ᠨᠡᠬᠦᠬᠦ  ᠬᠠᠨᠳᠤᠰᠢ ᠶ᠋ᠢ ᠪᠦᠲᠦᠮᠵᠢᠲᠠᠢ ᠬᠤᠷᠢᠭᠯᠠᠪᠠ᠃

ᠡᠨᠡ ᠵᠢᠯ ᠠᠯᠠᠱᠠ ᠠᠢᠮᠠᠭ ᠦᠷᠭᠦᠯᠵᠢᠯᠡᠨ ᠠᠵᠢᠯ ᠣᠯᠭᠣᠯᠲᠠ᠎ᠪᠠᠷ ᠲᠡᠳᠬᠦᠮᠵᠢ ᠶ᠋ᠢ ᠣᠷᠣᠯᠠᠭᠤᠯᠬᠤ ᠵᠠᠭ᠍ᠪᠤᠷ ᠢ᠋ ᠳᠡᠯᠭᠡᠷᠡᠭᠦᠯᠵᠦ᠍᠂ ᠲᠤᠬᠠᠶ ᠵᠢᠨ ᠭᠠᠵᠠᠷ ᠤ᠋ᠨ ᠮᠠᠯᠴᠢᠨ ᠲᠠᠷᠢᠶᠠᠴᠢᠨ ᠢ᠋ ᠵᠣᠬᠢᠶᠠᠨ ᠪᠠᠢᠭᠤᠯᠤᠨ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤ ᠢᠨᠵᠧᠨᠧᠷᠢᠩ ᠤ᠋ᠨ ᠪᠥᠲᠥᠭᠡᠨ ᠪᠠᠢᠭᠤᠯᠤᠯᠲᠠ᠎ᠳᠤ ᠱᠢᠭᠤᠳ ᠣᠷᠣᠯᠴᠠᠭᠤᠯᠤᠨ᠂ ᠮᠠᠯᠴᠢᠨ ᠲᠠᠷᠢᠶᠠᠴᠢᠨ ᠤ᠋ ᠬᠡᠷ᠎ᠲᠡᠬᠡᠨ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌ ᠶ᠋ᠢ ᠳᠠᠢᠴᠢᠯᠠᠨ᠎ᠠ; ᠡᠯᠡᠰᠦᠨ ᠳ᠋ᠤ ᠤᠷᠭᠤᠬᠤ ᠣᠨᠴᠠᠯᠢᠭ᠍ᠲᠤ ᠤᠷᠭᠤᠮᠠᠯ ᠤ᠋ᠨ ᠡᠬᠢ ᠪᠠᠶᠠᠯᠢᠭ᠎ᠲᠤ ᠲᠦᠱᠢᠭ᠌ᠯᠡᠨ᠂ ᠣᠶ ᠱᠢᠭᠤᠶ ᠡᠪᠡᠰᠦᠨ᠎ᠦ ᠠᠵᠤ ᠦᠶ᠋ᠯᠡᠰ ᠢ᠋ ᠶᠡᠬᠡ ᠪᠡᠷ ᠬᠥᠭ᠌ᠵᠢᠭᠦᠯᠵᠦ᠍᠂ ᠪᠣᠬᠢᠷᠲᠤᠯ ᠥᠬᠡᠶ ᠥᠷᠲᠡᠭ ᠢ᠋ ᠬᠤᠪᠢᠷᠠᠭᠤᠯᠬᠤ ᠠᠷᠭ᠎ᠠ ᠵᠠᠮ ᠢ᠋ ᠤᠯᠠᠮ ᠨᠢᠭᠡ ᠠᠯᠬᠤᠮ ᠥᠷᠭᠡᠳᠭᠡᠨ᠂ ᠦᠨᠳᠦᠰᠦᠲᠡᠨ᠎ᠨᠦᠭᠦᠳ ᠤ᠋ᠨ ᠣᠯᠠᠨ ᠲᠦᠮᠡᠨ ᠳ᠋ᠤ ᠠᠮᠢ ᠠᠬᠤᠶ ᠵᠢᠨ ᠪᠥᠲᠥᠭᠡᠨ ᠪᠠᠢᠭᠤᠯᠤᠯᠲᠠ ᠵᠢᠨ ᠦᠷ᠎ᠡ ᠪᠦᠲᠦᠭᠡᠯ ᠢ᠋ ᠦᠨᠡᠨ ᠬᠦ᠌ ᠬᠠᠮᠲᠤ᠎ᠪᠠᠷ ᠡᠳ᠋ᠯᠡᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号