ᠬᠦᠬᠡᠬᠤᠳᠠ 《ᠡᠷᠡᠭᠦᠯ ᠮᠡᠨᠳᠦ ᠰᠤᠷᠭᠠᠭᠤᠯᠢ ᠶ᠋ᠢᠨ ᠪᠠᠢᠭᠤᠯᠤᠯᠲᠠ》 ᠵᠢᠨ ᠲᠤᠰᠬᠠᠢ ᠰᠡᠳᠦᠪᠲᠦ ᠪᠤᠯᠪᠠᠰᠤᠷᠠᠯ ᠡᠷᠬᠢᠯᠡᠪᠡ
2026-04-09 11:27:43
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

《ᠡᠷᠡᠭᠦᠯ ᠮᠡᠨᠳᠦ᠎ᠶᠢ ᠲᠡᠷᠢᠭᠦᠨ᠎ᠳᠦ ᠲᠠᠯᠪᠢᠬᠤ》 ᠰᠤᠷᠭᠠᠨ ᠬᠥᠮᠦᠵᠢᠯ᠎ᠦᠨ ᠣᠢᠯᠠᠭᠠᠭᠳᠠᠬᠤᠨ᠎ᠢ ᠭᠦᠨᠵᠡᠭᠡᠢ ᠦᠢᠯᠡᠳᠦᠯᠭᠡᠵᠢᠭᠦᠯᠵᠦ᠂ ᠰᠤᠷᠭᠠᠨ ᠬᠥᠮᠦᠵᠢᠯ᠎ᠦᠨ ᠶᠠᠮᠤᠨ᠎ᠤ 《ᠡᠷᠡᠭᠦᠯ ᠮᠡᠨᠳᠦ ᠰᠤᠷᠭᠠᠭᠤᠯᠢ᠎ᠶᠢᠨ ᠪᠠᠢᠭᠤᠯᠤᠯᠲᠠ᠎ᠶᠢ ᠪᠥᠬᠥ ᠲᠠᠯ᠎ᠠ᠎ᠪᠠᠷ ᠠᠬᠢᠭᠤᠯᠬᠤ ᠲᠤᠬᠠᠢ ᠵᠢᠯᠤᠭᠣᠳᠬᠤ ᠰᠠᠨᠠᠯ》 ᠤ᠋ᠨ ᠬᠣᠯᠪᠣᠭᠳᠠᠯ ᠪᠦᠬᠦᠢ ᠱᠠᠭᠠᠷᠳᠠᠯᠭ᠎ᠠ᠎ᠶᠢ ᠨᠠᠷᠢᠯᠢᠭ᠋ ᠣᠨᠣᠴᠠᠲᠠᠢ ᠨᠠᠢᠳᠠᠪᠤᠷᠢᠵᠢᠭᠤᠯᠬᠤ᠎ᠶᠢᠨ ᠲᠥᠯᠥᠭᠡ᠂ ᠲᠦᠷᠦᠬᠦᠬᠡᠨ ᠬᠥᠬᠡᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠰᠤᠷᠭᠠᠭᠤᠯᠢ᠎ᠶᠢᠨ ᠬᠥᠬᠡᠬᠣᠲᠠ᠎ᠳ᠋ᠡᠬᠢ ᠬᠤᠪᠢᠶᠠᠷᠢ ᠰᠤᠷᠭᠠᠭᠤᠯᠢ᠎ᠳᠤ ᠡᠷᠡᠭᠦᠯ ᠮᠡᠨᠳᠦ ᠰᠤᠷᠭᠠᠭᠤᠯᠢ᠎ᠶᠢᠨ ᠪᠠᠢᠭᠤᠯᠤᠯᠲᠠ᠎ᠶᠢᠨ ᠲᠤᠰᠬᠠᠢ ᠰᠡᠳᠦᠪᠲᠦ ᠪᠤᠯᠪᠠᠰᠤᠷᠠᠯ ᠡᠷᠭᠢᠯᠡᠪᠡ᠃

ᠬᠤᠷᠠᠯ᠎ᠠᠴᠠ ᠳᠤᠮᠳᠠᠳᠤ ᠤᠯᠤᠰ᠎ᠤᠨ ᠰᠤᠷᠭᠠᠨ ᠬᠥᠮᠦᠵᠢᠯ᠎ᠦᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠪᠡᠶ᠎ᠡ᠎ᠶᠢᠨ ᠲᠠᠮᠢᠷ ᠭᠤᠸ᠎ᠠ ᠰᠠᠢᠬᠠᠨ᠎ᠤ ᠬᠥᠮᠦᠵᠢᠯ᠎ᠦᠨ ᠰᠤᠳᠤᠯᠭᠠᠨ᠎ᠤ ᠭᠠᠵᠠᠷ᠎ᠤᠨ ᠤᠤᠯ᠎ᠤᠨ ᠳᠠᠷᠤᠭ᠎ᠠ᠂ ᠳ᠋ᠣᠺᠲ᠋ᠣᠷᠠᠨᠲ᠎ᠤᠨ ᠵᠢᠯᠣᠭᠣᠳᠤᠭ᠍ᠴᠢ ᠪᠠᠭ᠍ᠰᠢ ᠦ᠋ ᠵᠢᠶᠠᠨ ᠫᠷᠤᠹᠧᠰᠰᠤᠷ᠎ᠢ ᠤᠷᠢᠵᠤ ᠬᠢᠴᠢᠶᠡᠯ ᠣᠷᠣᠭᠤᠯᠪᠠ᠃ ᠦ᠋ ᠵᠢᠶᠠᠨ ᠫᠷᠤᠹᠸᠰᠰᠤᠷ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠢ ᠪᠠᠶ᠋ᠢᠭᠤᠯᠬᠤ ᠭᠤᠷᠪᠠᠨ ᠵᠢᠯ᠎ᠦᠨ ᠠᠵᠢᠯᠯᠠᠭᠠᠨ᠎ᠤ ᠲᠥᠯᠥᠪᠯᠡᠭᠡ᠎ᠶᠢᠨ ᠱᠠᠭᠠᠷᠳᠠᠯᠭ᠎ᠠ ᠪᠠ ᠬᠦᠬᠡᠬᠤᠳᠠ ᠵᠢᠨ ᠰᠤᠷᠭᠠᠨ ᠬᠥᠮᠦᠵᠢᠯ᠎ᠦᠨ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠡᠷᠡᠭᠦᠯ ᠮᠡᠨᠳᠦ ᠰᠤᠷᠭᠠᠭᠤᠯᠢ᠎ᠶᠢᠨ ᠪᠠᠢᠭᠤᠯᠤᠯᠲᠠ᠎ᠶᠢᠨ ᠲᠥᠷᠥ᠎ᠶᠢᠨ ᠪᠣᠳᠣᠯᠭ᠎ᠠ᠎ᠶᠢᠨ ᠠᠬᠤᠢ ᠪᠠᠢᠳᠠᠯ᠂ 8 ᠵᠦᠢᠯ᠎ᠦᠨ ᠭᠣᠣᠯᠳᠠᠯᠭ᠎ᠠ᠎ᠲᠠᠢ ᠡᠭᠦᠷᠭᠡ ᠪᠣᠯᠣᠨ 16 ᠵᠦᠢᠯ᠎ᠦᠨ ᠯᠠᠪᠯᠠᠯᠲᠠ᠎ᠶᠢᠨ ᠪᠠᠷᠢᠮᠵᠢᠶ᠎ᠠ᠎ᠶᠢ ᠰᠢᠰᠲᠧᠮ᠎ᠲᠠᠢ ᠲᠠᠢᠯᠪᠤᠷᠢᠯᠠᠵᠤ᠂ ᠡᠷᠡᠭᠦᠯ ᠮᠡᠨᠳᠦ ᠰᠤᠷᠭᠠᠭᠤᠯᠢ᠎ᠶᠢᠨ ᠪᠠᠢᠭᠤᠯᠤᠯᠲᠠ᠎ᠨᠢ ᠲᠠᠩ ᠭᠠᠭᠴᠠ ᠳᠠᠯ᠎ᠠ ᠵᠢ ᠴᠢᠬᠤᠯᠠᠴᠢᠯᠠᠬᠤ ᠳ᠋ᠤ ᠰᠢᠪᠳᠤᠯᠤᠯᠳᠠ ᠭᠠᠷᠭᠠᠵᠤ᠂ 《ᠪᠡᠶ᠎ᠡ᠎ᠶᠢᠨ ᠲᠠᠮᠢᠷ᠂ ᠰᠡᠳᠬᠢᠴᠡ᠎ᠶᠢᠨ ᠬᠠᠮᠠᠭᠠᠯᠠᠯᠳᠠ᠂ ᠰᠢᠮ᠎ᠡ ᠲᠡᠵᠢᠭᠡᠯ᠎ᠦᠨ ᠪᠠᠲᠤᠯᠠᠭ᠎ᠠ᠂ ᠠᠮᠤᠷ ᠲᠦᠪᠰᠢᠨ᠎ᠦ ᠬᠠᠮᠠᠭᠠᠯᠠᠯᠲᠠ》 ᠳᠥᠷᠪᠡ᠎ᠶᠢ ᠨᠢᠭᠡ ᠴᠣᠭᠴᠠᠵᠢᠭᠤᠯᠤᠭᠰᠠᠨ ᠰᠢᠰᠲᠧᠮ᠎ᠢ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠪᠣᠯᠪᠠᠰᠤᠷᠠᠯ᠎ᠨᠢ ᠲᠥᠷᠥ᠎ᠶᠢᠨ ᠪᠣᠳᠣᠯᠭ᠎ᠠ᠎ᠶᠢᠨ ᠤᠳᠤᠷᠢᠳᠤᠮᠵᠢ᠎ᠲᠠᠢ ᠨᠢᠭ᠍ᠲᠠ ᠤᠶᠠᠯᠳᠤᠭᠤᠯᠤᠨ᠂ ᠰᠤᠷᠭᠠᠭᠤᠯᠢ ᠡᠷᠭᠢᠯᠡᠬᠦ ᠪᠣᠳᠠᠲᠤ ᠪᠠᠢᠳᠠᠯ᠎ᠲᠠᠢ ᠨᠡᠢᠴᠡᠭᠦᠯᠵᠦ᠂ ᠣᠨᠣᠯ᠎ᠤᠨ ᠥᠨᠳᠥᠷᠴᠡ ᠲᠠᠢ ᠮᠥᠷᠲᠡᠭᠡᠨ ᠦᠢᠯᠡᠳᠦᠯᠭᠡ᠎ᠶᠢᠨ ᠳᠤᠯᠠᠭᠠᠴᠠ᠎ᠲᠠᠢ ᠪᠠᠢᠵᠤ᠂ ᠣᠷᠣᠨ᠎ᠤ ᠲᠥᠪ᠎ᠦᠨ ᠡᠷᠡᠭᠦᠯ ᠮᠡᠨᠳᠦ ᠰᠤᠷᠭᠠᠭᠤᠯᠢ᠎ᠶᠢᠨ ᠪᠠᠢᠭᠤᠯᠤᠯᠲᠠ᠎ᠳᠤ ᠲᠣᠳᠣᠷᠬᠠᠢ ᠵᠢᠯᠣᠭᠣᠳᠤᠯᠭ᠎ᠠ ᠬᠠᠩᠭᠠᠭᠰᠠᠨ ᠪᠠᠢᠨ᠎ᠠ᠃

ᠬᠦᠬᠡᠬᠤᠳᠠ ᠵᠢᠨ ᠬᠤᠳᠠ ᠰᠢᠶᠠᠨ ᠲᠣᠭᠣᠷᠢᠭ᠋᠎ᠤᠨ ᠰᠤᠷᠭᠠᠨ ᠬᠥᠮᠦᠵᠢᠯ᠎ᠦᠨ ᠲᠣᠪᠴᠢᠶ᠎ᠠ᠎ᠶᠢᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠪᠥᠬᠥ ᠬᠣᠲᠠ᠎ᠶᠢᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ᠎ᠦᠨ ᠰᠤᠷᠭᠠᠭᠤᠯᠢ᠎ᠶᠢᠨ ᠵᠠᠬᠢᠷᠤᠯ᠎ᠤᠨ ᠲᠥᠯᠥᠭᠡᠯᠡᠭᠴᠢᠳ ᠨᠢᠭᠡ ᠲᠠᠩᠬᠢᠮ᠎ᠳᠤ ᠴᠤᠭᠯᠠᠷᠠᠵᠤ᠂ ᠡᠷᠡᠭᠦᠯ ᠮᠡᠨᠳᠦ᠎ᠪᠡᠷ ᠬᠥᠮᠥᠨ᠎ᠢ ᠬᠥᠮᠥᠵᠢᠭᠦᠯᠬᠦ ᠦᠢᠯᠡᠳᠦᠯᠭᠡ᠎ᠶᠢᠨ ᠠᠷᠭ᠎ᠠ ᠵᠠᠮ᠎ᠢ ᠬᠠᠮᠲᠤ᠎ᠪᠠᠷ ᠬᠠᠢᠨ ᠰᠦᠪᠡᠭᠴᠢᠯᠡᠪᠡ᠃

ᠳᠠᠷᠠᠭᠠᠴᠢ᠎ᠪᠡᠷ᠂ ᠬᠥᠬᠡᠬᠣᠲᠠ᠎ᠶᠢᠨ ᠰᠤᠷᠭᠠᠨ ᠬᠥᠮᠦᠵᠢᠯ᠎ᠦᠨ ᠰᠢᠰᠲᠧᠮ᠎ᠦᠨ ᠬᠢᠨ ᠡᠮᠴᠢᠯᠡᠭᠡ ᠪᠠ ᠰᠤᠷᠭᠠᠨ ᠬᠥᠮᠦᠵᠢᠯ᠎ᠢ ᠬᠠᠮᠵᠢᠯᠴᠠᠭᠤᠯᠬᠤ᠂ ᠭᠡᠷ ᠪᠦᠯᠢ ᠪᠠ ᠰᠤᠷᠭᠠᠭᠤᠯᠢ ᠬᠠᠮᠲᠤᠷᠠᠨ ᠬᠥᠳᠡᠯᠦᠯᠴᠡᠬᠦ ᠲᠣᠭᠲᠠᠴᠠ᠎ᠶᠢ ᠭᠦᠨᠵᠡᠭᠡᠢᠷᠡᠭᠦᠯᠵᠦ᠂ ᠡᠷᠡᠭᠦᠯ ᠮᠡᠨᠳᠦ ᠤᠢᠯᠠᠭᠠᠭᠳᠠᠬᠤᠨ᠎ᠢ ᠰᠤᠷᠭᠠᠭᠤᠯᠢ ᠡᠷᠭᠢᠯᠡᠵᠦ ᠰᠤᠷᠭᠠᠭᠤᠯᠢ᠎ᠶᠢ ᠵᠠᠰᠠᠬᠤ ᠪᠥᠬᠥ ᠶᠠᠪᠤᠴᠠ᠎ᠳᠤ ᠠᠭᠤᠰᠬᠠᠨ᠂ ᠬᠢᠴᠢᠶᠡᠯ᠎ᠦᠨ ᠲᠣᠬᠢᠷᠠᠭᠤᠯᠤᠯᠲᠠ᠂ ᠣᠷᠴᠢᠨ ᠲᠣᠭᠣᠷᠢᠨ᠎ᠢ ᠰᠢᠯᠢᠳᠡᠭᠵᠢᠭᠦᠯᠬᠦ᠂ ᠪᠠᠭ᠍ᠰᠢ᠎ᠶᠢᠨ ᠡᠩᠨᠡᠭᠡ᠎ᠶᠢᠨ ᠪᠠᠢᠭᠤᠯᠤᠯᠲᠠ ᠵᠡᠷᠭᠡ ᠲᠠᠯ᠎ᠠ᠎ᠪᠠᠷ ᠨᠠᠷᠢᠯᠢᠭ᠋ ᠣᠨᠣᠴᠠᠲᠠᠢ᠎ᠪᠠᠷ ᠬᠦᠴᠦᠯᠡᠨ᠂ ᠴᠢᠨᠠᠷ ᠰᠠᠢᠲᠠᠢ ᠡᠷᠡᠭᠦᠯ ᠮᠡᠨᠳᠦ ᠰᠤᠷᠭᠠᠭᠤᠯᠢ᠎ᠶᠢᠨ ᠬᠦᠷᠢᠶ᠎ᠡ᠎ᠶᠢ ᠪᠥᠬᠥ ᠬᠦᠴᠦᠨ᠎ᠢᠶᠡᠷ᠎ᠢᠶᠡᠨ ᠪᠠᠢᠭᠤᠯᠵᠤ᠂ ᠣᠷᠣᠨ᠎ᠤ ᠲᠥᠪ᠎ᠦᠨ ᠵᠠᠯᠠᠭᠤᠴᠤᠳ ᠪᠠᠭᠠᠴᠤᠳ᠎ᠤᠨ ᠪᠡᠶ᠎ᠡ ᠰᠡᠳᠬᠢᠯ᠎ᠦᠨ ᠡᠷᠡᠭᠦᠯ᠎ᠢᠶᠡᠷ ᠦᠰᠦᠨ ᠪᠣᠢᠵᠢᠬᠤ᠎ᠶᠢ ᠪᠠᠲᠤᠯᠠᠨ ᠬᠠᠮᠠᠭᠠᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号