ᠪᠥᠬᠥ᠌ ᠣᠷᠣᠨ᠎ᠤ ᠬᠣᠱᠢᠭᠤ ᠱᠢᠶᠠᠨ (ᠬᠣᠲᠠ᠂ ᠲᠣᠭᠣᠷᠢᠭ) ᠰᠤᠮᠤ ᠱᠢᠶᠠᠩ ᠪᠠᠯᠭᠠᠰᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠭᠤᠴᠠᠭ᠎ᠠ ᠰᠣᠯᠢᠬᠤ ᠰᠣᠩᠭᠣᠭᠤᠯᠢ᠎ᠶ᠋ᠢᠨ ᠠᠵᠢᠯ᠎ᠤᠨ ᠪᠠᠢᠷᠢᠯᠠᠭᠤᠯᠤᠯᠲᠠ᠎ᠶ᠋ᠢᠨ ᠬᠤᠷᠠᠯ ᠬᠤᠷᠠᠯᠳᠤᠪᠠ
2026-05-01 09:00:44
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠶ ᠵᠥᠩ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠶ


4 ᠰᠠᠷ᠎ᠠ᠎ᠶ᠋ᠢᠨ 30 ᠤ᠋ ᠡᠳᠦᠷ᠂ ᠪᠦᠬᠦ᠌ ᠣᠷᠣᠨ᠎ᠤ ᠬᠣᠱᠢᠭᠤ ᠱᠢᠶᠠᠨ (ᠬᠤᠳᠠ᠂ ᠲᠣᠭᠣᠷᠢᠭ)᠂ ᠰᠤᠮᠤ ᠱᠢᠶᠠᠩ ᠪᠠᠯᠭᠠᠰᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠭᠤᠴᠠᠭ᠎ᠠ ᠰᠣᠯᠢᠬᠤ ᠰᠣᠩᠭᠣᠭᠤᠯᠢ᠎ᠶ᠋ᠢᠨ ᠠᠵᠢᠯ᠎ᠤᠨ ᠪᠠᠢᠷᠢᠯᠠᠭᠤᠯᠤᠯᠲᠠ᠎ᠶ᠋ᠢᠨ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ ᠬᠤᠷᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠶ ᠴᠢᠬᠤᠯᠠ ᠦᠵᠡᠯ ᠰᠠᠨᠠᠭ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠭᠤᠴᠠᠭ᠎ᠠ ᠰᠣᠯᠢᠬᠤ ᠰᠣᠩᠭᠣᠭᠤᠯᠢ᠎ᠶ᠋ᠢᠨ ᠠᠵᠢᠯ᠎ᠢ ᠰᠠᠢᠲᠤᠷ ᠬᠢᠬᠦ᠌ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠱᠢᠶᠠᠨ ᠱᠢᠶᠠᠩ ᠬᠣᠶᠠᠷ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠭᠤᠴᠠᠭ᠎ᠠ ᠰᠣᠯᠢᠬᠤ ᠰᠣᠩᠭᠣᠭᠤᠯᠢ᠎ᠶ᠋ᠢᠨ ᠲᠤᠬᠠᠶ ᠨᠠᠮ᠎ᠤᠨ ᠲᠥᠪ ᠬᠤᠷᠢᠶ᠎ᠠ ᠵᠢᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠬᠤᠭᠤᠴᠠᠭ᠎ᠠ ᠰᠣᠯᠢᠬᠤ ᠰᠣᠩᠭᠣᠭᠤᠯᠢ᠎ᠶ᠋ᠢᠨ ᠲᠡᠭᠦᠰ ᠠᠮᠵᠢᠯᠲᠠ ᠤᠯᠬᠤ᠎ᠶ᠋ᠢ ᠦᠨᠡᠨ ᠬᠦ᠌ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠠᠬᠢᠭᠤᠯᠬᠤ᠂ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠲᠠᠰᠤᠷᠠᠯᠲᠠ ᠥᠬᠡᠶ ᠡᠭᠦᠳᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠯᠢ ᠳ᠋ᠦᠩ ᠱᠢᠤᠢ ᠬᠤᠷᠠᠯ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠪᠠᠢᠩᠭᠤ᠎ᠶ᠋ᠢᠨ ᠳᠡᠳ᠋ ᠡᠷᠬᠢᠯᠡᠭ᠌ᠴᠢ ᠵᠠᠩ ᠱᠤᠤ ᠴᠦᠨ ᠬᠤᠷᠠᠯ᠎ᠢ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠳᠡᠳ᠋ ᠡᠷᠬᠢᠯᠡᠭ᠌ᠴᠢ ᠯᠢ ᠢᠦᠶ ᠭᠠᠩ ᠬᠤᠷᠠᠯ᠎ᠳᠤ ᠣᠷᠣᠯᠴᠠᠵᠠᠶ ᠃

ᠸᠠᠩ ᠸᠧᠶ ᠵᠥᠩ᠂  ᠱᠢᠶᠠᠨ ᠱᠢᠶᠠᠩ ᠎ᠤᠨ ᠠᠷᠠᠳ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠬᠤᠭᠤᠴᠠᠭ᠎ᠠ ᠰᠣᠯᠢᠬᠤ  ᠰᠣᠩᠭᠣᠭᠤᠯᠢ  ᠪᠣᠯ  ᠨᠠᠮ ᠪᠠ ᠤᠯᠤᠰ᠎ᠤᠨ ᠤᠯᠤᠰ ᠲᠥᠷᠥ ᠎ᠶ᠋ᠢᠨ ᠠᠮᠢᠳᠤᠷᠠᠯ ᠎ᠳᠠᠬᠢ ᠨᠢᠭᠡᠨ ᠲᠣᠮᠣ ᠶᠠᠪᠤᠳᠠᠯ ᠮᠥᠨ ᠂ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠣᠷᠢᠶ᠎ᠠ ᠡᠭᠦᠨ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠍ ᠪᠠᠢᠨ᠎ᠠ᠃ ᠶᠡᠷᠦᠩᠬᠡᠢ ᠱᠦᠵᠢ ᠰᠢ ᠵᠢᠨ ᠫᠢᠩ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠭᠤᠴᠠᠭ᠎ᠠ ᠰᠣᠯᠢᠬᠤ ᠰᠣᠩᠭᠣᠭᠤᠯᠢ᠎ᠶ᠋ᠢᠨ ᠠᠵᠢᠯ᠎ᠤᠨ ᠲᠣᠭᠣᠷᠢᠨ᠎ᠳᠤ ᠠᠯᠢ ᠤᠯᠠᠨ ᠴᠢᠬᠤᠯᠠ ᠥᠭᠦᠯᠡᠯᠲᠡ ᠬᠢᠵᠦ᠍᠂ ᠪᠢᠳᠡᠨ᠎ᠳᠦ ᠦᠨᠳᠦᠰᠦᠨ ᠵᠢᠷᠤᠮᠯᠠᠯ ᠬᠠᠩᠭᠠᠪᠠ᠃ ᠡᠨᠡ ᠤᠳᠠᠭ᠎ᠠ ᠵᠢᠨ ᠬᠤᠭᠤᠴᠠᠭ᠎ᠠ ᠰᠣᠯᠢᠬᠤ ᠰᠣᠩᠭᠣᠭᠤᠯᠢ ᠨᠢ ᠶᠠᠭ ᠮᠠᠨ᠎ᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠂ ᠱᠢᠨ᠎ᠡ ᠵᠠᠮ᠎ᠢ ᠲᠦᠷᠭᠡᠨ ᠨᠡᠭᠡᠭᠡᠬᠦ᠌  ᠵᠠᠩᠭᠢᠯᠠᠭ᠎ᠠ᠎ᠶ᠋ᠢᠨ ᠬᠤᠭᠤᠴᠠᠭ᠎ᠠ ᠪᠠ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠲᠥᠪ ᠪᠤᠰᠤ ᠰᠤᠷᠲᠠᠯ᠎ᠢ ᠴᠡᠭ᠌ᠴᠡᠯᠡᠨ ᠵᠠᠰᠠᠬᠤ᠂ ᠤᠯᠤᠰ ᠲᠥᠷᠥ᠎ᠶ᠋ᠢᠨ ᠠᠮᠢ ᠠᠬᠤᠶ᠎ᠶ᠋ᠢ ᠴᠡᠪᠡᠷᠱᠢᠭᠦᠯᠦᠨ ᠰᠡᠷᠭᠦᠭᠡᠬᠦ᠌ ᠪᠣᠭᠣᠮᠲᠠ ᠱᠢᠪᠲᠤᠯᠬᠤ ᠱᠠᠲᠤ ᠦᠶ᠎ᠡ᠎ᠳᠤ ᠲᠤᠬᠢᠶᠠᠯᠳᠤᠪᠠ᠂ ᠡᠯ᠎ᠡ ᠱᠠᠲᠤᠨ᠎ᠤ ᠬᠢᠠ ᠤᠯᠤᠰ ᠲᠦ᠋ᠷᠦ᠍᠂ ᠪᠠᠢᠯᠳᠤᠬᠤ ᠪᠣᠳᠣᠯᠭ᠎ᠠ ᠪᠠ ᠪᠦᠬᠦ᠌ ᠲᠠᠯ᠎ᠠ᠎ᠶ᠋ᠢᠨ ᠥᠨᠳᠥᠷᠴᠡ ᠡᠴᠡ᠂ ᠱᠢᠶᠠᠨ ᠱᠢᠶᠠᠩ ᠬᠣᠶᠠᠷ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠭᠤᠴᠠᠭ᠎ᠠ ᠰᠣᠯᠢᠬᠤ ᠰᠣᠩᠭᠣᠭᠤᠯᠢ᠎ᠶ᠋ᠢᠨ ᠠᠵᠢᠯ᠎ᠢ ᠰᠠᠢᠲᠤᠷ ᠬᠢᠬᠦ᠌᠎ᠶ᠋ᠢᠨ ᠴᠢᠬᠤᠯᠠ ᠠᠴᠢ ᠬᠣᠯᠪᠣᠭ᠍ᠳᠠᠯ᠎ᠢ ᠭᠦᠨᠵᠡᠭᠡᠶ ᠲᠠᠨᠢᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ ᠪᠡᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ ᠵᠢ ᠪᠠᠷᠢᠮᠳᠠᠯᠠᠵᠤ᠂ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠵᠢᠷᠤᠭ ᠲᠥᠰᠦᠪ᠎ᠢ ᠰᠠᠢᠲᠤᠷ ᠵᠢᠷᠤᠭ᠍ᠯᠠᠵᠤ᠂ ᠰᠠᠢᠨ ᠺᠠᠳ᠋ᠷ᠎ᠢ ᠰᠣᠩᠭᠣᠨ ᠭᠠᠷᠭᠠᠵᠤ᠂ ᠰᠠᠢᠨ ᠪᠠᠭ᠎ᠢ ᠲᠣᠬᠢᠷᠠᠭᠤᠯᠵᠤ᠂ ᠰᠠᠢᠨ ᠤᠳᠤᠷᠢᠳᠤᠮᠵᠢ᠎ᠶ᠋ᠢ ᠪᠣᠶ ᠪᠣᠯᠭᠠᠵᠤ᠂ ᠰᠠᠢᠨ ᠠᠮᠢ ᠠᠬᠤᠶ᠎ᠶ᠋ᠢ ᠪᠦᠷᠢᠯᠳᠦᠭᠦᠯᠵᠦ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠸᠠᠩ ᠸᠧᠢ ᠵᠦᠩ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠢᠯᠠᠩᠭᠤᠶ᠎ᠠ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠬᠤᠭᠤᠴᠠᠭ᠎ᠠ ᠰᠣᠯᠢᠬᠤ ᠠᠵᠢᠯ᠎ᠳᠠᠬᠢ ᠨᠠᠮ᠎ᠤᠨ ᠬᠤᠷᠢᠶ᠎ᠠ ᠵᠢᠨ ᠤᠳᠤᠷᠢᠳᠬᠤ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠵᠢᠱ᠌ᠢᠭ᠌ᠳᠡᠭ᠌ᠴᠢ᠎ᠶ᠋ᠢ ᠨᠡᠷ᠎ᠡ ᠳᠤᠷᠠᠳᠤᠨ ᠲᠠᠨᠢᠯᠴᠠᠭᠤᠯᠬᠤ ᠪᠣᠭᠣᠮᠲᠠ᠎ᠶ᠋ᠢ ᠰᠠᠬᠢᠬᠤ᠎ᠶ᠋ᠢ ᠴᠢᠩᠭᠠᠳᠭᠠᠵᠤ᠂ ᠰᠣᠩᠭᠣᠭᠤᠯᠢ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠠᠵᠢᠯ᠎ᠳᠠᠬᠢ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠭᠣᠣᠯᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠡᠷᠴᠢᠮ᠎ᠢ ᠴᠢᠩᠭᠠᠷᠠᠭᠤᠯᠵᠤ᠂ ᠬᠤᠭᠤᠴᠠᠭ᠎ᠠ ᠰᠣᠯᠢᠬᠤ ᠰᠣᠩᠭᠣᠭᠤᠯᠢ᠎ᠶ᠋ᠢᠨ ᠠᠵᠢᠯ᠎ᠤᠨ ᠴᠢᠭ᠌ᠯᠡᠯ ᠵᠥᠪ ᠪᠠᠢᠬᠤ᠎ᠶ᠋ᠢ ᠪᠠᠲᠤᠯᠠᠬᠤ ᠬᠡᠷᠡᠭ᠌ᠲᠡᠢ᠃ ᠴᠢᠩᠭ᠎ᠠ ᠬᠢᠨᠠᠨ ᠪᠠᠢᠴᠠᠭᠠᠵᠤ᠂ ᠱᠢᠶᠠᠨ ᠱᠢᠶᠠᠩ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠤᠯᠤᠰ ᠲᠦᠷᠦ᠍᠎ᠶ᠋ᠢᠨ ᠪᠣᠭᠣᠮᠲᠠ᠂ ᠬᠡᠪ ᠪᠣᠯᠪᠠᠰᠤᠷᠠᠯ᠎ᠤᠨ ᠪᠣᠭᠣᠮᠲᠠ᠂ ᠠᠷᠢᠭᠤᠨ ᠴᠢᠬᠡᠴᠢ᠎ᠶ᠋ᠢᠨ ᠪᠣᠭᠣᠮᠲᠠ᠂ ᠪᠦᠲᠦᠴᠡ᠎ᠶ᠋ᠢᠨ ᠪᠣᠭᠣᠮᠲᠠ᠎ᠶ᠋ᠢ ᠰᠠᠢᠲᠤᠷ ᠰᠠᠬᠢᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠲᠡᠷᠢᠭᠦᠨ᠎ᠦ ᠴᠢᠨᠠᠷ᠂ ᠲᠥᠯᠥᠭᠡᠯᠡᠬᠦ᠌ ᠴᠢᠨᠠᠷ᠂ ᠥᠷᠭᠡᠨ ᠳᠡᠯᠭᠡᠷ ᠴᠢᠨᠠᠷ᠎ᠢ ᠭᠦᠢᠴᠡᠳ ᠢᠯᠡᠷᠡᠭᠦᠯᠬᠦ᠌ ᠬᠡᠷᠡᠭ᠌ᠲᠡᠢ᠃ 《ᠶᠢᠰᠦᠨ ᠴᠥᠮ》 ᠲᠤᠮᠳᠠᠬᠢ ᠨᠡᠷ᠎ᠡ ᠳᠤᠷᠠᠳᠤᠨ ᠲᠠᠨᠢᠯᠴᠠᠭᠤᠯᠵᠤ  ᠪᠣᠯᠬᠤ ᠦᠭᠡᠢ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠲᠥᠯᠥᠭᠡᠯᠡᠭ᠌ᠴᠢ ᠪᠣᠯᠬᠤ᠎ᠳᠤ ᠦᠯᠦ᠍ ᠲᠤᠬᠢᠷᠠᠬᠤ ᠪᠣᠳᠠᠲᠠᠢ ᠪᠠᠢᠳᠠᠯ᠎ᠢ ᠤᠯᠠᠮ ᠨᠢᠭᠡ ᠠᠯᠬᠤᠮ ᠲᠣᠳᠣᠷᠬᠠᠢᠯᠠᠨ ᠵᠢᠷᠤᠮᠵᠢᠭᠤᠯᠬᠤ ᠬᠡᠷᠡᠭᠲᠡᠢ᠃ ᠱᠢᠶᠠᠨ ᠱᠢᠶᠠᠩ᠎ᠤᠨ ᠤᠳᠤᠷᠢᠳᠭᠤ ᠪᠠᠭ᠎ᠢ ᠱᠢᠯᠢᠳᠡᠭ᠎ᠢ ᠨᠢ ᠰᠣᠩᠭᠣᠵᠤ ᠲᠤᠷᠪᠢᠲᠠᠢ ᠵᠢ ᠨᠢ ᠲᠤᠬᠢᠷᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》ᠤ᠋ᠨ ᠬᠤᠭᠤᠴᠠᠭᠠᠨ᠎ᠤ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠬᠡᠷᠡᠭ᠌ᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠰᠠᠢ᠌ᠨ ᠺᠠᠳ᠋ᠷ᠎ᠤᠨ ᠪᠠᠷᠢᠮᠵᠢᠶ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠭᠠᠵᠠᠷ ᠣᠷᠣᠨ᠎ᠤ ᠺᠠᠳ᠋ᠷ᠎ᠤᠨ ᠡᠩᠨᠡᠭᠡ᠎ᠶ᠋ᠢᠨ 《ᠲᠦᠷᠪᠡᠨ ᠣᠨᠴᠠᠭᠠᠢ》 ᠵᠢᠨ ᠴᠢᠬᠤᠯᠠ ᠱᠠᠭᠠᠷᠳᠠᠯᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠡᠯ᠎ᠡ ᠭᠠᠵᠠᠷ᠎ᠤᠨ ᠬᠢᠨ᠎ᠤ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠢ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ ᠲᠤᠮᠳᠠᠬᠢ ᠳᠠᠭᠠᠭᠠᠬᠤ ᠴᠢᠬᠤᠯᠠᠲᠠᠢ ᠴᠢᠳᠠᠪᠬᠢ ᠶᠣᠰᠣᠭᠠᠷ᠂ ᠱᠢᠨᠵᠢᠯᠡᠬᠦ᠌ ᠤᠬᠠᠭᠠᠨᠴᠢ ᠣᠨᠣᠴᠠᠲᠠᠢ᠎ᠪᠠᠷ ᠬᠥᠮᠦᠨ ᠰᠣᠩᠭᠣᠨ ᠬᠦᠮᠦᠨ ᠬᠡᠷᠡᠭ᠌ᠯᠡᠵᠦ᠍᠂ ᠤᠳᠤᠷᠢᠳᠭᠤ ᠪᠠᠭ᠎ᠤᠨ ᠪᠦᠷᠢᠯᠳᠦᠬᠦᠨ᠎ᠦ ᠬᠡᠪ ᠪᠣᠯᠪᠠᠰᠤᠷᠠᠯ ᠴᠢᠳᠠᠪᠤᠷᠢ᠎ᠶ᠋ᠢ ᠬᠥᠭ᠌ᠵᠢᠯᠲᠡ᠎ᠶ᠋ᠢᠨ ᠬᠡᠷᠡᠭ᠌ᠴᠡᠭᠡ᠎ᠳᠦ ᠵᠣᠬᠢᠴᠠᠭᠤᠯᠬᠤ ᠬᠡᠷᠡᠭ᠌ᠲᠡᠢ᠃ ᠰᠣᠩᠭᠣᠭᠤᠯᠢ᠎ᠶ᠋ᠢᠨ ᠵᠣᠬᠢᠶᠠᠨ ᠪᠠᠢᠭᠤᠯᠬᠤ ᠠᠵᠢᠯ᠎ᠢ ᠬᠠᠤᠯᠢ ᠶᠣᠰᠣᠭᠠᠷ ᠰᠠᠢᠲᠤᠷ ᠬᠢᠵᠦ᠍᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠰᠣᠩᠭᠣᠭᠤᠯᠢ᠎ᠶ᠋ᠢᠨ ᠬᠡᠷᠡᠭ᠌ᠵᠢᠭᠦᠯᠬᠦ᠌ ᠨᠠᠷᠢᠨ ᠲᠦᠷᠢᠮ》 ᠢ᠋ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠪᠠᠷᠢᠮᠵᠢᠶ᠎ᠠ ᠪᠠ ᠲᠠᠰ ᠳᠠᠷᠠᠭᠠᠯᠠᠯ ᠶᠣᠰᠣᠭᠠᠷ ᠰᠣᠩᠭᠣᠭᠤᠯᠢ᠎ᠶ᠋ᠢᠨ ᠲᠣᠭᠣᠷᠢᠭ᠎ᠢ ᠬᠤᠪᠢᠶᠠᠷᠢᠯᠠᠬᠤ᠂ ᠰᠣᠩᠭᠣᠭᠤᠯᠢ᠎ᠶ᠋ᠢᠨ ᠠᠷᠠᠳ᠎ᠢ ᠳᠠᠩᠰᠠᠯᠠᠬᠤ᠂ ᠲᠥᠯᠥᠭᠡᠯᠡᠭ᠌ᠴᠢ᠎ᠪᠡᠷ ᠵᠢᠱ᠌ᠢᠭ᠌ᠳᠡᠭ᠌ᠰᠡᠳ᠎ᠢ ᠵᠣᠬᠢᠶᠠᠨ ᠪᠠᠢᠭᠤᠯᠤᠨ ᠲᠠᠨᠢᠯᠴᠠᠭᠤᠯᠬᠤ᠂ ᠰᠣᠩᠭᠣᠭᠤᠯᠢ᠎ᠶ᠋ᠢᠨ ᠠᠷᠠᠳ᠎ᠢ ᠵᠣᠬᠢᠶᠠᠨ ᠪᠠᠢᠭᠤᠯᠤᠨ ᠪᠢᠯᠧᠲ ᠥᠭ᠌ᠬᠦ᠂ ᠰᠣᠩᠭᠣᠭᠤᠯᠢ᠎ᠶ᠋ᠢᠨ ᠦᠷ᠎ᠡ ᠳ᠋ᠦᠩ᠎ᠢ ᠨᠡᠢᠲᠡᠯᠡᠬᠦ᠌ ᠪᠠ ᠲᠥᠯᠥᠭᠡᠯᠡᠭ᠌ᠴᠢ᠎ᠶ᠋ᠢᠨ ᠬᠢᠷᠢ ᠬᠡᠮ᠎ᠢ ᠬᠢᠨᠠᠨ ᠪᠠᠢᠴᠠᠭᠠᠬᠤ ᠵᠡᠷᠭᠡ ᠡᠯ᠎ᠡ ᠭᠣᠭ᠍ᠴᠣᠭ᠎ᠠ᠎ᠶ᠋ᠢᠨ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠰᠣᠩᠭᠣᠭᠤᠯᠢ᠎ᠶ᠋ᠢᠨ ᠵᠢᠷᠤᠮᠵᠢᠭᠤᠨ ᠪᠥᠭᠡᠳ ᠡᠮᠬᠢ ᠵᠢᠷᠤᠮ᠎ᠲᠠᠶ᠂ ᠲᠣᠭ᠍ᠲᠠᠭᠤᠨ ᠪᠥᠭᠡᠳ ᠤᠷᠤᠭ᠍ᠰᠢᠲᠠᠶ ᠶᠠᠪᠤᠭ᠍ᠳᠠᠬᠤ᠎ᠶ᠋ᠢ ᠪᠠᠲᠤᠯᠠᠬᠤ ᠬᠡᠷᠡᠭ᠌ᠲᠡᠶ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠶ᠋ᠢ ᠴᠢᠩᠳᠠᠯᠠᠵᠤ᠂ ᠬᠢᠨᠠᠯᠲᠠ ᠲᠠᠯᠪᠢᠵᠦ ᠰᠠᠬᠢᠯᠭ᠎ᠠ ᠪᠠᠲᠤ᠎ᠶ᠋ᠢ ᠬᠡᠷᠡᠭ᠌ᠵᠢᠭᠦᠯᠬᠦ᠌᠎ᠪᠡᠨ ᠴᠢᠩᠭᠠᠳᠭᠠᠵᠤ᠂ ᠠᠵᠢᠯ᠎ᠤᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠦᠵᠡᠯ ᠰᠠᠨᠠᠭᠠᠨ᠎ᠤ ᠬᠥᠮᠦᠵᠢᠯ᠎ᠢ ᠴᠢᠩᠭᠠᠳᠭᠠᠵᠤ᠂ ᠤᠭᠲᠤ ᠠᠭᠤᠴᠢᠯᠠᠬᠤ ᠦᠭᠡᠢ ᠪᠠᠢᠬᠤ ᠣᠪᠣᠷ᠎ᠢᠶᠠᠷ ᠰᠠᠬᠢᠯᠭ᠎ᠠ ᠪᠠᠲᠤ ᠬᠠᠤᠯᠢ ᠴᠠᠭᠠᠵᠠ᠎ᠡᠴᠡ ᠵᠥᠷᠢᠴᠡᠭ᠌ᠰᠡᠨ ᠠᠵᠢᠯᠯᠠᠭ᠎ᠠ ᠪᠣᠯᠤᠨ ᠰᠣᠩᠭᠣᠭᠤᠯᠢ᠎ᠶ᠋ᠢᠨ ᠳᠤᠮᠳᠠᠬᠢ ᠲᠥᠪ ᠪᠤᠰᠤ ᠰᠤᠷᠲᠠᠯ᠎ᠢ ᠡᠷᠡᠰ ᠪᠠᠢᠴᠠᠭᠠᠨ ᠱᠢᠢᠳᠪᠦᠷᠢᠯᠡᠵᠦ᠍᠂ ᠰᠣᠩᠭᠣᠭᠤᠯᠢ᠎ᠶ᠋ᠢ ᠬᠠᠷᠱᠢᠯᠠᠨ ᠨᠦᠯᠦᠭᠡᠯᠡᠬᠦ ᠵᠡᠷᠭᠡ ᠬᠠᠤᠯᠢ᠎ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭ᠌ᠴᠦ᠂ ᠰᠤᠷᠲᠠᠯ ᠴᠢᠬᠡᠴᠢ ᠣᠪᠣᠷ ᠲᠥᠪ ᠬᠤᠭᠤᠴᠠᠭ᠎ᠠ ᠰᠣᠯᠢᠬᠤ ᠣᠷᠴᠢᠨ ᠨᠦᠭᠦᠴᠡᠯ᠎ᠢ ᠪᠤᠢ ᠪᠣᠯᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠸᠠᠩ ᠸᠧᠶ ᠵᠥᠩ᠂ ᠱᠢᠶᠠᠨ ᠱᠢᠶᠠᠩ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠭᠤᠴᠠᠭ᠎ᠠ ᠰᠣᠯᠢᠬᠤ ᠰᠣᠩᠭᠣᠭᠤᠯᠢ᠎ᠶ᠋ᠢᠨ ᠠᠵᠢᠯ᠎ᠤᠨ ᠬᠣᠯᠪᠣᠭ᠍ᠳᠠᠬᠤ ᠬᠡᠪᠴᠢᠶ᠎ᠡ ᠥᠷᠭᠡᠨ᠂ ᠨᠡᠢᠭᠡᠮ᠎ᠦᠨ ᠠᠩᠬᠠᠷᠤᠯ᠎ᠤᠨ ᠬᠡᠮᠵᠢᠶ᠎ᠡ ᠥᠨᠳᠥᠷ ᠪᠠᠢᠨ᠎ᠠ᠂ ᠵᠥᠪ ᠶᠠᠷᠢᠶ᠎ᠠ ᠬᠡᠯᠡᠯᠴᠡᠭᠡᠨ᠎ᠦ ᠤᠳᠤᠷᠢᠳᠤᠮᠵᠢ᠎ᠶ᠋ᠢ ᠪᠠᠷᠢᠮᠲᠠᠯᠠᠨ᠂ ᠪᠥᠬᠥ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠥᠷᠭᠡᠨ᠎ᠢᠶᠡᠷ ᠤᠬᠠᠭᠤᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠤᠬᠠᠭᠤᠯᠤᠨ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠬᠣᠯᠪᠣᠭ᠍ᠳᠠᠯ ᠪᠥᠬᠥᠶ ᠲᠣᠭ᠍ᠲᠠᠭᠠᠯ᠎ᠢ ᠤᠬᠠᠭᠤᠯᠵᠤ᠂ ᠰᠠᠢᠨ ᠰᠠᠢᠬᠠᠨ ᠶᠠᠷᠢᠶ᠎ᠠ ᠬᠡᠯᠡᠯᠴᠡᠭᠡᠨ᠎ᠦ ᠠᠭᠤᠷ ᠠᠮᠢᠰᠭᠤᠯ ᠪᠠ ᠨᠡᠢᠭᠡᠮ᠎ᠦᠨ ᠣᠷᠴᠢᠨ ᠨᠥᠬᠥᠴᠡᠯ᠎ᠢ ᠴᠢᠷᠮᠠᠢᠨ ᠪᠣᠶ ᠪᠣᠯᠭᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠬᠤᠷᠠᠯ᠎ᠢ ᠸᠢᠳᠢᠣ᠋ ᠬᠡᠯᠪᠡᠷᠢ᠎ᠪᠡᠷ ᠬᠤᠷᠠᠯᠳᠤᠭᠤᠯᠵᠤ᠂ ᠡᠯ᠎ᠡ ᠠᠢᠮᠠᠭ ᠬᠤᠳᠠ᠎ᠳᠤ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号