ᠥᠪᠥᠷ ᠮᠣᠩᠭᠣᠯ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ ᠤᠯᠠᠨ ᠡᠰᠢᠳᠦ ᠲᠦᠷᠦᠯ ᠲᠡᠮᠳᠡᠭ᠎ᠢ ᠡᠬᠦᠳᠪᠡ
2026-04-09 10:27:57
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2025 ᠣᠨ᠎ᠳᠤ᠂ ᠦᠪᠦᠷ ᠮᠤᠨᠭᠭᠤᠯ᠎ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠢ ᠠᠩᠬ᠎ᠠ ᠤᠳᠠᠭ᠎ᠠ ᠡᠬᠢᠯᠡᠭᠦᠯᠦᠨ ᠬᠡᠷᠡᠭ᠌ᠵᠢᠭᠦᠯᠦᠭ᠌ᠰᠡᠨ᠎ᠡᠴᠡ ᠨᠠᠭᠠᠰᠢ᠂ ᠡᠯ᠎ᠡ  ᠭᠠᠵᠠᠷ  ᠣᠷᠣᠨ  ᠡᠯ᠎ᠡ ᠰᠠᠯᠠᠭ᠎ᠠ ᠮᠥᠴᠢᠷ᠎ᠦᠨ᠎ᠬᠢᠨ ᠰᠠᠨᠠᠭᠠᠴᠢᠯᠠᠭ᠎ᠠ᠎ᠠᠴᠠ᠎ᠪᠠᠨ ᠢᠳᠡᠪᠬᠢᠲᠡᠶ ᠣᠷᠣᠯᠴᠠᠨ᠂ ᠭᠤᠤᠯ ᠰᠡᠳᠦᠪ᠎ᠨᠢ  ᠲᠣᠪᠣᠢᠮ᠎ᠠ᠂ ᠣᠨᠴᠠᠯᠢᠭ᠎ᠨᠢ ᠢᠯᠡ ᠲᠣᠳᠣ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠵᠢᠱ᠌ᠢᠶ᠎ᠡ ᠦᠵᠡᠭᠦᠯᠬᠦ᠌ ᠨᠠᠷᠠᠲᠤ ᠲᠥᠷᠥᠯ ᠲᠡᠮᠳᠡᠭ᠌ᠲᠦ ᠵᠢ ᠱᠤᠭᠤᠵᠤ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠪᠣᠯᠪᠠᠰᠤᠷᠠᠯ᠂ ᠲᠡᠯᠭᠡᠨ ᠦᠵᠡᠭᠦᠯᠭᠡ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠴᠤᠭ᠍ᠯᠠᠭᠠᠨ᠂ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ᠌᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠵᠢᠱ᠌ᠢᠶ᠎ᠡ ᠦᠵᠡᠭᠦᠯᠬᠦ᠌ ᠠᠵᠢᠯᠯᠠᠭ᠎ᠠ᠎ᠵᠡᠷᠭᠡ ᠶ᠋ᠢ ᠥᠷᠨᠢᠭᠦᠯᠵᠦ᠍᠂ ᠱᠢᠨᠵᠢᠯᠡᠬᠦ᠌ ᠤᠬᠠᠭᠠᠨ᠎ᠤ ᠮᠡᠳᠡᠯᠭᠡ᠎ᠶ᠋ᠢ ᠨᠠᠩ ᠥᠷᠭᠡᠨ᠎ᠢᠶᠡᠷ ᠤᠯᠠᠮᠵᠢᠯᠠᠨ ᠳᠡᠯᠭᠡᠷᠡᠭᠦᠯᠵᠦ᠍᠂ ᠪᠥᠬᠥ᠌ ᠠᠷᠠᠳ᠎ᠤᠨ ᠱᠢᠨᠵᠢᠯᠡᠬᠦ᠌ ᠤᠬᠠᠭᠠᠨ᠎ᠤ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠌᠎ᠳᠦ ᠬᠦᠴᠦᠨ ᠨᠡᠮᠡᠷᠢᠯᠡᠨ᠂ ᠱᠢᠨᠵᠢᠯᠡᠬᠦ᠌ ᠤᠬᠠᠭᠠᠨ᠎ᠢ ᠳᠡᠭᠡᠳᠦᠯᠡᠬᠦ᠌᠂ ᠱᠢᠨᠵᠢᠯᠡᠬᠦ᠌ ᠤᠬᠠᠭᠠᠨ᠎ᠢ ᠬᠠᠢᠷᠠᠯᠠᠬᠤ᠂ ᠱᠢᠨᠵᠢᠯᠡᠬᠦ᠌ ᠤᠬᠠᠭᠠᠨ᠎ᠢ ᠬᠡᠷᠡᠭ᠌ᠯᠡᠬᠦ᠌ ᠰᠠᠢᠨ ᠰᠠᠢᠬᠠᠨ ᠨᠡᠢᠭᠡᠮ᠎ᠦᠨ ᠠᠭᠤᠷ ᠠᠮᠢᠰᠭᠤᠯ᠎ᠢ ᠪᠣᠶ ᠪᠣᠯᠭᠠᠪᠠ᠃

ᠣᠢᠷ᠎ᠠ᠎ᠳᠤ᠂ ᠤᠯᠠᠭᠠᠨᠬᠠᠳᠠ ᠬᠣᠲᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠣᠪᠴᠢᠶ᠎ᠠ ᠬᠤᠩᠱᠠᠨ ᠲᠣᠭᠣᠷᠢᠭ᠎ᠤᠨ ᠣᠯᠠᠨ ᠰᠠᠯᠠᠭ᠎ᠠ ᠮᠥᠴᠢᠷ ᠪᠠ ᠬᠤᠩᠱᠠᠨ ᠰᠣᠶᠣᠯ᠎ᠤᠨ ᠮᠦᠽᠧᠶ ᠎ᠲᠡᠶ ᠬᠠᠮᠲᠤᠷᠠᠨ《Hi ᠬᠣᠩ ᠱᠠᠨ》 ᠠᠵᠢᠯᠯᠠᠭ᠎ᠠ᠎ᠵᠢ ᠥᠷᠨᠢᠭᠦᠯᠪᠡ᠃ ᠠᠵᠢᠯᠯᠠᠭ᠎ᠠ᠎ᠨᠢ ᠬᠤᠩᠱᠠᠨ ᠰᠣᠶᠣᠯ᠎ᠳᠤ ᠰᠠᠭᠤᠷᠢᠯᠠᠵᠤ᠂ ᠬᠤᠩᠱᠠᠨ ᠰᠣᠶᠣᠯ᠎ᠤᠨ ᠮᠦᠽᠧᠶ᠎ᠶ᠋ᠢᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ᠎ᠵᠢᠡᠷ ᠠᠴᠢᠶᠠᠯᠠᠪᠤᠷᠢ ᠪᠤᠯᠭᠠᠵᠤ᠂ 9 ᠶᠡᠬᠡ ᠳᠡᠭᠡᠳᠦ ᠰᠤᠷᠭᠠᠭᠤᠯᠢ᠎ᠶ᠋ᠢᠨ 13 ᠣᠶᠤᠲᠠᠨ ᠰᠠᠢᠨ ᠳᠤᠷᠠᠴᠤᠳ᠎ᠢ ᠴᠤᠭ᠍ᠯᠠᠭᠤᠯᠵᠤ᠂ 6 ᠤᠳᠠᠭᠠᠨ᠎ᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯᠯᠠᠭ᠎ᠠ᠎ᠶ᠋ᠢ ᠨᠠᠷᠢᠨ ᠨᠢᠮᠪᠠᠶ ᠤᠬᠠᠭᠠᠯᠠᠨ ᠲᠦᠰᠦᠪᠯᠡᠪᠡ᠃ ᠠᠵᠢᠯᠯᠠᠭ᠎ᠠ ᠨᠢ ᠥᠩᠭᠡᠲᠦ ᠸᠠᠭᠠᠷ᠎ᠤᠨ ᠬᠡ ᠤᠭᠠᠯᠵᠠ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠢᠴᠢᠯᠠᠮᠠᠯ᠂ AI ᠺᠠᠷᠲ᠋ᠣᠨ ᠵᠡᠷᠭᠡ ᠣᠯᠠᠨ ᠵᠦᠶ᠋ᠯ᠎ᠦᠨ ᠣᠨᠴᠠᠯᠢᠭ᠍ᠲᠤ ᠲᠥᠷᠥᠯ ᠵᠦᠢᠯ᠎ᠢ ᠬᠠᠮᠤᠷᠴᠤ᠌᠂ 130 ᠵᠠᠯᠠᠭᠤᠴᠤᠳ ᠪᠠᠭᠠᠴᠤᠳ᠎ᠤᠷᠤᠯᠴᠠᠵᠠᠢ᠃

ᠱᠢᠯᠢ᠎ᠶ᠋ᠢᠨ ᠭᠤᠤᠯ ᠠᠢᠮᠠᠭ᠎ᠤᠨ ᠣᠯᠠᠨ ᠰᠠᠯᠠᠭ᠎ᠠ ᠮᠥᠴᠢᠷ《ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ + ᠡᠷᠡᠭᠦᠯ ᠮᠡᠨᠳᠦ》 ᠣᠯᠠᠨ ᠲᠦᠮᠡᠨ᠎ᠦ ᠠᠮᠤᠷ ᠲᠦᠪᠱᠢᠨ᠎ᠢ ᠰᠠᠬᠢᠨ ᠬᠠᠮᠠᠭᠠᠯᠠᠬᠤ ᠲᠦᠷᠦᠯ ᠲᠡᠮᠳᠡᠭ᠎ᠢ ᠡᠬᠦᠳᠴᠦ᠂ ᠱᠢᠯᠢ᠎ᠶ᠋ᠢᠨ ᠭᠤᠤᠯ ᠠᠢᠮᠠᠭ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠱᠢᠯᠢ᠎ᠶ᠋ᠢᠨ ᠭᠤᠤᠯ ᠠᠢᠮᠠᠭ᠎ᠤᠨ ᠭᠤᠤᠯ ᠡᠮᠨᠡᠯᠭᠡ᠎ᠶ᠋ᠢᠨ ᠬᠣᠷᠢᠶᠠᠨ᠎ᠤ ᠬᠣᠯᠪᠣᠭ᠍ᠳᠠᠯ ᠪᠥᠬᠥᠶ ᠠᠵᠢᠯᠲᠠᠨ ᠠᠵᠢᠯᠴᠢᠳ《120》ᠲᠦᠷᠭᠡᠨ ᠠᠪᠤᠷᠠᠯᠳᠠ᠎ᠶ᠋ᠢᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠰᠠᠭᠤᠷᠢᠨ ᠳ᠋ᠤ ᠬᠦᠷᠴᠦ᠍ ᠪᠠᠢᠴᠠᠭᠠᠨ ᠰᠤᠳᠤᠯᠤᠯᠲᠠ ᠪᠠ ᠰᠤᠷᠤᠯᠴᠠᠯᠭ᠎ᠠ ᠥᠷᠨᠢᠭᠦᠯᠪᠡ᠃

ᠠᠯᠠᠱᠠ ᠠᠢᠮᠠᠭ 《ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ + ᠰᠤᠷᠭᠠᠨ ᠬᠥᠮᠦᠵᠢᠯ》 ᠠᠵᠢᠯᠯᠠᠭ᠎ᠠ ᠵᠢ ᠦᠷᠭᠡᠨ ᠲᠡᠯᠭᠡᠷ ᠦᠷᠨᠢᠬᠦᠯᠵᠦ᠂ ᠵᠠᠯᠠᠭᠤᠴᠤᠳ ᠪᠠᠭᠠᠴᠤᠳ᠎ᠤᠨ ᠱᠢᠨᠵᠢᠯᠡᠬᠦ᠌ ᠤᠬᠠᠭᠠᠨ᠎ᠤ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠌᠎ᠳᠦ ᠬᠦᠴᠦᠨ ᠨᠡᠮᠡᠷᠢᠯᠡᠨ᠎ᠡ᠃ 66 ᠳ᠋ᠤᠭᠠᠷ ᠳᠡᠯᠡᠬᠡᠶ᠎ᠶ᠋ᠢᠨ ᠴᠠᠭ ᠠᠭᠤᠷ᠎ᠤᠨ ᠡᠳᠦᠷ᠎ᠢ ᠤᠭ᠍ᠲᠤᠬᠤ᠎ᠶ᠋ᠢᠨ ᠲᠥᠯᠥᠭᠡ 《ᠴᠠᠭ ᠠᠭᠤᠷ᠎ᠢ ᠱᠢᠨᠵᠢᠵᠦ᠍᠂ ᠬᠡᠷ ᠣᠷᠣᠨ᠎ᠢᠶᠠᠨ ᠬᠠᠮᠠᠭᠠᠯᠠᠶ᠎ᠠ》 ᠭᠡᠬᠦ᠌ ᠭᠤᠤᠯ ᠰᠡᠳᠦᠪ᠎ᠦᠨ ᠲᠣᠭᠣᠷᠢᠨ᠎ᠳᠤ᠂ 3 ᠰᠠᠷ᠎ᠠ᠎ᠶ᠋ᠢᠨ 18 ᠎ᠤ᠋ ᠡᠳᠦᠷ᠂ ᠠᠯᠠᠱᠠ ᠠᠢᠮᠠᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠷᠳᠣᠨ ᠠᠯᠠᠱᠠ ᠠᠢᠮᠠᠭ᠎ᠤᠨ ᠴᠠᠭ ᠠᠭᠤᠷ᠎ᠤᠨ ᠱᠢᠨᠵᠢᠯᠡᠭᠡᠨ᠎ᠦ ᠨᠡᠢᠭᠡᠮᠯᠢᠭ  ᠬᠠᠮᠲᠤᠷᠠᠨ ᠴᠠᠭ ᠠᠭᠤᠷ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠰᠤᠳᠤᠯᠤᠨ ᠰᠤᠷᠤᠯᠴᠠᠬᠤ ᠦᠶ᠋ᠯᠡᠳᠦᠯᠭᠡ᠎ᠶ᠋ᠢᠨ ᠠᠵᠢᠯᠯᠠᠭ᠎ᠠ ᠦᠷᠨᠢᠬᠦᠯᠵᠦ᠂ ᠠᠯᠠᠱᠠ ᠵᠡᠭᠦᠨ ᠬᠣᠱᠢᠭᠤᠨ᠎ᠤ ᠳᠣᠯᠣᠳᠤᠭᠠᠷ ᠪᠠᠭ᠎ᠠ ᠰᠤᠷᠭᠠᠭᠤᠯᠢ᠎ᠶ᠋ᠢᠨ ᠭᠤᠷᠪᠠᠳᠤᠭᠠᠷ ᠣᠨ᠎ᠤ ᠰᠤᠷᠤᠭᠴᠢᠳ ᠲᠸ᠋ ᠴᠠᠭ ᠠᠭᠤᠷ᠎ᠤᠨ ᠱᠢᠨᠵᠢᠯᠡᠬᠦ᠌ ᠤᠬᠠᠭᠠᠨ᠎ᠤ ᠮᠡᠳᠡᠯᠭᠡ᠎ᠶ᠋ᠢ ᠲᠦᠭᠡᠮᠡᠯᠵᠢᠭᠦᠯᠵᠦ᠍᠂ ᠵᠠᠯᠠᠭᠤᠴᠤᠳ ᠪᠠᠭᠠᠴᠤᠳ᠎ᠤᠨ ᠴᠠᠭ ᠠᠭᠤᠷ᠎ᠤᠨ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠤᠬᠠᠮᠰᠠᠷ ᠪᠣᠯᠤᠨ ᠱᠢᠨᠵᠢᠯᠡᠬᠦ᠌ ᠤᠬᠠᠭᠠᠨ᠎ᠤ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠪᠡ᠃

ᠡᠢᠨ᠎ᠬᠦ᠂ ᠦᠪᠦᠷ ᠮᠤᠨᠭᠭᠤᠯ᠎ᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠪᠣᠳᠠᠲᠤ ᠪᠠᠢᠳᠠᠯ᠎ᠳᠠᠭᠠᠨ ᠰᠠᠭᠤᠷᠢᠯᠠᠨ᠂ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ +》 ᠠᠭᠤᠰᠤᠯᠴᠠᠨ ᠬᠥᠭ᠌ᠵᠢᠬᠦ᠌ ᠵᠠᠭ᠍ᠪᠤᠷ᠎ᠢ ᠢᠳᠡᠪᠬᠢᠲᠡᠶ ᠬᠠᠢᠨ ᠰᠦᠪᠡᠭ᠌ᠴᠢᠯᠡᠵᠦ᠍᠂ ᠬᠠᠮᠵᠢᠯᠴᠠᠵᠤ ᠬᠠᠮᠲᠤᠷᠠᠨ ᠬᠥᠳᠡᠯᠦᠯᠴᠡᠬᠦ᠌᠎ᠶ᠋ᠢ ᠭᠦᠨᠵᠡᠭᠡᠢᠷᠡᠭᠦᠯᠦᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠨᠡᠢᠭᠡᠮ᠎ᠦᠨ ᠣᠯᠠᠨ ᠡᠱᠢᠲᠦ ᠡᠬᠢ ᠪᠠᠶᠠᠯᠢᠭ᠎ᠤᠨ ᠳᠠᠯᠳᠠ ᠬᠦᠴᠦᠨ᠎ᠢ ᠬᠥᠭ᠌ᠵᠢᠭᠡᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠠᠵᠢᠯ᠎ᠳᠤ ᠬᠠᠮᠲᠤ᠎ᠪᠠᠷ ᠬᠦᠴᠦᠯᠡᠵᠦ᠍  ᠬᠠᠮᠲᠤ᠎ᠪᠠᠷ ᠤᠷᠤᠯᠴᠠᠬᠤ᠂ ᠵᠡᠷᠭᠡ᠎ᠪᠡᠷ ᠠᠳᠭᠤᠵᠤ ᠬᠠᠮᠲᠤ᠎ᠪᠠᠷ ᠬᠠᠮᠢᠶᠠᠷᠬᠤ  ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠠᠵᠢᠯ᠎ᠤᠨ ᠪᠠᠢᠷᠢᠱᠢᠯ᠎ᠢ ᠠᠩᠬ᠎ᠠ ᠠᠯᠬᠤᠮ ᠪᠦᠷᠢᠯᠳᠦᠬᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号