ᠣᠢᠷ᠎ᠠ ᠳ᠋ᠤ᠂ ᠦᠪᠦᠷ ᠮᠤᠩᠭᠤᠯ 《ᠭᠠᠩ ᠬᠠᠭᠤᠷᠠᠶ ᠪᠠ ᠬᠠᠭᠠᠰ ᠭᠠᠩ ᠬᠠᠭᠤᠷᠠᠶ ᠣᠷᠣᠨ ᠤ᠋ ᠴᠦᠯᠯᠡᠷᠬᠡᠭᠵᠢᠯ ᠢ᠋ ᠰᠡᠷᠭᠡᠢᠯᠡᠨ ᠵᠠᠰᠠᠬᠤ ᠠᠮᠢ ᠠᠬᠤᠶ ᠵᠢᠨ ᠦᠷ᠎ᠡ ᠪᠦᠲᠦᠮᠵᠢ ᠶ᠋ᠢ ᠦᠨᠡᠯᠡᠨ ᠵᠢᠱ᠌ᠢᠬᠦ᠌ ᠮᠡᠷᠭᠡᠵᠢᠯ ᠤ᠋ᠨ ᠵᠦᠭ᠌ᠯᠡᠭᠦᠷ》᠂ 《ᠡᠯᠡᠰᠦᠷᠬᠡᠭ ᠭᠠᠵᠠᠷ ᠤ᠋ᠨ ᠠᠮᠢ ᠠᠬᠤᠶ ᠶ᠋ᠢ ᠬᠠᠮᠠᠭᠠᠯᠠᠬᠤ ᠪᠠ ᠵᠠᠰᠠᠨ ᠰᠡᠷᠭᠦᠭᠡᠬᠦ᠌ ᠢᠨᠵᠧᠨᠧᠷᠢᠩ ᠤ᠋ᠨ ᠠᠮᠢ ᠠᠬᠤᠶ ᠵᠢᠨ ᠦᠷ᠎ᠡ ᠪᠦᠲᠦᠮᠵᠢ ᠶ᠋ᠢ ᠦᠨᠡᠯᠡᠨ ᠵᠢᠱ᠌ᠢᠬᠦ᠌ ᠮᠡᠷᠭᠡᠵᠢᠯ ᠤ᠋ᠨ ᠲᠦᠷᠢᠮ》᠂ 《ᠲᠠᠴᠢᠷᠳᠠᠭ᠍ᠰᠠᠨ ᠨᠤᠲᠤᠭ ᠪᠡᠯᠴᠢᠭᠡᠷ ᠢ᠋ ᠵᠠᠰᠠᠨ ᠰᠡᠷᠭᠦᠭᠡᠬᠦ᠌ ᠢᠨᠵᠧᠨᠧᠷᠢᠩ ᠤ᠋ᠨ ᠠᠮᠢ ᠠᠬᠤᠶ ᠵᠢᠨ ᠦᠷ᠎ᠡ ᠪᠦᠲᠦᠮᠵᠢ ᠶ᠋ᠢ ᠦᠨᠡᠯᠡᠨ ᠵᠢᠱ᠌ᠢᠬᠦ᠌ ᠮᠡᠷᠭᠡᠵᠢᠯ ᠤ᠋ᠨ ᠲᠦᠷᠢᠮ》᠂ 《ᠡᠯᠡᠰᠦ ᠶ᠋ᠢ ᠶᠡᠷᠦᠩᠬᠡᠢᠯᠡᠨ ᠵᠠᠰᠠᠬᠤ ᠢᠨᠵᠧᠨᠧᠷᠢᠩ ᠤ᠋ᠨ ᠠᠮᠢ ᠠᠬᠤᠶ ᠵᠢᠨ ᠦᠷ᠎ᠡ ᠪᠦᠲᠦᠮᠵᠢ ᠶ᠋ᠢ ᠦᠨᠡᠯᠡᠨ ᠵᠢᠱ᠌ᠢᠬᠦ᠌ ᠮᠡᠷᠭᠡᠵᠢᠯ ᠤ᠋ᠨ ᠲᠦᠷᠢᠮ》 ᠵᠡᠷᠭᠡ ᠳᠥᠷᠪᠡᠨ ᠵᠦᠶ᠋ᠯ ᠤ᠋ᠨ ᠣᠷᠣᠨ ᠨᠤᠲᠤᠭ ᠤ᠋ᠨ ᠪᠠᠷᠢᠮᠵᠢᠶ᠎ᠠ ᠶ᠋ᠢ ᠨᠡᠢᠲᠡᠯᠡᠵᠦ᠍᠂ ᠱᠢᠨᠵᠢᠯᠡᠬᠦ᠌ ᠤᠬᠠᠭᠠᠨᠴᠢ ᠪᠡᠷ ᠡᠯᠡᠰᠦ ᠶ᠋ᠢ ᠵᠠᠰᠠᠬᠤ᠂ ᠨᠠᠷᠢᠯᠢᠭ ᠣᠨᠣᠪᠴᠢᠲᠠᠶ ᠪᠡᠷ ᠬᠢᠨᠠᠨ ᠬᠠᠮᠢᠶᠠᠷᠬᠤ ᠳ᠋ᠤ ᠮᠡᠷᠭᠡᠵᠢᠯ ᠤ᠋ᠨ ᠲᠤᠯᠭᠠᠭᠤᠷᠢᠯᠠᠯ ᠬᠠᠩᠭᠠᠪᠠ᠃
ᠣᠢᠷ᠎ᠠ ᠵᠢᠨ ᠵᠢᠯ ᠡᠴᠡ ᠥᠪᠥᠷ ᠮᠣᠩᠭᠣᠯ ᠬᠡᠷᠡᠯᠴᠢ ᠴᠡᠨᠡᠭ ᠵᠢᠡᠷ ᠡᠯᠡᠰᠦ ᠶ᠋ᠢ ᠵᠠᠰᠠᠬᠤ ᠶ᠋ᠢ ᠢᠳᠡᠪᠬᠢᠲᠡᠶ ᠠᠬᠢᠭᠤᠯᠵᠤ᠂ ᠵᠠᠮ ᠵᠢᠡᠷ ᠡᠯᠡᠰᠦ ᠶ᠋ᠢ ᠵᠠᠰᠠᠬᠤ ᠵᠡᠷᠭᠡ ᠵᠠᠰᠠᠯᠲᠠ ᠵᠢᠨ ᠵᠠᠭ᠍ᠪᠤᠷ ᠤ᠋ᠨ ᠱᠢᠨ᠎ᠡ ᠶ᠋ᠢ ᠡᠭᠦᠳᠴᠦ᠍᠂ ᠴᠦᠯᠯᠡᠷᠭᠡᠭ᠌ᠵᠢᠯ ᠢ᠋ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠭᠡᠪᠡᠴᠦ᠍ ᠤᠷᠳᠤ ᠬᠤᠭᠤᠴᠠᠭᠠᠨ ᠤ᠋ ᠲᠤᠷᠰᠢ᠂ ᠡᠯ᠎ᠡ ᠲᠦᠷᠦᠯ ᠤ᠋ᠨ ᠠᠮᠢ ᠠᠬᠤᠢ ᠶ᠋ᠢ ᠵᠠᠰᠠᠨ ᠰᠡᠷᠭᠦᠭᠡᠬᠦ᠌ ᠢᠨᠵᠧᠨᠧᠷᠢᠩ ᠤ᠋ᠨ ᠶᠡᠷᠦᠩᠬᠡᠢᠯᠡᠭ᠌ᠰᠡᠨ ᠠᠮᠢ ᠠᠬᠤᠢ ᠵᠢᠨ ᠦᠷ᠎ᠡ ᠠᠱᠢᠭ ᠨᠢ ᠱᠢᠰᠲ᠋ᠧᠮᠲᠡᠶ ᠲᠡᠭᠦᠯᠳᠡᠷᠵᠢᠭ᠌ᠰᠡᠨ᠂ ᠭᠠᠵᠠᠷ ᠣᠷᠣᠨ ᠤ᠋ ᠪᠠᠢᠳᠠᠯᠳᠠᠭᠠᠨ ᠲᠤᠬᠢᠷᠠᠭ᠍ᠰᠠᠠ ᠦᠷ᠎ᠡ ᠪᠦᠲᠦᠮᠵᠢ ᠶ᠋ᠢ ᠦᠨᠡᠯᠡᠬᠦ᠌ ᠪᠠᠷᠢᠮᠵᠢᠶ᠎ᠠ ᠳᠤᠲᠠᠭ᠍ᠳᠠᠵᠤ ᠪᠠᠢᠪᠠ᠃ ᠡᠨᠡ ᠬᠦ᠌ ᠠᠰᠠᠭᠤᠳᠠᠯ ᠳ᠋ᠤ ᠴᠢᠭ᠌ᠯᠡᠭᠦᠯᠦᠨ ᠥᠪᠡᠷᠲᠡᠭᠡᠨ ᠵᠠᠰᠠᠬᠤ ᠣᠷᠣᠨ ᠤ᠋ ᠠᠮᠢ ᠠᠬᠤᠶ ᠣᠷᠴᠢᠨ ᠲᠣᠭᠣᠷᠢᠨ ᠤ᠋ ᠲᠢᠩᠬᠢᠮ᠂ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠨᠠᠷᠢᠯᠢᠭ ᠣᠨᠣᠪᠴᠢᠲᠠᠶ ᠪᠡᠷ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ 《ᠥᠪᠥᠷ ᠮᠣᠩᠭᠣᠯ ᠤ᠋ᠨ ᠨᠤᠲᠤᠭ ᠪᠡᠯᠴᠢᠭᠡᠷ᠂ ᠡᠯᠡᠰᠦᠷᠬᠡᠭ ᠭᠠᠵᠠᠷ᠂ ᠡᠯᠡᠰᠦ ᠮᠠᠩᠬ᠎ᠠ ᠶ᠋ᠢ ᠰᠡᠷᠭᠡᠢᠯᠡᠨ ᠵᠠᠰᠠᠭ᠍ᠰᠠᠨ ᠦᠷ᠎ᠡ ᠪᠦᠲᠦᠮᠵᠢ ᠶ᠋ᠢ ᠦᠨᠡᠯᠡᠨ ᠵᠢᠱ᠌ᠢᠬᠦ᠌ ᠪᠠᠷᠢᠮᠵᠢᠶ᠎ᠠ ᠵᠢᠨ ᠱᠢᠰᠲ᠋ᠧᠮ》 ᠢ᠋ ᠭᠤᠤᠯᠳᠠᠯᠭᠠᠲᠠᠶ ᠪᠠᠢᠭᠤᠯᠤᠨ᠂ ᠲᠠᠴᠢᠷᠳᠠᠭ᠍ᠰᠠᠨ ᠨᠤᠲᠤᠭ ᠪᠡᠯᠴᠢᠭᠡᠷ ᠢ᠋ ᠰᠡᠷᠭᠦᠭᠡᠬᠦ᠌ ᠪᠠ ᠵᠠᠰᠠᠨ ᠰᠡᠷᠭᠦᠭᠡᠬᠦ᠌᠂ ᠨᠤᠲᠤᠭ ᠪᠡᠯᠴᠢᠭᠡᠷ ᠤ᠋ᠨ ᠴᠦᠯᠯᠡᠷᠬᠡᠭᠵᠢᠯ ᠢ᠋ ᠰᠡᠷᠭᠡᠢᠯᠡᠨ ᠵᠠᠰᠠᠬᠤ᠂ ᠡᠯᠡᠰᠦᠷᠬᠡᠭ ᠭᠠᠵᠠᠷ ᠢ᠋ ᠵᠠᠰᠠᠬᠤ᠂ ᠡᠯᠡᠰᠦ ᠮᠠᠩᠬ᠎ᠠ ᠶ᠋ᠢ ᠬᠠᠮᠢᠶᠠᠷᠤᠨ ᠡᠵᠡᠮᠳᠡᠬᠦ᠌ ᠵᠡᠷᠭᠡ ᠳᠥᠷᠪᠡᠨ ᠵᠠᠩᠭᠢᠯᠠᠭ᠎ᠠ ᠵᠢᠨ ᠬᠦᠷᠢᠶ᠎ᠡ ᠴᠠᠷᠠᠭ᠎ᠠ ᠡᠴᠡ ᠳᠡᠭᠡᠷ᠎ᠡ ᠳᠤᠷᠠᠳᠤᠭ᠍ᠰᠠᠨ ᠳᠥᠷᠪᠡᠨ ᠵᠦᠶ᠋ᠯ ᠤ᠋ᠨ ᠣᠷᠣᠨ ᠨᠤᠲᠤᠭ ᠤ᠋ᠨ ᠪᠠᠷᠢᠮᠵᠢᠶ᠎ᠠ ᠶ᠋ᠢ ᠲᠣᠭ᠍ᠲᠠᠭᠠᠨ ᠨᠡᠢᠲᠡᠯᠡᠵᠦ᠍᠂ ᠡᠯᠡᠰᠦ ᠶ᠋ᠢ ᠵᠠᠰᠠᠭ᠍ᠰᠠᠨ ᠦᠷ᠎ᠡ ᠪᠦᠲᠦᠮᠵᠢ ᠶ᠋ᠢ ᠦᠨᠡᠯᠡᠨ ᠵᠢᠱ᠌ᠢᠬᠦ᠌ᠳᠦ 《ᠦᠨᠳᠦᠰᠦᠯᠡᠬᠦ᠌ ᠪᠠᠷᠢᠮᠵᠢᠶ᠎ᠠ ᠥᠬᠡᠶ᠂ ᠪᠠᠢᠴᠠᠭᠠᠬᠤ ᠪᠠᠷᠢᠮᠲᠠ ᠥᠬᠡᠶ》 ᠪᠠᠢᠬᠤ ᠬᠦᠴᠢᠷ ᠠᠰᠠᠭᠤᠳᠠᠯ ᠢ᠋ ᠪᠥᠬᠥ᠌ ᠲᠠᠯ᠎ᠠ ᠪᠡᠷ ᠱᠢᠶ᠋ᠳᠪᠦᠷᠢᠯᠡᠪᠡ᠃
ᠳᠥᠷᠪᠡᠨ ᠵᠦᠶ᠋ᠯ ᠤ᠋ᠨ ᠣᠷᠣᠨ ᠨᠤᠲᠤᠭ ᠤ᠋ᠨ ᠪᠠᠷᠢᠮᠵᠢᠶ᠎ᠠ ᠵᠢᠨ ᠬᠠᠨᠳᠤᠯᠭᠠᠲᠤ ᠴᠢᠨᠠᠷᠲᠤᠢᠯ ᠤ᠋ᠨ ᠴᠢᠩᠭ᠎ᠠ ᠪᠠᠢᠵᠤ᠂ ᠠᠮᠢ ᠠᠬᠤᠶ ᠵᠢᠨ ᠬᠠᠮᠠᠭᠠᠯᠠᠯᠲᠠ ᠵᠢᠨ ᠬᠢᠨᠠᠨ ᠰᠢᠯᠭᠠᠬᠤ᠂ ᠠᠮᠢ ᠠᠬᠤᠶ ᠵᠢᠨ ᠨᠥᠬᠥᠪᠥᠷᠢ ᠵᠢᠨ ᠲᠣᠭ᠍ᠲᠠᠴᠠ ᠶ᠋ᠢ ᠪᠠᠢᠭᠤᠯᠬᠤ᠂ ᠵᠠᠯᠭᠠᠮᠵᠢ ᠵᠠᠰᠠᠯᠲᠠ ᠵᠢᠨ ᠲᠥᠯᠥᠪᠵᠢᠭᠦᠯᠭᠡ ᠶ᠋ᠢ ᠲᠣᠭ᠍ᠲᠠᠭᠠᠬᠤ ᠳ᠋ᠤ ᠨᠠᠷᠢᠯᠢᠭ ᠣᠨᠣᠪᠴᠢᠲᠠᠶ ᠲᠣᠭ᠎ᠠ ᠪᠠᠷᠢᠮᠲᠠ ᠵᠢᠨ ᠲᠤᠯᠭᠠᠭᠤᠷᠢᠯᠠᠯ ᠬᠠᠩᠭᠠᠵᠤ᠂ ᠴᠢᠬᠤᠯᠠ ᠶᠡᠬᠡ ᠠᠮᠢ ᠠᠬᠤᠶ ᠵᠢᠨ ᠢᠨᠵᠧᠨᠧᠷᠢᠩ ᠤ᠋ᠨ ᠦᠷ᠎ᠡ ᠪᠦᠲᠦᠮᠵᠢ ᠶ᠋ᠢ ᠬᠡᠮᠵᠢᠶᠡᠯᠡᠵᠦ᠍ ᠪᠣᠯᠬᠤ᠂ ᠬᠢᠨᠠᠯᠲᠠ ᠲᠠᠯᠪᠢᠵᠤ ᠪᠣᠯᠬᠤ᠂ ᠮᠥᠷᠳᠡᠵᠦ᠍ ᠪᠣᠯᠬᠤ ᠶ᠋ᠢ ᠦᠨᠡᠨ ᠬᠦ᠌ ᠪᠡᠶᠡᠯᠡᠭᠦᠯᠪᠡ᠃ ᠣᠳᠣᠬᠠᠨ ᠳ᠋ᠤ᠂ ᠴᠦᠯᠯᠡᠷᠭᠡᠭ᠌ᠵᠢᠯ ᠢ᠋ ᠰᠡᠷᠭᠡᠢᠯᠡᠨ ᠵᠠᠰᠠᠭ᠍ᠰᠠᠨ ᠦᠷ᠎ᠡ ᠪᠦᠲᠦᠮᠵᠢ ᠶ᠋ᠢ ᠦᠨᠡᠯᠡᠨ ᠵᠢᠱ᠌ᠢᠬᠦ᠌ ᠪᠠᠷᠢᠮᠵᠢᠶ᠎ᠠ ᠶ᠋ᠢ ᠬᠤᠯᠠᠨ ᠱᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠲᠤ ᠨᠢᠭᠡᠨᠲᠡ ᠵᠢᠱ᠌ᠢᠶ᠎ᠡ ᠦᠵᠡᠭᠦᠯᠦᠨ ᠬᠡᠷᠡᠭ᠌ᠯᠡᠵᠦ᠍᠂ ᠱᠢᠯᠭᠠᠨ ᠪᠠᠲᠤᠯᠠᠭ᠍ᠰᠠᠨ ᠦᠷ᠎ᠡ ᠪᠦᠲᠦᠮᠵᠢᠨᠢ ᠨᠡᠯᠢᠶᠡᠳ ᠰᠠᠢᠨ ᠪᠠᠢᠬᠤ ᠵᠢᠨ ᠬᠠᠮᠲᠤ ᠤᠰᠤᠨ ᠤ᠋ ᠡᠬᠢ ᠪᠠᠶᠠᠯᠢᠭ ᠤ᠋ᠨ ᠳᠠᠭᠠᠭᠠᠴᠠ ᠵᠢᠨ ᠬᠣᠷᠢᠭ᠎ᠠ ᠱᠤᠭᠤᠮ ᠢ᠋ ᠵᠡᠷᠭᠡᠪᠡᠷ ᠲᠣᠳᠣᠷᠬᠠᠶ ᠣᠢᠯᠠᠭᠠᠵᠤ᠂ 《ᠠᠯᠤᠰ ᠰᠡᠷᠡᠯ + ᠭᠠᠵᠠᠷ ᠤ᠋ᠨ ᠭᠠᠳᠠᠷᠭᠤ + ᠵᠠᠰᠠᠪᠤᠷᠢ ᠣᠷᠣᠭᠤᠯᠤᠭ᠍ᠰᠠᠨ》 ᠪᠠᠷᠢᠮᠵᠢᠶᠠᠵᠢᠭᠤᠯᠤᠭ᠍ᠰᠠᠨ ᠦᠨᠡᠯᠡᠨ ᠵᠢᠱ᠌ᠢᠬᠦ᠌ ᠵᠠᠭ᠍ᠪᠤᠷ ᠢ᠋ ᠪᠦᠷᠢᠯᠳᠦᠭᠦᠯᠪᠡ᠃