ᠲᠦᠷᠦᠬᠦᠭᠡᠨ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠢᠲᠠᠳ ᠡᠮᠨᠡᠯᠭᠡ ᠵᠢᠨ ᠬᠣᠷᠢᠶ᠎ᠠ ᠵᠢᠨ ᠡᠮᠡᠭᠲᠡᠢ ᠵᠢᠨ ᠰᠠᠯᠠᠭᠠᠨ ᠤ᠋ ᠲᠤᠰᠬᠠᠢ ᠮᠡᠷᠭᠡᠵᠢᠯᠲᠡᠨ ᠤ᠋ ᠪᠦᠯᠬᠦᠮᠤᠨ ᠬᠢᠨ ᠡᠷᠢᠶᠡᠨ ᠬᠣᠲᠠ ᠳ᠋ᠤ᠌ ᠬᠦᠷᠴᠦ᠂ ᠡᠷᠡᠭᠦᠯ ᠮᠡᠨᠳᠤ ᠵᠢᠨ ᠠᠯᠪᠠᠨ ᠵᠢᠷᠤᠮ ᠤ᠋ᠨ ᠡᠮᠴᠢᠯᠡᠭᠡ ᠪᠠ ᠰᠢᠨᠵᠢᠯᠡᠬᠦ ᠤᠬᠠᠭᠠᠨ ᠤ᠋ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤ᠋ᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠳ᠋ᠦ᠍ ᠦᠪᠡᠷᠮᠢᠴᠡ ᠤᠨᠴᠠᠯᠢᠭᠳᠤ ᠡᠷᠡᠭᠦᠯ ᠮᠡᠨᠳᠦ ᠵᠢᠨ ᠡᠮᠴᠢᠯᠡᠭᠡ ᠬᠢᠪᠠ᠃
ᠠᠵᠢᠯᠯᠠᠭ᠎ᠠ ᠨᠢ ᠳᠤᠰ ᠡᠮᠨᠡᠯᠭᠡ ᠵᠢᠨ ᠬᠤᠷᠢᠶ᠎ᠠ ᠵᠢᠨ ᠬᠢᠨ ᠤ᠋ ᠥᠪᠡᠷᠲᠡᠭᠡᠨ ᠵᠠᠰᠠᠬᠤ ᠣᠷᠣᠨ ᠤ᠋ ᠰᠢᠨᠵᠢᠯᠡᠬᠦ ᠤᠬᠠᠭᠠᠨᠤ ᠮᠡᠳᠡᠯᠭᠡ ᠵᠢ ᠲᠦᠭᠡᠮᠡᠯᠵᠢᠭᠦᠯᠬᠦ ᠠᠷᠭ᠎ᠠ ᠬᠡᠯᠪᠡᠷᠢ ᠪᠡᠷ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠳ᠋ᠤ ᠬᠦᠴᠦᠨ ᠨᠡᠮᠡᠷᠢᠯᠡᠭᠦ ᠵᠢ ᠨᠠᠢᠳᠠᠪᠤᠷᠢᠵᠢᠭᠤᠯᠤᠭᠰᠠᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠠᠵᠢᠯᠯᠠᠭ᠎ᠠ ᠳ᠋ᠤ ᠡᠮᠨᠡᠯᠭᠡ ᠵᠢᠨ ᠬᠤᠷᠢᠶ᠎ᠠ ᠵᠢᠨ ᠡᠷᠬᠢᠯᠡᠭᠴᠢ ᠡᠮᠴᠢ ᠨᠠᠷ ᠬᠦᠷᠦᠯᠴᠠᠨ ᠢᠷᠡᠭᠰᠡᠳ ᠲᠦ᠍᠂ ᠰᠠᠪᠠ ᠵᠢᠨ ᠪᠤᠯᠴᠢᠩ ᠤ᠋ᠨ ᠬᠠᠪᠤᠳᠠᠷ᠂ ᠠᠭᠠᠷᠴᠠᠭ ᠤ᠋ᠨ ᠬᠥᠨᠳᠡᠢ ᠵᠢᠨ ᠦᠷᠪᠢᠰᠦᠯ᠂ ᠬᠦᠭᠰᠢᠷᠡᠯ ᠤ᠋ᠨ ᠨᠡᠢᠯᠡᠭ ᠭᠡᠮ ᠵᠡᠷᠭᠡ ᠡᠮᠡᠭᠲᠡᠢ ᠵᠢᠨ ᠰᠠᠯᠠᠭᠠᠨ ᠤ᠋ ᠦᠷᠭᠦᠯᠵᠢ ᠲᠣᠬᠢᠶᠠᠯᠳᠤᠳᠠᠭ ᠡᠪᠡᠳᠴᠢᠨ ᠢ᠋ ᠤᠨᠤᠰᠢᠯᠠᠨ ᠵᠠᠰᠠᠬᠤ ᠦᠢᠯᠡᠴᠢᠯᠡᠭᠡ ᠬᠠᠩᠭᠠᠵᠠᠢ᠃ ᠡᠬᠦᠨᠤ ᠬᠠᠮᠳᠤ᠂ ᠡᠷᠡᠭᠦᠯ ᠮᠡᠨᠳᠦ ᠵᠢᠨ ᠲᠤᠬᠠᠢ ᠲᠠᠢᠯᠤᠮᠵᠢ ᠬᠢᠵᠤ᠂ ᠡᠮᠡᠭᠲᠡᠢ ᠵᠢᠨ ᠰᠠᠯᠠᠭ᠎ᠠ ᠵᠢᠨ ᠡᠪᠡᠳᠴᠢᠨ ᠤ᠋ ᠦᠷᠪᠢᠰᠦᠯ᠂ ᠬᠠᠪᠤᠳᠠᠷ ᠡᠪᠡᠳᠴᠢᠨ ᠪᠣᠯᠤᠨ ᠬᠢᠲᠠᠳ ᠡᠮᠨᠡᠯᠭᠡ ᠵᠢᠨ ᠥᠪᠡᠷᠮᠢᠴᠡ ᠡᠮᠴᠢᠯᠡᠭᠡᠨ ᠤ᠋ ᠠᠷᠭ᠎ᠠ ᠵᠢᠨ ᠰᠢᠨᠵᠢᠯᠡᠭᠦ ᠤᠬᠠᠭᠠᠠᠤ ᠮᠡᠳᠡᠯᠭᠡᠵᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠦᠷᠨᠢᠬᠦᠯᠵᠤ᠂ ᠡᠷᠡᠭᠦᠯ ᠮᠡᠨᠳᠦ ᠵᠢᠨ ᠮᠡᠳᠡᠯᠭᠡ ᠵᠢᠨ ᠲᠤᠬᠠᠢ ᠤᠬᠠᠭᠤᠯᠭ᠎ᠠ ᠬᠥᠮᠦᠵᠢᠯ ᠤ᠋ᠨ ᠭᠠᠷ ᠠᠪᠤᠯᠭ᠎ᠠ ᠲᠠᠷᠬᠠᠭᠠᠵᠤ᠂ ᠡᠪᠡᠳᠴᠢᠨ ᠢ᠋ ᠡᠷᠲᠡ ᠰᠡᠷᠭᠡᠢᠯᠡᠬᠦ᠂ ᠡᠷᠲᠡ ᠢᠯᠡᠷᠡᠭᠦᠯᠬᠦ᠂ ᠡᠷᠲᠡ ᠡᠮᠨᠡᠨ ᠵᠠᠰᠠᠬᠤ ᠣᠢᠯᠠᠭᠠᠭᠳᠠᠬᠤᠨ ᠢ᠋ ᠦᠷᠭᠡᠨ ᠲᠠᠯᠭᠡᠷ ᠤᠬᠠᠭᠤᠯᠤᠭᠰᠠᠨ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号