ᠰᠤᠷᠪᠤᠯᠵᠢᠯᠠᠭᠴᠢ ᠦᠪᠤᠷ ᠮᠤᠨᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠡᠳ᠋ ᠤ᠋ᠨ ᠵᠠᠰᠠᠭ ᠤ᠋ᠨ ᠲᠢᠨᠭᠬᠢᠮ ᠡᠴᠡ ᠤᠢᠯᠠᠭᠠᠭᠰᠠᠨ ᠢ᠋ᠢᠡᠷ᠂ ᠲᠡᠦᠬᠡ ᠰᠣᠶᠣᠯ᠎ᠤᠨ ᠥᠪ᠎ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ ᠠᠱᠢᠭ᠍ᠯᠠᠬᠤ᠎ᠶ᠋ᠢ ᠴᠢᠩᠭᠠᠳᠭᠠᠬᠤ᠎ᠶ᠋ᠢᠨ ᠲᠥᠯᠥᠭᠡ ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠂ ᠦᠪᠤᠷ ᠮᠤᠡᠭᠭᠤᠯ᠎ᠤᠨ ᠦᠪᠡᠷᠳᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮᠬᠠᠮᠲᠤᠷᠠᠨ 2026 ᠣᠨ᠎ᠤ ᠰᠣᠶᠣᠯ᠎ᠤᠨ ᠥᠪ᠎ᠢ ᠬᠠᠮᠠᠭᠠᠯᠠᠬᠤ ᠬᠠᠮᠢᠶ᠎ᠠ ᠪᠥᠬᠥᠶ ᠪᠠᠯᠠ ᠮᠥᠩᠭᠥ᠎ᠶ᠋ᠢ1.22 ᠳ᠋ᠦᠩᠱᠢᠭᠤᠷ ᠲᠥᠭᠥᠷᠢᠭ ᠤᠷᠢᠳᠴᠢᠯᠠᠨ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠭᠤᠤᠯᠳᠠᠯᠭ᠎ᠠ᠎ᠲᠠᠶ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠬᠠᠮᠠᠭᠠᠯᠠᠬᠤ᠂ ᠲᠣᠭᠠᠴᠢᠯᠠᠨ ᠬᠠᠮᠠᠭᠠᠯᠠᠬᠤ ᠵᠢᠴᠢ ᠪᠣᠳᠠᠰ᠎ᠤᠨ ᠪᠤᠰᠤ ᠰᠣᠶᠣᠯ᠎ᠤᠨ ᠥᠪ ᠤ᠋ᠨ ᠲᠥᠷᠥᠯ ᠵᠦᠶ᠋ᠯ ᠢ᠋ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ᠎ᠳᠤ ᠬᠡᠷᠡᠭ᠌ᠯᠡᠵᠦ᠍᠂ ᠰᠣᠶᠣᠯ᠎ᠤᠨ ᠬᠦᠴᠦᠷᠬᠡᠭ ᠣᠷᠣᠨ᠎ᠢ ᠪᠥᠲᠥᠭᠡᠨ ᠪᠠᠢᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃
ᠣᠢᠯᠠᠭᠠᠭ᠍ᠰᠠᠨ᠎ᠢᠶᠠᠷ᠂ ᠤᠷᠢᠳᠴᠢᠯᠠᠨ ᠪᠠᠭᠤᠯᠭᠠᠭ᠍ᠰᠠᠨ ᠪᠠᠯᠠ ᠮᠥᠩᠭᠥ᠎ᠶ᠋ᠢᠨ ᠬᠤᠪᠢᠶᠠᠷᠢᠯᠠᠯᠲᠠ᠎ᠳᠤ《ᠬᠠᠮᠠᠭᠠᠯᠠᠬᠤ᠎ᠶ᠋ᠢ ᠲᠡᠷᠢᠭᠦᠨ᠎ᠳᠦ ᠲᠠᠯᠪᠢᠬᠤ᠂ ᠬᠠᠮᠢᠶᠠᠷᠤᠯᠲᠠ᠎ᠪᠠᠨ ᠴᠢᠩᠭᠠᠳᠭᠠᠬᠤ᠂ ᠦᠨ᠎ᠡ ᠥᠷᠲᠡᠭ᠎ᠢᠶᠡᠨ ᠠᠭᠤᠳᠠᠯᠬᠤ᠂ ᠪᠦᠲᠦᠮᠵᠢᠲᠡᠶ ᠠᠱᠢᠭ᠍ᠯᠠᠬᠤ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠠᠮᠢᠳᠤᠯᠢᠭ ᠪᠣᠯᠭᠠᠬᠤ》 ᠵᠠᠷᠴᠢᠮ᠎ᠢ ᠪᠠᠷᠢᠮᠲᠠᠯᠠᠵᠤ᠂ ᠭᠤᠤᠯᠳᠠᠯᠭ᠎ᠠ᠎ᠪᠠᠨ ᠳᠤᠤᠷᠠᠬᠢ ᠬᠡᠳᠦᠨ ᠲᠠᠯ᠎ᠠ ᠲᠡᠢᠰᠢ ᠬᠡᠯᠪᠡᠢᠯᠭᠡᠪᠡ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠢ᠋ ᠰᠡᠯᠪᠢᠨ ᠵᠠᠰᠠᠵᠤ ᠬᠠᠮᠠᠭᠠᠯᠠᠬᠤ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠭᠠᠯ ᠰᠡᠷᠭᠡᠢᠯᠡᠬᠦ᠌᠂ ᠠᠮᠤᠷ᠎ᠢ ᠬᠠᠮᠠᠭᠠᠯᠠᠬᠤ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠤᠷᠢᠳᠴᠢᠯᠠᠨ ᠰᠡᠷᠭᠡᠢᠯᠡᠬᠦ᠌ ᠴᠢᠨᠠᠷᠲᠠᠶ ᠬᠠᠮᠠᠭᠠᠯᠠᠬᠤ ᠪᠠ ᠲᠤᠭᠠᠴᠢᠯᠠᠨ ᠬᠠᠮᠠᠭᠠᠯᠠᠬᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠶ ᠲᠥᠷᠥᠯ ᠵᠦᠶ᠋ᠯ᠎ᠢ ᠬᠠᠮᠠᠭᠠᠯᠠᠬᠤ ᠪᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠨ ᠵᠠᠯᠭᠠᠮᠵᠢᠯᠠᠭ᠍ᠴᠢ᠎ᠶ᠋ᠢ ᠲᠡᠮᠳᠡᠭ᠌ᠯᠡᠬᠦ᠌᠂ ᠤᠷ᠎ᠠ ᠮᠡᠷᠭᠡᠵᠢᠯ᠎ᠢ ᠤᠯᠠᠮᠵᠢᠯᠠᠨ ᠰᠤᠷᠭᠠᠬᠤ᠂ ᠳᠡᠯᠭᠡᠨ ᠦᠵᠡᠭᠦᠯᠬᠦ᠌ ᠵᠢᠴᠢ ᠣᠨᠣᠯ᠎ᠤᠨ ᠰᠤᠳᠤᠯᠭᠠᠨ᠎ᠤ ᠬᠠᠮᠢᠶ᠎ᠠ ᠪᠥᠬᠥᠶ ᠠᠵᠢᠯ ᠵᠡᠷᠬᠡ ᠪᠣᠯᠤᠨ᠎ᠠ᠃
ᠰᠣᠶᠣᠯ᠎ᠤᠨ ᠥᠪ ᠬᠥᠷᠥᠩᠭᠡ᠎ᠶ᠋ᠢᠨ ᠬᠠᠮᠠᠭᠠᠯᠠᠯᠲᠠ᠎ᠶ᠋ᠢᠨ ᠪᠡᠯᠡ ᠮᠥᠩᠭᠥ᠌ ᠪᠣᠯ ᠰᠣᠶᠣᠯ᠎ᠤᠨ ᠥᠪ ᠬᠥᠷᠥᠩᠭᠡ᠎ᠶ᠋ᠢᠨ ᠬᠠᠮᠠᠭᠠᠯᠠᠯᠲᠠ᠂ ᠠᠱᠢᠭ᠍ᠯᠠᠯᠲᠠ ᠬᠢᠭᠡᠳ ᠵᠠᠯᠭᠠᠮᠵᠢᠯᠠᠯ᠎ᠢ ᠳᠡᠮᠵᠢᠬᠦ᠌ ᠲᠤᠰᠭᠠᠶ ᠪᠡᠯᠡ ᠮᠥᠩᠭᠥ᠌ ᠪᠣᠯᠤᠨ᠎ᠠ᠃ ᠦᠪᠤᠷ ᠮᠤᠨᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠡᠳ᠋ ᠤ᠋ᠨ ᠵᠠᠰᠠᠭ ᠤ᠋ᠨ ᠲᠢᠨᠭᠬᠢᠮ ᠡᠴᠡ ᠪᠡᠯᠡ ᠮᠥᠩᠭᠥ᠌ ᠪᠠᠭᠤᠯᠭᠠᠬᠤ᠎ᠶ᠋ᠢᠨ ᠬᠠᠮᠳᠤ ᠲᠤᠰᠭᠠᠶ ᠪᠡᠯᠡ ᠮᠥᠩᠭᠥ᠎ᠶ᠋ᠢᠨ ᠬᠠᠮᠢᠶᠠᠷᠤᠯᠲᠠ᠎ᠶ᠋ᠢᠨ ᠠᠷᠭ᠎ᠠ᠎ᠶ᠋ᠢᠨ ᠱᠠᠭᠠᠷᠳᠠᠯᠭ᠎ᠠ ᠶᠣᠰᠣᠭᠠᠷ᠂ ᠡᠯ᠎ᠡ ᠲᠥᠷᠥᠯ ᠵᠦᠢᠯ᠎ᠦᠨ ᠨᠢᠭᠡᠴᠢ᠎ᠨᠦᠭᠦᠳ ᠡᠷᠬᠡᠪᠰᠢ ᠲᠣᠭ᠍ᠲᠠᠭᠠᠭ᠍ᠰᠠᠨ ᠬᠡᠪᠴᠢᠶ᠎ᠡ᠎ᠶ᠋ᠢ ᠴᠢᠩᠭ᠎ᠠ ᠵᠢᠷᠤᠮᠯᠠᠨ ᠪᠡᠯᠡ ᠮᠥᠩᠭᠥ᠎ᠪᠡᠨ ᠬᠡᠷᠡᠭ᠌ᠯᠡᠵᠦ᠍᠂ ᠠᠮᠵᠢᠯᠲᠠ ᠪᠦᠲᠦᠮᠵᠢ᠎ᠶ᠋ᠢ ᠦᠨᠡᠯᠡᠬᠦ᠌ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠲᠤᠰᠭᠠᠶ ᠵᠣᠭᠣᠰ᠎ᠢ ᠲᠤᠰᠭᠠᠶ ᠵᠦᠢᠯ᠎ᠳᠦ᠎ᠨᠢ ᠬᠡᠷᠡᠭ᠌ᠯᠡᠬᠦ᠌᠂ ᠲᠤᠰᠭᠠᠶ ᠵᠦᠢᠯ᠎ᠢᠶᠡᠷ ᠲᠣᠭᠠᠴᠠᠭ᠎ᠠ ᠬᠢᠬᠦ᠌᠎ᠶ᠋ᠢ ᠦᠨᠡᠨ ᠬᠦ᠌ ᠪᠠᠳᠤᠯᠠᠬᠤ ᠬᠡᠷᠡᠭᠳᠡᠢ ᠬᠡᠵᠤ ᠱᠠᠭᠠᠷᠳᠠᠪᠠ᠃