ᠸᠠᠩ ᠸᠧᠶ ᠵᠥᠩ ᠬᠤᠷᠠᠯ᠎ᠢ ᠡᠷᠭᠢᠯᠡᠵᠡᠢ
5 ᠰᠠᠷ᠎ᠠ᠎ᠶ᠋ᠢᠨ 9 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠬᠣᠷᠢᠢ᠎ᠠ ᠬᠤᠷᠠᠯ ᠬᠤᠷᠠᠯᠳᠤᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠦᠭᠵᠢᠭᠦᠯᠬᠦ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ᠎ᠦᠨ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠠᠵᠢᠯ᠎ᠢ ᠰᠤᠳᠤᠯᠤᠨ ᠪᠠᠢᠷᠢᠯᠠᠭᠤᠯᠵᠤ᠂ ᠭᠤᠷᠪᠠᠳᠤᠭᠠᠷ ᠡᠭᠡᠯᠵᠢ᠎ᠶ᠋ᠢᠨ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠵᠤ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠤᠭ᠍ᠰᠠᠨ ᠠᠬᠢᠴᠠ᠎ᠶ᠋ᠢᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠵᠡᠢ᠃
ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠱᠢᠨ᠎ᠡ ᠴᠢᠨᠠᠷ ᠤ᠋ᠨ ᠦᠶ᠋ᠯᠡᠳᠪᠦᠷᠢᠯᠡᠯ᠎ᠦᠨ ᠬᠦᠴᠦᠨ᠎ᠦ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠪᠤᠰᠤᠳᠴᠢ ᠨᠥᠬᠥᠴᠡᠯ᠎ᠳᠦ ᠰᠠᠭᠤᠷᠢᠯᠠᠨ᠂ ᠬᠠᠷᠢᠴᠠᠭᠤᠯᠤᠭ᠍ᠰᠠᠨ ᠳᠠᠪᠠᠭᠤᠯᠢᠭ᠎ᠢᠶᠠᠨ ᠪᠠᠳᠠᠷᠠᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠠᠵᠠ ᠲᠣᠬᠢᠶᠠᠯ᠎ᠢ ᠠᠮᠵᠢᠵᠤ᠂ ᠱᠢᠨ᠎ᠡ᠎ᠶ᠋ᠢ ᠡᠭᠦᠳᠬᠦ᠌᠎ᠪᠡᠷ ᠭᠤᠤᠯᠯᠠᠭᠤᠯᠬᠤ᠂ ᠥᠭᠡᠷᠡᠴᠢᠯᠡᠯᠲᠡ ᠬᠢᠬᠦ᠌᠎ᠪᠡᠷ ᠭᠤᠤᠯ ᠪᠣᠯᠭᠠᠬᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠬᠤ᠂ ᠤᠷᠢᠳ᠎ᠢᠶᠠᠷ ᠰᠢᠨ᠎ᠡ ᠵᠢ ᠪᠠᠢᠭᠤᠯᠵᠤ ᠳᠠᠷᠠᠭ᠎ᠠ᠎ᠨᠢ ᠬᠠᠭᠤᠴᠢᠨ᠎ᠢ ᠡᠪᠳᠡᠬᠦ᠌᠎ᠶ᠋ᠢ ᠪᠠᠷᠢᠮᠲᠠᠯᠠᠵᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠶ᠃ ᠡᠭᠦᠷᠭᠡ ᠠᠷᠭ᠎ᠠ ᠬᠡᠮᠵᠢᠢ᠎ᠡ᠎ᠶ᠋ᠢ ᠨᠠᠷᠢᠯᠢᠬ᠍ᠵᠢᠭᠤᠯᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠂ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠬᠦ᠌᠂ ᠪᠠᠢᠭᠤᠯᠤᠯ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠂ ᠴᠢᠳᠠᠪᠤᠷᠢᠲᠠᠨ᠎ᠤ ᠠᠵᠢᠯ᠎ᠤᠨ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭ᠌ᠲᠡᠢ᠃ ᠳᠡᠭᠡᠳᠦ ᠱᠢᠨ᠎ᠡ ᠮᠡᠷᠭᠡᠵᠢᠯ ᠪᠠ ᠲᠡᠷᠢᠭᠦᠨ᠎ᠦ ᠬᠡᠷᠡᠭ᠌ᠯᠡᠭᠡᠨ᠎ᠦ ᠮᠡᠷᠭᠡᠵᠢᠯ᠎ᠢᠶᠡᠷ ᠨᠡᠭᠦᠷᠡᠰᠦ᠂ ᠬᠢᠮᠢ᠎ᠶ᠋ᠢᠨ ᠠᠵᠤ ᠦᠢᠯᠡᠳᠪᠦᠷᠢ᠂ ᠲᠡᠮᠦᠷᠯᠢᠭ ᠬᠠᠢᠯᠤᠭᠤᠯᠬᠤ᠂ ᠮᠠᠯ ᠠᠵᠤ ᠠᠬᠤᠢ ᠲᠠᠷᠢᠶᠠᠯᠠᠩ ᠵᠡᠷᠭᠡ ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠳᠡᠭᠡᠭ᠌ᠰᠢᠯᠡᠭᠦᠯᠬᠦ᠌᠎ᠶ᠋ᠢ ᠲᠦᠷᠭᠡᠳᠭᠡᠵᠦ᠍᠂ ᠡᠯᠪᠡᠭ ᠪᠠᠶᠠᠯᠢᠭ ᠬᠡᠷᠡᠭ᠌ᠯᠡᠭᠡᠨ᠎ᠦ ᠦᠵᠡᠭᠳᠡᠯ ᠪᠠᠢᠳᠠᠯ᠎ᠳᠤ ᠲᠦᠱᠢᠭ᠌ᠯᠡᠨ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠡᠮ ᠡᠮᠨᠡᠯᠭᠡ᠂ ᠤᠢᠷ᠎ᠠ ᠣᠭ᠍ᠲᠠᠷᠭᠤᠢ᠎ᠶ᠋ᠢᠨ ᠠᠵᠤ ᠠᠬᠤᠢ᠂ ᠠᠦ᠋ᠲ᠋ᠣ᠋ ᠵᠢᠯᠣᠭᠣᠳᠭᠤ᠂ ᠬᠤᠳᠠᠯᠳᠤᠭᠠᠨ᠎ᠤ ᠶᠠᠪᠤᠳᠠᠯ᠎ᠤᠨ ᠰᠠᠨᠰᠠᠷ᠎ᠤᠨ ᠠᠶᠠᠯᠠᠯ ᠵᠡᠷᠭᠡ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠲᠦᠷᠭᠡᠳᠬᠡᠨ ᠪᠣᠢᠵᠢᠭᠤᠯᠤᠨ ᠪᠤᠵᠠᠭᠠᠢᠷᠠᠭᠤᠯᠵᠤ᠂ ᠠᠮᠢᠳᠤ ᠪᠣᠳᠠᠰ᠎ᠤᠨ ᠦᠢᠯᠡᠳᠭᠡᠯ᠂ ᠤᠰᠤᠲᠥ᠋ᠷᠥᠭ᠌ᠴᠢ ᠡᠨᠧᠷᠭᠢ᠂ ᠪᠡᠶᠡᠲᠤ ᠤᠶᠤᠨ ᠴᠢᠳᠠᠪᠤᠷᠢ ᠵᠡᠷᠭᠡ ᠢᠷᠡᠭᠡᠳᠦᠢ᠎ᠶ᠋ᠢᠨ ᠠᠵᠤ ᠦᠢᠯᠡᠰ᠎ᠢ ᠢᠳᠡᠪᠬᠢᠲᠡᠢ ᠪᠠᠢᠷᠢᠱᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠵᠢ ᠡᠭᠦᠳᠬᠦ ᠪᠣᠯᠤᠨ ᠠᠵᠤ ᠦᠢᠯᠡᠰ᠎ᠦᠨ ᠱᠢᠨ᠎ᠡ ᠵᠢ ᠡᠭᠦᠳᠬᠦ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭ᠌ᠲᠡᠢ᠃ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠠᠯᠢᠪᠠ ᠪᠦᠬᠦᠨ᠎ᠳᠦ ᠪᠣᠳᠠᠲᠠᠢ᠎ᠡᠴᠡ ᠡᠭᠦᠰᠭᠦ᠎ᠶ᠋ᠢ ᠪᠠᠷᠢᠮᠲᠠᠯᠠᠨ᠂ ᠴᠢᠨᠠᠷ ᠰᠠᠢᠲᠠᠢ ᠲᠦᠷᠦᠯ ᠵᠦᠢᠯ᠎ᠢ ᠱᠢᠨᠵᠢᠯᠡᠬᠦ᠌ ᠤᠬᠠᠭᠠᠨᠴᠢ᠎ᠪᠠᠷ ᠤᠬᠠᠭᠠᠯᠠᠨ ᠲᠦᠯᠦᠪᠯᠡᠨ ᠬᠡᠷᠡᠭ᠌ᠵᠢᠭᠦᠯᠵᠦ᠍᠂ ᠪᠡᠯᠡᠳᠬᠡᠯ ᠦᠬᠡᠢ ᠪᠡᠷ ᠨᠢᠬᠡ ᠯᠡ ᠲᠤᠤᠷ᠎ᠠ ᠶᠠᠭᠠᠷᠠᠵᠤ ᠬᠢᠬᠦ᠌ ᠪᠠ ᠰᠣᠬᠣᠷ ᠪᠠᠯᠠᠢ᠎ᠪᠠᠷ ᠪᠡᠯᠡ ᠣᠷᠣᠭᠤᠯᠬᠤ᠎ᠡᠴᠡ ᠵᠠᠢᠯᠠᠰᠭᠢᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠪᠣᠭᠣᠮᠲᠠ ᠱᠢᠪᠲᠤᠯᠵᠤ ᠱᠢᠢᠳᠪᠦᠷᠢᠲᠦ ᠳᠠᠢᠯᠠᠯᠳᠤᠭᠠᠨ ᠬᠢᠬᠦ᠌ ᠡᠷᠴᠢ ᠵᠣᠷᠢᠭ᠎ᠢᠶᠠᠷ ᠴᠢᠩᠭ᠎ᠠ ᠬᠦᠴᠦᠲᠡᠢ ᠠᠷᠭ᠎ᠠ ᠬᠡᠮᠵᠢᠢ᠎ᠡ ᠠᠪᠴᠤ᠌᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ᠎ᠦᠨ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠠᠵᠢᠯ᠎ᠢ ᠦᠨᠡᠨ ᠬᠦ᠌ ᠰᠠᠢᠲᠤᠷ ᠠᠳᠭᠤᠵᠤ᠂ ᠵᠣᠷᠢᠭ᠍ᠲᠠᠢ᠎ᠪᠠᠷ ᠬᠠᠲᠠᠭᠤ᠎ᠲᠠᠶ ᠨᠢ ᠬᠠᠯᠳᠠᠵᠤ᠂ ᠡᠷᠬᠡᠪᠰᠢ ᠮᠡᠳᠡᠭ᠌ᠳᠡᠮ᠎ᠡ ᠦᠷ᠎ᠡ ᠪᠦᠲᠦᠮᠵᠢ ᠤᠯᠬᠤ ᠬᠡᠷᠡᠭ᠌ᠲᠡᠢ᠃ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠪᠣᠳᠠᠲᠠᠶ ᠠᠳᠭᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠂ ᠡᠮ ᠡᠮᠨᠡᠯᠬᠡ ᠵᠢᠨ ᠳᠠᠭᠠᠳᠭᠠᠯ᠎ᠤᠨ ᠰᠠᠭᠤᠷᠢ ᠮᠥᠩᠭᠥ᠌᠂ ᠬᠥᠳᠡᠭᠡ ᠲᠣᠰᠭᠣᠨ᠎ᠤ ᠬᠠᠮᠲᠤ᠎ᠶ᠋ᠢᠨ 《ᠪᠠᠯᠠ ᠮᠥᠩᠭᠥ᠌ ᠡᠳ᠋ ᠬᠥᠷᠥᠩᠭᠡ ᠡᠬᠢ ᠪᠠᠶᠠᠯᠢᠭ》᠎ᠤ᠋ᠨ ᠬᠠᠮᠢᠶᠠᠷᠤᠯᠲᠠ ᠵᠡᠷᠭᠡ ᠬᠦᠷᠢᠶᠡᠨ᠎ᠳᠡᠬᠢ ᠣᠯᠠᠨ ᠲᠦᠮᠡᠨ᠎ᠦ ᠠᠱᠢᠭ ᠲᠤᠰᠠ᠎ᠶ᠋ᠢ ᠬᠣᠬᠢᠷᠠᠭᠤᠯᠤᠭ᠍ᠰᠠᠨ ᠲᠣᠪᠣᠢᠮ᠎ᠠ ᠠᠰᠠᠭᠤᠳᠠᠯ᠎ᠢ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠠᠪᠴᠤ᠌ ᠱᠢᠶ᠋ᠳᠪᠦᠷᠢᠯᠡᠬᠦ᠌ ᠬᠡᠷᠡᠭ᠌ᠲᠡᠶ᠃ ᠠᠰᠠᠭᠤᠳᠠᠯ᠎ᠢ ᠴᠡᠭ᠌ᠴᠡᠯᠡᠨ ᠵᠠᠰᠠᠬᠤ᠎ᠶ᠋ᠢ ᠬᠡᠷᠡᠭ᠎ᠢ ᠪᠠᠢᠴᠠᠭᠠᠨ ᠱᠢᠢᠳᠪᠦᠷᠢᠯᠡᠬᠦ᠌᠎ᠲᠡᠶ ᠨᠡᠪᠲᠡᠷᠡᠭᠦᠯᠵᠦ᠍᠂ ᠭᠣᠣᠯᠳᠠᠯᠭ᠎ᠠ᠎ᠲᠠᠶ ᠬᠦᠷᠢᠢ᠎ᠡ ᠴᠠᠷᠠᠭ᠎ᠠ᠂ ᠭᠣᠣᠯᠳᠠᠯᠭ᠎ᠠ᠎ᠲᠠᠶ ᠠᠵᠢᠯ᠎ᠤᠨ ᠪᠠᠢᠷᠢ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠰᠠᠭᠤᠳᠠᠯ᠎ᠤᠨ ᠰᠦᠪᠡᠭ᠌ᠴᠢ᠎ᠶ᠋ᠢᠨ ᠲᠤᠰᠭᠠᠯ᠎ᠢᠶᠡᠷ ᠨᠡᠯᠢᠶᠡᠳ ᠲᠥᠪᠯᠡᠷᠡᠵᠤ ᠪᠠᠢᠭ᠎ᠠ ᠬᠥᠮᠦᠨ ᠪᠠ ᠬᠡᠷᠡᠭ᠎ᠢ ᠴᠢᠩᠭ᠎ᠠ ᠠᠩᠬᠠᠷᠴᠤ᠌᠂ ᠬᠡᠷᠡᠭ᠎ᠢ ᠪᠠᠢᠴᠠᠭᠠᠨ ᠱᠢᠢᠳᠪᠦᠷᠢᠯᠡᠬᠦ᠌ ᠡᠷᠴᠢᠮ᠎ᠢᠶᠡᠨ ᠴᠢᠩᠭᠠᠷᠠᠭᠤᠯᠵᠤ᠂ ᠨᠢᠭᠡ ᠪᠦᠯᠦᠭ ᠨᠥᠯᠥᠭᠡ ᠶᠡᠬᠡᠲᠡᠢ᠂ ᠬᠦᠨᠳᠦᠴᠡ᠎ᠲᠡᠶ᠂ ᠰᠦᠷᠳᠡᠭᠦᠯᠦᠯ᠎ᠢᠶᠡᠷ ᠴᠢᠩᠭ᠎ᠠ ᠬᠡᠷᠡᠭ᠎ᠢ ᠦᠷᠭᠦᠯᠵᠢᠯᠡᠨ ᠰᠢᠢᠳᠪᠦᠷᠢᠯᠡᠬᠦ ᠬᠡᠷᠡᠭ᠌ᠲᠡᠢ᠃ ᠡᠯ᠎ᠡ ᠱᠠᠲᠤᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠪᠠᠲᠤ ᠡᠭᠦᠷᠭᠡᠯᠡᠵᠦ᠍᠂ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠶ᠋ᠢ ᠢᠮᠠᠭ᠍ᠲᠠ ᠲᠤᠪᠤᠢ᠌ᠮ᠎ᠠ ᠪᠠᠢᠷᠢᠨ᠎ᠳᠤ ᠲᠠᠯᠪᠢᠬᠤ ᠬᠡᠷᠡᠭ᠌ᠲᠡᠢ᠃ ᠤᠳᠤᠷᠢᠳᠭᠤ ᠺᠠᠳ᠋ᠷᠴᠤᠳ᠎ᠤᠨ ᠬᠡᠷᠡᠭ᠎ᠢ ᠳᠠᠭᠠᠭᠠᠵᠤ ᠠᠪᠴᠤ ᠬᠡᠷᠡᠭ᠎ᠢ ᠱᠢᠢᠳᠪᠦᠷᠢᠯᠡᠬᠦ᠌ ᠦᠢᠯᠡᠳᠦᠯ᠎ᠢ ᠪᠠᠳᠠᠷᠠᠭᠤᠯᠵᠤ᠂ ᠳᠡᠭᠡᠳᠦ ᠲᠤᠤᠷᠠᠳᠤ ᠱᠠᠳᠤ᠎ᠪᠠᠷ᠎ᠢᠶᠠᠨ ᠬᠣᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠨ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠬᠦᠴᠦᠯᠡᠨ ᠱᠢᠢᠳᠪᠦᠷᠢᠯᠡᠬᠦ᠌ ᠬᠡᠷᠡᠭ᠌ᠲᠡᠢ᠃ 《ᠨᠢᠬᠡᠳᠦᠭᠡᠷ ᠭᠠᠷ》ᠲᠦᠷᠦᠭᠦᠯᠡᠨ ᠵᠢᠯᠣᠭᠣᠳᠴᠤ᠌᠂ ᠤᠳᠤᠷᠢᠳᠬᠤ ᠪᠠᠭ᠎ᠤᠨ ᠪᠦᠷᠢᠯᠳᠦᠬᠦᠨ ᠲᠣᠰ ᠲᠣᠰ᠎ᠤᠨ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠢᠯᠠᠩᠭᠤᠶ᠎ᠠ ᠬᠣᠱᠢᠭᠤ ᠱᠢᠶᠠᠨ᠎ᠤ ᠱᠠᠲᠤᠨ᠎ᠤ᠎ᠬᠢᠨ 《ᠭᠤᠤᠯ ᠲᠡᠢᠨ᠎ᠦ ᠲᠠᠯᠠᠪᠤᠷ》 ᠤ᠋ᠨ ᠦᠶ᠋ᠯᠡᠳᠦᠯ᠎ᠢᠶᠡᠨ ᠰᠠᠢᠲᠤᠷ ᠪᠠᠳᠠᠷᠠᠭᠤᠯᠵᠤ᠂ ᠨᠢᠬᠡ ᠰᠡᠳᠦᠪ᠎ᠢ ᠬᠠᠮᠲᠤ᠎ᠪᠠᠷ ᠬᠠᠷᠢᠭᠤᠯᠵᠤ᠂ ᠠᠳᠠᠯᠢ ᠴᠢᠭ᠌ᠯᠡᠯ᠎ᠢᠶᠡᠷ ᠬᠦᠴᠦᠯᠡᠬᠦ᠌ ᠵᠢ ᠪᠡᠶᠡᠯᠡᠭᠦᠯᠬᠦ ᠬᠡᠷᠡᠭ᠌ᠲᠡᠶ ᠭᠡᠵᠦ ᠴᠢᠬᠤᠯᠠᠴᠢᠯᠠᠪᠠ᠃
ᠬᠤᠷᠠᠯ᠎ᠡᠴᠡ᠂ ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠬᠠᠷᠢᠭᠤᠴᠠᠯᠭᠠᠲᠤ ᠰᠡᠳᠭᠢᠯᠭᠡ ᠲᠤᠯᠭᠠᠮ ᠪᠤᠳᠤᠯ᠎ᠢᠶᠠᠨ ᠤᠯᠠᠮ ᠨᠢᠭᠡ ᠠᠯᠬᠤᠮ ᠴᠢᠩᠭᠠᠳᠭᠠᠵᠤ᠂ ᠭᠤᠷᠪᠠᠳᠤᠭᠠᠷ ᠡᠭᠡᠯᠵᠢ᠎ᠶ᠋ᠢᠨ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠵᠤ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠴᠢᠩᠭ᠎ᠠ ᠪᠣᠳᠠᠲᠠᠢ ᠱᠠᠯᠠᠪᠳᠠᠨ ᠰᠠᠢᠲᠤᠷ ᠠᠳᠭᠤᠵᠤ᠂ ᠡᠭᠡ ᠤᠯᠤᠰ᠎ᠤᠨ ᠤᠮᠠᠷᠠᠲᠤ᠎ᠶ᠋ᠢᠨ ᠡᠨᠡ ᠬᠦ᠌ ᠲᠦᠮᠡᠨ ᠭᠠᠵᠠᠷ᠎ᠤᠨ ᠨᠣᠮᠢᠨ ᠨᠣᠭᠣᠭᠠᠨ ᠤᠷᠳᠤ ᠴᠠᠭᠠᠨ ᠬᠡᠷᠡᠮ᠎ᠢ ᠨᠡᠩ ᠪᠠᠲᠤ ᠪᠡᠬᠢ ᠪᠤᠯᠭᠠᠨ ᠪᠠᠢᠭᠤᠯᠬᠤ᠎ᠪᠠᠷ ᠴᠢᠷᠮᠠᠢᠬᠤ ᠬᠡᠷᠡᠭ᠌ᠲᠡᠢ᠃ ᠬᠤᠷᠳᠤᠴᠠ᠎ᠪᠠᠨ ᠲᠦᠷᠭᠡᠳᠭᠡᠨ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠦᠨ ᠴᠡᠭ᠌ᠴᠡᠯᠡᠨ ᠰᠠᠢᠵᠢᠷᠠᠭᠤᠯᠬᠤ᠎ᠶ᠋ᠢ ᠠᠳᠭᠤᠵᠤ᠂ ᠡᠯ᠎ᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢ ᠤᠯᠠᠮ ᠨᠢᠭᠡ ᠠᠯᠬᠤᠮ ᠴᠢᠩᠭᠠᠳᠭᠠᠨ ᠪᠣᠳᠠᠲᠠᠢᠵᠢᠭᠤᠯᠵᠤ᠂ ᠠᠵᠢᠯ᠎ᠤᠨ ᠬᠤᠭᠤᠴᠠᠭ᠎ᠠ᠎ᠶ᠋ᠢ ᠡᠳᠦᠷ ᠲᠤᠭᠠᠯᠠᠨ ᠵᠢᠬᠰᠠᠭᠠᠨ ᠲᠤᠬᠢᠷᠠᠭᠤᠯᠵᠤ᠂ ᠳᠠᠷᠤᠯᠲᠠ ᠪᠠ ᠡᠷᠴᠢᠮ᠎ᠢᠶᠡᠨ ᠴᠢᠩᠭᠠᠷᠠᠭᠤᠯᠤᠨ ᠨᠠᠢᠳᠠᠪᠤᠷᠢᠵᠢᠭᠤᠯᠤᠯᠲᠠ᠎ᠶ᠋ᠢ ᠠᠬᠢᠭᠤᠯᠵᠤ᠂ ᠡᠭᠦᠷᠭᠡ᠎ᠪᠡᠨ ᠲᠣᠭ᠍ᠲᠠᠭ᠍ᠰᠠᠨ ᠬᠤᠭᠤᠴᠠᠭᠠᠨ᠎ᠳᠤ ᠴᠢᠨᠠᠷ ᠰᠠᠢᠲᠠᠶ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠨ ᠴᠡᠭ᠌ᠴᠡᠯᠡᠨ ᠰᠠᠢᠵᠢᠷᠠᠭᠤᠯᠬᠤ᠎ᠶ᠋ᠢ ᠠᠳᠭᠤᠵᠤ᠂ ᠡᠯ᠎ᠡ ᠲᠥᠷᠥᠯ᠎ᠦᠨ ᠠᠰᠠᠭᠤᠳᠠᠯ᠎ᠢ ᠦᠨᠡᠨ ᠬᠦ᠌ ᠲᠤᠢᠯᠪᠤᠷᠢᠲᠠᠶ ᠴᠡᠭ᠌ᠴᠡᠯᠡᠨ ᠰᠠᠢᠵᠢᠷᠠᠭᠤᠯᠵᠤ᠂ ᠪᠣᠳᠠᠲᠠᠶ ᠴᠡᠭ᠌ᠴᠡᠯᠡᠨ ᠰᠠᠢᠵᠢᠷᠠᠭᠤᠯᠵᠤ᠂ ᠬᠤᠳᠠᠯ ᠬᠡᠯᠡᠵᠦ᠍ ᠬᠠᠭᠤᠷᠮᠠᠭ᠎ᠢᠶᠠᠷ ᠵᠣᠬᠢᠶᠠᠬᠤ᠎ᠶ᠋ᠢ ᠡᠷᠡᠰ ᠬᠣᠷᠢᠭ᠍ᠯᠠᠬᠤ ᠬᠡᠷᠡᠭ᠌ᠲᠡᠶ᠃ ᠨᠢᠭᠡ᠎ᠡᠴᠡ ᠨᠦᠬᠦᠬᠡ᠎ᠶ᠋ᠢ ᠵᠦᠢᠴᠢᠯᠡᠨ ᠮᠡᠳᠡᠵᠤ ᠴᠡᠭ᠌ᠴᠡᠯᠡᠨ ᠰᠠᠢᠵᠢᠷᠠᠭᠤᠯᠬᠤ᠎ᠶ᠋ᠢ ᠠᠳᠭᠤᠵᠤ᠂ ᠤᠢ ᠱᠢᠭᠤᠢ ᠨᠤᠲᠤᠭ ᠪᠡᠯᠴᠢᠭᠡᠷ᠎ᠢ ᠡᠪᠳᠡᠨ ᠰᠦᠢᠳᠭᠡᠭᠰᠡᠨ᠂ ᠬᠡᠲᠦᠷᠡᠲᠡᠯ᠎ᠡ ᠮᠠᠯᠲᠠᠵᠤ ᠬᠡᠲᠦᠷᠡᠲᠡᠯ᠎ᠡ ᠭᠠᠳᠠᠭᠰᠢᠯᠠᠭᠤᠯᠬᠤ ᠵᠡᠷᠭᠡ ᠵᠠᠰᠠᠬᠤ ᠳ᠋ᠤ ᠪᠡᠷᠬᠡ ᠲᠠᠢ᠂ ᠲᠠᠬᠢᠨ ᠳᠠᠪᠲᠠᠬᠤ ᠴᠢᠨᠠᠷᠲᠠᠶ ᠠᠮᠢ ᠠᠬᠤᠢ ᠣᠷᠴᠢᠨ ᠲᠣᠭᠣᠷᠢᠨ᠎ᠤ ᠲᠤᠪᠤᠢ᠌ᠮ᠎ᠠ ᠠᠰᠠᠭᠤᠳᠠᠯ᠎ᠤᠨ ᠭᠡᠮ ᠰᠤᠭᠤᠭ᠎ᠢ ᠭᠦᠨᠵᠡᠭᠡᠢ ᠠᠭᠤᠳᠠᠯᠵᠤ᠂ ᠦᠩᠬᠡᠨ ᠲᠠᠯ᠎ᠠ ᠪᠠ ᠦᠨᠳᠦᠰᠦᠰᠤᠷᠪᠤᠯᠵᠢ ᠵᠢ ᠨᠢ ᠵᠡᠷᠭᠡ ᠪᠡᠷ ᠵᠠᠰᠠᠵᠤ᠂ ᠨᠢᠭᠡ ᠦᠵᠡᠭ᠌ᠳᠡᠯ᠎ᠢ ᠴᠡᠭ᠌ᠴᠡᠯᠡᠨ ᠰᠠᠢᠵᠢᠷᠠᠭᠤᠯᠪᠠᠯ ᠨᠢᠭᠡ ᠲᠦᠷᠦᠯ᠎ᠦᠨ ᠠᠰᠠᠭᠤᠳᠠᠯ᠎ᠢ ᠦᠨᠳᠦᠰᠦᠨ᠎ᠡᠴᠡ ᠨᠢ ᠵᠠᠰᠠᠬᠤ ᠵᠢ ᠪᠡᠶᠡᠯᠡᠭᠦᠯᠬᠦ ᠬᠡᠷᠡᠭ᠌ᠲᠡᠢ᠃ ᠨᠢᠭᠡᠳᠦᠯᠲᠡᠶ ᠲᠥᠯᠥᠪᠵᠢᠭᠦᠯᠵᠦ ᠴᠡᠭ᠌ᠴᠡᠯᠡᠨ ᠰᠠᠢᠵᠢᠷᠠᠭᠤᠯᠬᠤ᠎ᠶ᠋ᠢ ᠠᠳᠭᠤᠵᠤ᠂ ᠡᠯ᠎ᠡ ᠲᠥᠷᠥᠯ᠎ᠦᠨ ᠬᠢᠨᠠᠨ ᠪᠠᠢᠴᠠᠭᠠᠯᠲᠠ ᠪᠠ ᠪᠠᠢᠴᠠᠭᠠᠯᠲᠠ ᠡᠴᠡ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃