ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ᠎ᠶᠢᠨ ᠫᠢᠩ᠎ᠤᠨ ᠣᠢᠷ᠎ᠠ᠎ᠶᠢᠨ ᠬᠤᠭᠤᠴᠠᠭᠠᠨ᠎ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠪᠠ
2026-05-01 08:53:28
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠢ ᠵᠥᠩ ᠬᠤᠷᠠᠯ᠎ᠢ ᠡᠷᠭᠢᠯᠡᠵᠡᠢ


4 ᠰᠠᠷ᠎ᠠ᠎ᠶᠢᠨ 30 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠣᠢᠷ᠎ᠠ᠎ᠶᠢᠨ ᠬᠤᠭᠤᠴᠠᠭᠠᠨ᠎ᠤ ᠬᠣᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠵᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠦᠩ ᠬᠤᠷᠠᠯ᠎ᠢ ᠡᠷᠬᠢᠯᠡᠪᠡ᠃

ᠬᠤᠷᠠᠯ᠎ᠡᠴᠡ᠂ 4 ᠰᠠᠷ᠎ᠠ᠎ᠶᠢᠨ 28 ᠎ᠤ᠋ ᠡᠳᠦᠷ᠎ᠦᠨ ᠳᠦᠪ ᠤ᠋ᠨ ᠤᠯᠤᠰ ᠲᠦᠷᠦ᠎ᠶᠢᠨ ᠲᠣᠪᠴᠢᠶ᠎ᠡ ᠵᠢᠨ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠡ ᠵᠢᠨ ᠵᠠᠳᠠᠯᠤᠯᠲᠠ ᠮᠠᠭᠠᠳᠯᠠᠯᠲᠠ ᠪᠣᠯᠣᠨ ᠪᠠᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠦᠨᠡᠨ ᠬᠦ᠌ ᠨᠢᠭᠡᠳᠬᠡᠵᠦ᠂ ᠠᠵᠤ ᠠᠬᠤᠢ᠎ᠶᠢᠨ ᠠᠵᠢᠯ᠎ᠢ ᠨᠡᠩ ᠯᠠᠪᠳᠠᠭᠤᠨ ᠪᠦᠲᠦᠮᠵᠢᠲᠡᠢ ᠰᠠᠢᠲᠤᠷ ᠬᠢᠬᠦ ᠬᠡᠷᠡᠭᠲᠡᠢ᠃ ᠬᠥᠭᠵᠢᠯᠲᠡ᠎ᠶᠢᠨ ᠢᠲᠡᠭᠡᠯ ᠵᠣᠷᠢᠭ᠋᠎ᠢᠶᠠᠨ ᠪᠠᠲᠤᠳᠬᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠠᠲᠤ ᠪᠡᠬᠢ ᠪᠤᠢ ᠪᠣᠯᠭᠠᠨ ᠦᠢᠯᠡᠳᠦᠯᠭᠡᠵᠢᠭᠦᠯᠵᠦ᠂ ᠪᠦᠬᠦ ᠵᠢᠯ᠎ᠦᠨ ᠬᠠᠷᠠᠯᠲᠠ ᠡᠭᠦᠷᠭᠡ᠎ᠵᠢ ᠪᠠᠲᠦ ᠡᠵᠡᠮᠳᠡᠵᠤ ᠬᠠᠲᠠᠭᠤᠵᠢᠯᠲᠠᠢ ᠠᠵᠢᠯᠯᠠᠨ ᠪᠣᠳᠠᠲᠠᠢ ᠠᠵᠢᠯᠯᠠᠵᠤ᠂ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂ ᠵᠢᠱ᠌ᠢᠯᠲᠡ᠎ᠶᠢ ᠲᠣᠭᠲᠠᠪᠤᠷᠢᠵᠢᠭᠤᠯᠬᠤ᠎ᠪᠠᠷ ᠬᠦᠴᠦᠯᠡᠵᠦ᠂ ᠠᠵᠤ ᠠᠬᠤᠢ᠎ᠶᠢᠨ ᠲᠣᠭᠲᠠᠭᠤᠨ᠎ᠤ ᠳᠤᠮᠳᠠ ᠰᠠᠢᠵᠢᠷᠠᠬᠤ ᠬᠠᠨᠳᠤᠰᠢ᠎ᠶᠢ ᠲᠠᠰᠤᠷᠠᠯᠲᠠ ᠦᠭᠡᠢ ᠪᠡᠬᠢᠵᠢᠭᠦᠯᠦᠨ ᠥᠷᠭᠡᠳᠬᠡᠬᠦ ᠬᠡᠷᠡᠭᠲᠡᠢ᠃ ᠠᠵᠠ ᠲᠣᠬᠢᠶᠠᠯ᠎ᠤᠨ ᠤᠬᠠᠮᠰᠠᠷ᠎ᠢᠶᠠᠨ ᠴᠢᠩᠭᠠᠳᠬᠠᠵᠤ᠂ ᠬᠣᠷᠸ᠎ᠠ ᠳᠦᠷᠦ᠎ᠶᠢᠨ ᠪᠣᠳᠣᠯᠭ᠎ᠠ᠎ᠶᠢᠨ ᠬᠠᠨᠳᠤᠰᠢ᠎ᠶᠢ ᠭᠦᠨᠵᠡᠭᠡᠢ ᠰᠤᠳᠤᠯᠤᠨ᠂ ᠨᠢᠭ᠍ᠲᠠ ᠮᠥᠷᠳᠡᠵᠦ᠂ ᠳᠦᠷᠦ᠎ᠶᠢᠨ ᠪᠣᠳᠣᠯᠭ᠎ᠠ᠎ᠶᠢᠨ ᠠᠰᠢᠭ᠋᠎ᠢ ᠰᠠᠨᠠᠭᠠᠴᠢᠯᠠᠭ᠎ᠠ᠎ᠡᠴᠡ᠎ᠪᠠᠨ ᠠᠭᠤᠳᠠᠯᠵᠤ᠂ ᠳᠦᠷᠦᠯ ᠵᠦᠢᠯ᠎ᠦᠨ ᠡᠮᠦᠨᠡᠬᠢ ᠬᠤᠭᠤᠴᠠᠭᠠᠨ᠎ᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠤᠯᠤᠰ᠎ᠤᠨ ᠪᠡᠯᠡ ᠮᠥᠩᠭᠥ ᠪᠣᠯᠣᠨ ᠳᠦᠷᠦᠯ ᠵᠦᠢᠯ᠎ᠦᠨ ᠳᠡᠮᠵᠢᠯᠭᠡ᠎ᠶᠢ ᠨᠡᠩ ᠰᠠᠢᠲᠤᠷ ᠭᠤᠶᠤᠴᠢᠯᠡᠨ ᠣᠯᠬᠤ ᠬᠡᠷᠡᠭᠲᠡᠢ᠃ ᠨᠠᠮ᠎ᠤᠨ ᠲᠥᠪ ᠬᠣᠷᠢᠶ᠎ᠡ ᠵᠢᠨ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠲᠡᠷᠡ ᠬᠡᠪ᠎ᠢᠶᠡᠷ ᠨᠢ ᠨᠠᠢᠳᠠᠪᠤᠷᠢᠵᠢᠭᠤᠯᠵᠤ᠂ ᠠᠵᠤ ᠠᠬᠤᠢ᠎ᠶᠢᠨ ᠡᠷᠭᠢᠯᠳᠡ ᠵᠢᠨ ᠲᠣᠬᠢᠷᠠᠭᠤᠯᠤᠯᠲᠠ᠎ᠶᠢ ᠴᠢᠩᠭᠠᠳᠬᠠᠵᠤ᠂ ᠱᠠᠯᠠᠪᠳᠠᠭᠤᠯᠤᠨ ᠪᠠᠢᠴᠠᠭᠠᠬᠤ ᠪᠠ ᠦᠷ᠎ᠡ ᠪᠦᠲᠦᠮᠵᠢ᠎ᠶᠢ ᠮᠥᠷᠳᠡᠨ ᠠᠰᠠᠭᠤᠬᠤ᠎ᠶᠢ ᠴᠢᠩᠭᠠᠳᠬᠠᠵᠤ᠂ ᠡᠯ᠎ᠡ ᠵᠦᠢᠯ᠎ᠦᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠪᠤᠲᠠᠲᠠᠢᠵᠢᠭᠤᠯᠤᠨ ᠨᠠᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠬᠥᠭᠵᠢᠯᠲᠡ ᠪᠣᠯᠣᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ ᠂ ᠪᠠᠶᠠᠷ ᠳᠤᠷᠠᠰᠬᠠᠯ ᠠᠮᠠᠷᠠᠯᠲᠠ᠎ᠶᠢᠨ ᠡᠳᠦᠷ᠎ᠦᠨ ᠵᠢᠵᠢᠭᠦᠷᠯᠡᠨ ᠰᠠᠬᠢᠬᠤ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ 《ᠴᠠᠭ ᠢᠮᠠᠭᠲᠠ ᠰᠠᠨᠠᠭ᠎ᠠ ᠲᠠᠯᠪᠢᠬᠤ》 ᠬᠠᠷᠢᠭᠤᠴᠠᠯᠭᠠᠲᠤ ᠰᠡᠳᠬᠢᠯᠭᠡ᠎ᠪᠡᠷ ᠠᠶᠤᠯᠭᠦᠢ ᠦᠢᠯᠡᠳᠪᠦᠷᠢᠯᠡᠯ᠂ ᠤᠢ ᠰᠢᠭᠤᠢ ᠨᠤᠲᠤᠭ ᠪᠡᠯᠴᠢᠭᠡᠷ᠎ᠦᠨ ᠭᠠᠯ ᠳᠤᠢᠮᠠᠷ᠎ᠢ ᠰᠡᠷᠭᠡᠢᠯᠡᠬᠦ᠂ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠬᠠᠮᠢᠶᠠᠷᠤᠯᠲᠠ ᠪᠣᠯᠣᠨ ᠦᠢᠯᠡᠴᠢᠯᠡᠭᠡ ᠵᠡᠷᠭᠡ ᠠᠵᠢᠯ᠎ᠢ ᠰᠠᠢᠲᠤᠷ ᠠᠳᠬᠤᠵᠤ᠂ ᠤᠯᠠᠨ ᠲᠦᠮᠡᠨ᠎ᠦ ᠠᠮᠤᠷ ᠲᠦᠪᠰᠢᠨ ᠡᠷᠡᠭᠦᠯ ᠴᠢᠭᠢᠷᠠᠭ᠂ ᠪᠠᠶᠠᠷ ᠪᠠᠶᠠᠰᠬᠤᠯᠠᠩ᠎ᠲᠠᠢ ᠥᠯᠵᠡᠢ ᠪᠡᠯᠭᠡ᠎ᠲᠠᠢ ᠪᠠᠶᠠᠷ᠎ᠤᠨ ᠡᠳᠦᠷ᠎ᠢ ᠥᠩᠭᠡᠷᠡᠭᠦᠯᠬᠦ᠎ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ᠂ ᠶᠡᠷᠦᠩᠬᠡᠢ ᠱᠦᠵᠢ ᠰᠢ᠎ᠶᠢᠨ ᠫᠢᠩ᠎ᠤᠨ ᠳᠦᠪ ᠤ᠋ᠨ ᠤᠯᠤᠰ ᠲᠦᠷᠦ᠎ᠶᠢᠨ ᠲᠣᠪᠴᠢᠶ᠎ᠠ᠎ᠶᠢᠨ ᠬᠣᠷᠢᠨ ᠲᠠᠪᠤᠳᠤᠭᠠᠷ ᠤᠳᠠᠭ᠎ᠠ᠎ᠶᠢᠨ ᠬᠠᠮᠲᠤ᠎ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ 《ᠳᠤᠯᠤᠭ᠎ᠠ᠎ᠶᠢ ᠪᠠᠷᠢᠮᠲᠠᠯᠠᠬᠤ》 ᠴᠢᠬᠤᠯᠠ ᠱᠠᠭᠠᠷᠳᠠᠯᠭ᠎ᠠ᠎ᠶᠢ ᠭᠦᠨᠵᠡᠭᠡᠢ ᠡᠵᠡᠮᠳᠡᠵᠦ᠂ ᠮᠠᠨ᠎ᠤ ᠣᠷᠣᠨ᠎ᠤ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠡᠴᠡ ᠠᠪᠤᠷᠠᠬᠤ ᠠᠵᠢᠯ᠎ᠢ ᠯᠠᠪᠳᠠᠭᠤᠨ ᠪᠠᠲᠤᠲᠠᠢ ᠨᠠᠷᠢᠨ ᠨᠢᠮᠪᠠᠢ ᠰᠠᠢᠲᠤᠷ ᠬᠢᠵᠦ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠰᠠᠢᠲᠤᠷ ᠬᠠᠮᠠᠭᠠᠯᠠᠬᠤ ᠬᠡᠷᠡᠭᠲᠡᠢ᠃ ᠰᠡᠷᠭᠡᠢᠯᠡᠬᠦ᠎ᠪᠡᠷ ᠭᠣᠣᠯ ᠪᠣᠯᠭᠠᠬᠤ᠎ᠶᠢ ᠲᠤᠪᠤᠢ᠍ᠢᠯᠭᠠᠵᠦ᠂ ᠭᠠᠮᠰᠢᠭ᠋᠎ᠤᠨ ᠠᠶᠤᠯ ᠲᠦᠭᠰᠢᠭᠦᠷᠢ᠎ᠶᠢ ᠦᠨᠡᠯᠡᠨ ᠵᠢᠱ᠌ᠢᠬᠦ᠂ ᠭᠡᠮ ᠰᠣᠭᠣᠭ᠎ᠢ ᠵᠢᠭᠰᠠᠭᠠᠨ ᠪᠠᠢᠴᠠᠭᠠᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠎ᠶᠢ ᠴᠢᠨᠭᠭᠠᠷᠠᠭᠤᠯᠵᠤ᠂ ᠬᠦᠮᠦᠨ ᠵᠢᠡᠷ ᠰᠡᠷᠭᠡᠢᠯᠡᠬᠦ᠂ ᠪᠣᠳᠠᠰ᠎ᠢᠶᠠᠷ ᠰᠡᠷᠭᠡᠢᠯᠡᠬᠦ᠂ ᠮᠡᠷᠭᠡᠵᠢᠯ᠎ᠢᠶᠡᠷ ᠰᠡᠷᠭᠡᠢᠯᠡᠬᠦ᠎ᠶᠢ ᠨᠢᠭᠡᠳᠦᠯᠲᠡᠢ ᠲᠥᠯᠥᠪᠵᠢᠭᠦᠯᠵᠦ᠂ ᠭᠠᠮᠰᠢᠭ᠋᠎ᠢ ᠰᠡᠷᠭᠡᠢᠯᠡᠬᠦ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠪᠦᠬᠦ ᠬᠦᠴᠦᠨ᠎ᠢᠶᠡᠷ᠎ᠢᠶᠡᠨ ᠠᠶᠤᠯ ᠲᠦᠭᠰᠢᠭᠦᠷᠢ ᠵᠢ ᠴᠤᠬᠤᠶ᠋ᠢᠵᠤ ᠪᠠᠢᠭ᠎ᠠ ᠦᠶᠡᠰ ᠲᠤᠨᠢ ᠰᠡᠷᠭᠡᠢᠯᠡᠵᠦ᠂ ᠭᠠᠮᠰᠢᠭ᠋᠎ᠢ ᠡᠭᠦᠰᠬᠦ᠎ᠡᠴᠡ ᠡᠮᠦᠨ᠎ᠡ ᠠᠷᠢᠯᠭᠠᠬᠤ ᠬᠡᠷᠡᠭᠲᠡᠢ᠃ ᠶᠡᠬᠡ ᠦᠶᠡᠷ᠎ᠢ ᠰᠡᠷᠭᠡᠢᠯᠡᠬᠦ᠂ ᠶᠡᠬᠡ ᠠᠶᠤᠯ᠎ᠢ ᠵᠠᠢᠯᠠᠭᠤᠯᠬᠤ᠂ ᠶᠡᠬᠡ ᠭᠠᠮᠰᠢᠭ᠋᠎ᠡᠴᠡ ᠠᠪᠤᠷᠠᠬᠤ᠎ᠳᠤ ᠰᠠᠭᠤᠷᠢᠯᠠᠵᠤ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ᠎ᠢ ᠲᠡᠭᠦᠯᠳᠡᠷᠵᠢᠭᠦᠯᠵᠦ᠂ ᠠᠪᠤᠷᠠᠨ ᠲᠤᠰᠠᠯᠠᠬᠤ ᠰᠣᠷᠢᠯᠲᠠ᠎ᠶᠢ ᠴᠢᠨᠭᠭᠠᠷᠠᠭᠤᠯᠵᠤ᠂ ᠴᠢᠬᠤᠯᠠ ᠡᠳ᠋ ᠪᠣᠳᠠᠰ᠎ᠤᠨ ᠨᠥᠭᠡᠴᠡᠯᠡᠯᠲᠡ᠎ᠶᠢ ᠰᠠᠢᠲᠤᠷ ᠬᠢᠵᠦ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠮᠡᠳᠡᠭᠡ ᠵᠠᠩᠭᠢᠴᠢᠯᠠᠯᠲᠠ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠭᠠᠮᠰᠢᠭ᠋᠎ᠢ ᠰᠡᠷᠭᠡᠢᠯᠡᠬᠦ ᠴᠢᠳᠠᠪᠤᠷᠢ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠬᠦᠴᠦᠨ᠎ᠦ ᠰᠢᠰᠲᠧᠮ᠎ᠢ ᠲᠡᠭᠦᠯᠳᠡᠷᠵᠢᠭᠦᠯᠵᠦ᠂ ᠭᠠᠮᠰᠢᠭ᠋᠎ᠢ ᠰᠡᠷᠭᠡᠢᠯᠡᠬᠦ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠤᠬᠠᠭᠤᠯᠭ᠎ᠠ᠎ᠶᠢᠨ ᠡᠷᠴᠢᠮ᠎ᠢ ᠴᠢᠩᠭᠠᠷᠠᠭᠤᠯᠵᠤ᠂ ᠤᠯᠠᠨ᠎ᠢᠶᠠᠷ᠎ᠢᠶᠠᠨ ᠬᠢᠨᠠᠨ ᠬᠡᠮᠵᠢᠵᠦ ᠤᠯᠠᠨ᠎ᠢᠶᠠᠷ᠎ᠢᠶᠠᠨ ᠰᠡᠷᠭᠡᠢᠯᠡᠵᠦ ᠤᠯᠠᠨ᠎ᠢᠶᠠᠷ᠎ᠢᠶᠠᠨ ᠵᠠᠰᠠᠬᠤ ᠪᠠᠲᠤ ᠪᠡᠬᠢ ᠰᠡᠷᠭᠡᠢᠯᠡᠯᠲᠡ᠎ᠶᠢᠨ ᠱᠤᠭᠤᠮ᠎ᠢ ᠪᠠᠶ᠋ᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃

ᠬᠤᠷᠠᠯ᠎ᠡᠴᠡ᠂ ᠶᠡᠷᠦᠩᠬᠡᠢ ᠱᠦᠵᠢ ᠰᠢ᠎ᠶᠢᠨ ᠫᠢᠩ᠎ᠤᠨ 《ᠢ ᠦ᠋᠎ᠶᠢᠨ ᠬᠥᠭᠵᠢᠯᠲᠡ᠎ᠶᠢᠨ ᠲᠤᠷᠰᠢᠯᠭ᠎ᠠ》 ᠶ᠋ᠢᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠶᠠᠨ᠎ᠤ ᠬᠡᠪᠴᠢᠶᠡᠨ᠎ᠦ ᠠᠵᠤ ᠠᠬᠤᠢ᠎ᠶᠢ ᠬᠥᠭᠵᠢᠭᠦᠯᠬᠦ ᠲᠤᠯᠭᠠᠮ ᠰᠡᠳᠬᠢᠯᠭᠡ᠎ᠪᠡᠨ ᠦᠨᠡᠨ ᠬᠦ᠌ ᠨᠡᠮᠡᠭᠳᠡᠭᠦᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠲᠠᠢ ᠤᠶᠠᠯᠳᠤᠭᠤᠯᠤᠨ᠂ 《ᠢ ᠦ᠋᠎ᠶᠢᠨ ᠬᠥᠭᠵᠢᠯᠲᠡ᠎ᠶᠢᠨ ᠲᠤᠷᠰᠢᠯᠭ᠎ᠠ》 ᠶ᠋ᠢ ᠰᠠᠢᠲᠤᠷ ᠰᠤᠷᠤᠯᠴᠠᠨ ᠰᠠᠢᠲᠤᠷ ᠬᠡᠷᠡᠭᠯᠡᠵᠦ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠂ ᠦᠨᠡᠨ ᠬᠦ᠌ ᠠᠳᠬᠤᠨ ᠪᠣᠳᠠᠲᠠᠢ ᠠᠵᠢᠯᠯᠠᠬᠤ᠂ ᠤᠳᠠᠭᠠᠨ ᠲᠠᠭᠠᠭᠠᠮᠠᠭᠠᠢ ᠪᠡᠷ ᠵᠢᠳᠬᠦᠯ ᠴᠢᠷᠮᠠᠢᠯᠭ᠎ᠠ ᠭᠠᠷᠭᠠᠬᠤ ᠵᠢ ᠪᠠᠷᠢᠮᠲᠠᠯᠠᠵᠤ᠂ ᠣᠷᠣᠨ ᠨᠤᠲᠤᠭ᠎ᠤᠨ ᠪᠣᠳᠠᠲᠤ ᠪᠠᠢᠳᠠᠯ᠎ᠳᠤ ᠨᠡᠢᠴᠡᠭᠰᠡᠨ᠂ ᠳᠠᠪᠠᠭᠤᠯᠢᠭ᠋ ᠣᠨᠴᠠᠯᠢᠭ᠋᠎ᠢ ᠢᠯᠡᠷᠡᠭᠦᠯᠦᠭᠰᠡᠨ ᠴᠢᠨᠠᠷ ᠰᠠᠢᠲᠠᠢ ᠬᠥᠭᠵᠢᠯᠲᠡ᠎ᠶᠢᠨ ᠵᠠᠮ᠎ᠢ ᠴᠢᠷᠮᠠᠢᠨ ᠰᠦᠪᠡᠭᠴᠢᠯᠡᠵᠤ ᠤᠷᠤᠭᠰᠢᠯᠠᠬᠤ ᠬᠡᠷᠡᠭᠲᠡᠢ ᠭᠡᠵᠤ ᠴᠢᠬᠤᠯᠠᠴᠢᠯᠠᠪᠠ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号