ᠪᠦᠬᠦ ᠣᠷᠣᠨ᠎ᠤ ᠠᠶᠤᠯᠭᠦᠢ ᠦᠢᠯᠡᠳᠪᠦᠷᠢᠯᠡᠯ ᠵᠢᠴᠢ ᠦᠶᠡᠷ᠎ᠢ ᠰᠡᠷᠭᠡᠢᠯᠡᠵᠦ ᠭᠠᠩ ᠬᠠᠭᠰᠠᠷᠠᠭᠠᠨ᠎ᠲᠠᠢ ᠲᠡᠮᠡᠴᠡᠬᠦ ᠠᠵᠢᠯ᠎ᠤᠨ ᠸᠢᠳᠢᠤ᠋ ᠬᠤᠷᠠᠯ ᠬᠤᠷᠠᠯᠳᠤᠵᠡᠢ
2026-05-10 12:19:20
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

ᠪᠤᠤ ᠭᠠᠩ ᠪᠠᠢᠷᠢᠯᠠᠭᠤᠯᠤᠯᠲᠠ ᠬᠢᠪᠡ


5 ᠰᠠᠷ᠎ᠠ᠎ᠶᠢᠨ 9᠎ᠤ᠋ ᠡᠳᠦᠷ᠂ ᠪᠥᠬᠥ ᠣᠷᠣᠨ᠎ᠤ ᠠᠶᠤᠯᠭᠦᠢ ᠦᠢᠯᠡᠳᠪᠦᠷᠢᠯᠡᠯ ᠵᠢᠴᠢ ᠦᠶᠡᠷ᠎ᠢ ᠰᠡᠷᠭᠡᠢᠯᠡᠵᠤ ᠭᠠᠩ ᠬᠠᠭᠰᠠᠷᠠᠭᠠᠨ᠎ᠲᠠᠢ ᠲᠡᠮᠡᠴᠡᠬᠦ ᠠᠵᠢᠯ᠎ᠤᠨ ᠸᠢᠳᠢᠤ᠋ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠠᠶᠤᠯᠭᠦᠢ ᠦᠢᠯᠡᠳᠪᠦᠷᠢᠯᠡᠯ ᠪᠠ ᠭᠠᠮᠰᠢᠭ᠋᠎ᠢ ᠰᠡᠷᠭᠡᠢᠯᠡᠨ ᠭᠠᠮᠰᠢᠭ᠋᠎ᠢ ᠪᠠᠭᠠᠰᠬᠠᠵᠤ ᠭᠠᠮᠰᠢᠭ᠋᠎ᠡᠴᠡ ᠠᠪᠤᠷᠠᠬᠤ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠲᠤᠭᠤᠰᠢᠯᠠᠭᠤᠯᠵᠤ᠂ ᠲᠥᠷᠥ᠎ᠶᠢᠨ ᠶᠠᠪᠤᠳᠠᠯ᠎ᠤᠨ ᠬᠣᠷᠢᠶ᠎ᠡ ᠵᠢᠨ ᠠᠶᠤᠯᠭᠦᠢ ᠦᠢᠯᠡᠳᠪᠦᠷᠢᠯᠡᠯ᠎ᠦᠨ ᠵᠥᠪᠯᠡᠯ᠎ᠦᠨ ᠠᠯᠪᠠᠨ ᠭᠡᠷ᠂ ᠤᠯᠤᠰ᠎ᠤᠨ ᠦᠶᠡᠷ᠎ᠢ ᠰᠡᠷᠭᠡᠢᠯᠡᠵᠤ ᠭᠠᠩ ᠬᠠᠭᠰᠠᠷᠠᠭᠠᠨ᠎ᠲᠠᠢ ᠲᠡᠮᠡᠴᠡᠬᠦ ᠶᠡᠷᠦᠨᠭᠬᠡᠢ ᠵᠢᠯᠤᠭᠤᠳᠬᠤ ᠬᠡᠯᠲᠡᠰ᠎ᠤᠨ ᠠᠯᠪᠠᠨ ᠭᠡᠷ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠵᠢᠯ᠎ᠤᠨ ᠱᠠᠭᠠᠷᠳᠠᠯᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠪᠠ᠃

ᠬᠤᠷᠠᠯ᠎ᠡᠴᠡ᠂ ᠳᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠭᠣᠣᠯᠳᠠᠯᠭ᠎ᠠ᠎ᠲᠠᠢ ᠬᠦᠷᠢᠶᠡᠨ᠎ᠦ ᠠᠶᠤᠯᠭᠦᠢ ᠦᠢᠯᠡᠳᠪᠦᠷᠢᠯᠡᠯ᠎ᠢ ᠰᠠᠢᠲᠤᠷ ᠠᠳᠬᠤᠬᠤ ᠬᠡᠷᠡᠭᠲᠡᠢ᠃ ᠨᠢᠭᠡ᠎ᠳᠦ᠂ ᠬᠤᠸᠠᠷ ᠫᠤᠤᠵᠢᠩ ᠦᠢᠯᠡᠳᠪᠦᠷᠢᠯᠡᠵᠤ ᠪᠤᠷᠤᠯᠠᠭᠤᠯᠬᠤ  ᠬᠦᠷᠢᠶ᠎ᠠ ᠴᠠᠷᠠᠭ᠎ᠠ᠎ᠳᠦ ᠰᠦᠷ ᠬᠦᠴᠦᠲᠤ ᠪᠠᠢᠳᠠᠯ᠎ᠢ ᠪᠠᠲᠤᠯᠠᠬᠤ᠎ᠪᠠᠷ ᠭᠣᠣᠯᠳᠠᠯᠭ᠎ᠠ ᠪᠣᠯᠭᠠᠵᠤ ᠂ ᠦᠢᠯᠡᠳᠪᠦᠷᠢᠯᠡᠬᠦ᠂ ᠲᠡᠭᠡᠭᠡᠪᠦᠷᠢᠯᠡᠬᠦ᠂ ᠬᠠᠳᠠᠭᠠᠯᠠᠬᠤ᠂ ᠪᠣᠷᠣᠯᠠᠭᠤᠯᠬᠤ᠂ ᠬᠠᠳᠠᠭᠠᠯᠠᠨ ᠲᠠᠯᠪᠢᠬᠤ ᠵᠡᠷᠭᠡ ᠪᠥᠬᠥ ᠬᠡᠯᠬᠢᠶ᠎ᠡ᠎ᠶᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ᠎ᠶᠢ ᠥᠷᠨᠢᠭᠦᠯᠵᠦ᠂ ᠬᠠᠤᠯᠢ ᠪᠤᠰᠤ ᠬᠠᠤᠯᠢ᠎ᠡᠴᠡ ᠵᠥᠷᠢᠴᠡᠭᠰᠡᠨ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠬᠣᠶᠠᠷ᠎ᠲᠤ᠂ ᠵᠠᠮ ᠱᠤᠭᠤᠮ ᠵᠠᠮ ᠬᠠᠷᠢᠯᠴᠠᠭᠠᠨ᠎ᠤ ᠬᠦᠷᠢᠶᠡᠨ᠎ᠳᠦ ᠴᠡᠭᠴᠡᠯᠡᠨ ᠵᠠᠰᠠᠬᠰᠠᠨ ᠦᠷ᠎ᠡ ᠪᠦᠲᠦᠭᠡᠯ᠎ᠢ ᠥᠷᠭᠡᠳᠬᠡᠬᠦ᠎ᠪᠡᠷ ᠭᠣᠣᠯᠳᠠᠯᠭ᠎ᠠ ᠪᠣᠯᠭᠠᠵᠤ᠂ 《ᠠᠶᠤᠯᠲᠠᠢ᠎ᠬᠢᠮᠢ ᠵᠢᠨ ᠪᠤᠳᠠᠰ ᠬᠤᠸᠠᠷ ᠫᠤᠤᠵᠢᠩ ᠲᠡᠭᠡᠭᠡᠪᠦᠷᠢᠯᠡᠳᠡᠭ ᠮᠠᠰᠢᠨ ᠲᠡᠷᠭᠡ ᠠᠶᠠᠨᠴᠢᠨ᠎ᠤ ᠮᠠᠰᠢᠨ ᠲᠡᠷᠭᠡ ᠪᠠᠷᠠᠭᠠᠨ᠎ᠤ ᠮᠠᠰᠢᠨ ᠲᠡᠷᠭᠡ ᠮᠤᠬᠤᠯᠠᠭ ᠲᠡᠷᠭᠡ 》 ᠵᠡᠷᠭᠡ ᠲᠡᠷᠭᠡ ᠬᠥᠰᠬᠡ ᠪᠣᠯᠣᠨ ᠠᠶᠤᠯᠲᠠᠢ ᠵᠠᠮ᠎ᠤᠨ ᠬᠡᠰᠡᠭ᠎ᠢ ᠴᠢᠩᠭ᠎ᠠ ᠠᠩᠬᠠᠷᠴᠤ᠂ ᠦᠨᠡᠮᠯᠡᠯ ᠭᠡᠷᠡᠴᠢ ᠦᠭᠡᠢ᠎ᠪᠡᠷ ᠡᠵᠡᠩᠨᠡᠬᠦ᠂ 《ᠬᠤᠷᠳᠤᠴᠠ ᠬᠡᠲᠦᠷᠡᠬᠦ ᠠᠶᠠᠨᠴᠢᠨ ᠰᠠᠭᠤᠯᠭᠠᠬᠤ ᠬᠡᠮᠵᠢᠶ᠎ᠠ ᠡᠴᠡ ᠬᠡᠳᠦᠷᠡᠬᠦᠯᠬᠦ ᠠᠴᠢᠶ᠎ᠠ ᠵᠢ ᠲᠠᠭᠠᠭᠠᠴᠠ ᠡᠴᠡ ᠬᠡᠲᠦᠷᠡᠬᠦᠯᠬᠦ ᠪᠠ ᠶᠠᠳᠠᠷᠠᠵᠤ ᠲᠡᠷᠭᠡ ᠵᠢᠯᠤᠭᠤᠳᠬᠤ》ᠵᠡᠷᠭᠡ ᠠᠵᠢᠯᠯᠠᠭ᠎ᠠ᠎ᠶᠢ ᠭᠣᠣᠯᠳᠠᠯᠭ᠎ᠠ᠎ᠲᠠᠢ ᠵᠠᠰᠠᠬᠤ ᠬᠡᠷᠡᠭᠲᠡᠢ᠃ ᠭᠤᠷᠪᠠ᠎ᠳᠤ᠂ ᠠᠵᠤ ᠦᠢᠯᠡᠳᠪᠦᠷᠢ ᠠᠷᠠᠯᠵᠢᠶᠠᠨ᠎ᠤ ᠬᠦᠷᠢᠶᠡᠨ᠎ᠳᠦ ᠶᠣᠰᠣ᠌ ᠳᠦᠷᠢᠮ᠎ᠢ ᠴᠢᠨᠭᠭᠠᠯᠠᠬᠤ ᠪᠡᠷ᠎ᠭᠣᠣᠯᠳᠠᠯᠭ᠎ᠠ ᠪᠤᠯᠭᠠᠵᠤ᠂ ᠬᠢᠵᠠᠭᠠᠷ᠎ᠲᠠᠢ ᠣᠷᠣᠨ ᠵᠠᠢ᠂ ᠲᠣᠭᠣᠰᠣ᠌ ᠰᠢᠷᠣᠢ ᠲᠡᠢ ᠬᠤᠯᠪᠤᠭᠳᠠᠬᠤ ᠳᠡᠯᠪᠡᠷᠡᠯᠲᠡ᠂ ᠲᠡᠮᠦᠷᠯᠢᠭ ᠬᠠᠢᠯᠤᠭᠤᠯᠬᠤ ᠵᠡᠷᠭᠡ ᠦᠨᠳᠦᠷ ᠠᠶᠤᠯ ᠲᠦᠭᠰᠢᠭᠦᠷᠢᠳᠠᠢ ᠭᠣᠭᠴᠣᠭ᠎ᠠ᠎ᠶᠢ ᠴᠢᠩᠭ᠎ᠠ ᠠᠩᠬᠠᠷᠴᠤ᠂ ᠠᠮᠤᠷ ᠲᠦᠪᠰᠢᠨ᠎ᠦ ᠳᠦᠷᠢᠮ᠎ᠢ ᠠᠵᠢᠯ᠎ᠤᠨ ᠪᠠᠢᠷᠢ ᠪᠠ ᠬᠥᠮᠥᠨ ᠨᠢᠬᠡ ᠪᠦᠷᠢ᠎ᠳᠦ ᠬᠦᠷᠲᠡᠯ᠎ᠡ ᠨᠠᠢᠳᠠᠪᠤᠷᠢᠵᠢᠭᠤᠯᠬᠤ᠎ᠶᠢ ᠪᠠᠲᠤᠯᠠᠬᠤ ᠬᠡᠷᠡᠭᠲᠡᠢ᠃ ᠳᠥᠷᠪᠡ᠎ᠳᠦ᠂ ᠬᠢᠮᠢ᠎ᠶᠢᠨ ᠠᠵᠤ ᠦᠢᠯᠡᠳᠪᠦᠷᠢ ᠵᠢᠴᠢ ᠠᠶᠤᠯᠲᠠᠢ ᠬᠢᠮᠢ᠎ᠶᠢᠨ ᠪᠣᠳᠠᠰ᠎ᠤᠨ ᠬᠦᠷᠢᠶᠡᠨ᠎ᠳᠦ ᠠᠶᠤᠯ ᠲᠦᠭᠰᠢᠭᠦᠷᠢ ᠵᠢ ᠱᠠᠯᠠᠪᠳᠠᠨ ᠠᠷᠢᠯᠭᠠᠬᠤ᠎ᠪᠡᠷ ᠭᠣᠣᠯᠳᠠᠯᠭ᠎ᠠ ᠪᠣᠯᠭᠠᠵᠤ᠂ ᠤᠳᠠᠵᠤ ᠬᠠᠭᠤᠴᠢᠷᠠᠭᠰᠠᠨ ᠲᠣᠨᠣᠭᠯᠠᠯ᠎ᠤᠨ ᠭᠡᠮ ᠰᠣᠭᠣᠭ᠎ᠢ ᠪᠦᠬᠦ ᠲᠠᠯ᠎ᠠ᠎ᠪᠠᠷ ᠪᠠᠢᠴᠠᠭᠠᠵᠤ᠂ ᠬᠦᠨᠳᠦ ᠶᠡᠬᠡ ᠠᠶᠤᠯ᠎ᠤᠨ ᠡᠬᠢ ᠡᠭᠦᠰᠦᠯ᠎ᠢ ᠬᠠᠮᠢᠶᠠᠷᠤᠨ ᠡᠵᠡᠮᠳᠡᠬᠦ ᠬᠡᠷᠡᠭᠲᠡᠢ᠃ ᠲᠠᠪᠤ᠎ᠳᠤ᠂ ᠪᠠᠷᠢᠯᠭ᠎ᠠ᠎ᠶᠢᠨ ᠠᠵᠢᠯ᠎ᠤᠨ ᠬᠦᠷᠢᠶᠡᠨ᠎ᠳᠦ ᠪᠠᠷᠢᠮᠵᠢᠶ᠎ᠠ᠎ᠶᠢ ᠰᠠᠢᠲᠤᠷ ᠲᠣᠭᠲᠠᠭᠠᠬᠤ᠎ᠪᠠᠷ ᠭᠣᠣᠯᠳᠠᠯᠭ᠎ᠠ ᠪᠣᠯᠭᠠᠵᠤ᠂ ᠰᠣᠬᠣᠷ ᠪᠠᠯᠠᠢ᠎ᠪᠠᠷ ᠪᠠᠷᠢᠯᠭ᠎ᠠ ᠪᠠᠷᠢᠬᠤ᠂ ᠳᠦᠷᠢᠮ᠎ᠡᠴᠡ ᠵᠥᠷᠢᠴᠡᠨ ᠠᠵᠢᠯᠯᠠᠬᠤ ᠵᠡᠷᠭᠡ ᠠᠰᠠᠭᠤᠳᠠᠯ᠎ᠢ ᠡᠷᠡᠰ ᠵᠠᠯᠠᠷᠠᠭᠤᠯᠤᠨ ᠵᠠᠰᠠᠬᠤ ᠬᠡᠷᠡᠭᠲᠡᠢ᠃ ᠵᠢᠷᠭᠤᠭ᠎ᠠ᠎ᠳᠤ᠂ ᠭᠠᠯ ᠰᠡᠷᠭᠡᠢᠯᠡᠵᠤ ᠭᠠᠯ ᠤᠨᠲᠠᠷᠠᠭᠠᠬᠤ ᠬᠦᠷᠢᠶᠡᠨ᠎ᠳᠦ ᠡᠷᠬᠡ ᠬᠠᠷᠢᠭᠤᠴᠠᠯᠭ᠎ᠠ᠎ᠶᠢ ᠲᠣᠳᠣᠷᠬᠠᠢᠯᠠᠬᠤ᠎ᠪᠠᠷ ᠭᠣᠣᠯᠳᠠᠯᠭ᠎ᠠ ᠪᠣᠯᠭᠠᠵᠤ᠂ ᠥᠨᠳᠥᠷ ᠪᠠᠷᠢᠯᠭ᠎ᠠ᠂ 《ᠶᠢᠰᠦᠨ ᠵᠢᠵᠢᠭ ᠲᠠᠯᠠᠪᠤᠷ ᠭᠠᠵᠠᠷ》 ᠵᠡᠷᠭᠡ ᠠᠶᠤᠯ ᠲᠦᠭᠰᠢᠭᠦᠷᠢ᠎ᠶᠢᠨ ᠬᠡᠮ ᠰᠣᠭᠣᠭ᠎ᠢ ᠴᠢᠩᠭ᠎ᠠ ᠪᠠᠢᠴᠠᠭᠠᠵᠤ᠂ ᠭᠠᠯ ᠬᠡᠷᠡᠭᠯᠡᠵᠤ ᠠᠵᠢᠯᠯᠠᠬᠤ᠎ᠵᠢ ᠵᠢᠷᠤᠮᠵᠢᠭᠤᠯᠵᠤ᠂ ᠠᠶᠤᠯ ᠡᠴᠡ ᠵᠠᠢᠯᠠᠬᠤ ᠵᠠᠮ᠎ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠃ ᠲᠤᠯᠤᠭ᠎ᠠ᠎ᠳᠤ᠂ ᠠᠭᠤᠷᠬᠠᠢ᠎ᠶᠢᠨ ᠬᠦᠷᠢᠶᠡᠨ᠎ᠳᠦ ᠤᠨᠢᠨ ᠳᠡᠭᠡᠷ᠎ᠡ ᠨᠢ ᠲᠦᠭᠰᠢᠬᠦᠷᠢ ᠵᠢᠨ ᠭᠡᠮ ᠰᠤᠭᠤᠭ᠎ᠢ ᠠᠷᠢᠯᠭᠠᠬᠤ᠎ᠪᠠᠷ ᠭᠣᠣᠯᠳᠠᠯᠭ᠎ᠠ ᠪᠣᠯᠭᠠᠵᠤ᠂ ᠦᠯᠡᠳᠡᠭᠳᠡᠯ ᠠᠭᠤᠷᠬᠠᠢ᠂ ᠮᠠᠯᠲᠠᠵᠤ ᠬᠥᠨᠳᠡᠢᠷᠡᠭᠦᠯᠦᠭᠰᠡᠨ ᠣᠷᠣᠨ᠎ᠤ ᠠᠮᠤᠷ ᠲᠦᠪᠰᠢᠨ᠎ᠦ ᠬᠠᠮᠢᠶᠠᠷᠤᠯᠲᠠ᠎ᠶᠢ ᠴᠢᠩᠭᠠᠳᠬᠠᠵᠤ᠂ ᠬᠠᠮᠢᠶᠠᠷᠤᠯᠲᠠ ᠰᠤᠯᠠᠷᠠᠵᠤ ᠠᠯᠳᠠᠭᠳᠠᠯ ᠭᠠᠷᠬᠤ ᠡᠴᠡ ᠰᠡᠷᠭᠡᠢᠯᠡᠬᠦ ᠬᠡᠷᠡᠭᠲᠡᠢ ᠭᠡᠵᠤ ᠱᠠᠭᠠᠷᠳᠠᠪᠠ᠃

ᠬᠤᠷᠠᠯ᠎ᠡᠴᠡ᠂ ᠦᠶᠡᠷ᠎ᠢ ᠰᠡᠷᠭᠡᠢᠯᠡᠵᠦ ᠭᠠᠩ ᠬᠠᠭᠰᠠᠷᠠᠭᠠᠨ᠎ᠲᠠᠢ ᠲᠡᠮᠡᠴᠡᠬᠦ ᠠᠵᠢᠯ᠎ᠢ ᠤᠷᠢᠳᠴᠢᠯᠠᠨ ᠤᠬᠠᠭᠠᠯᠠᠨ ᠲᠥᠯᠥᠪᠯᠡᠵᠦ᠂ ᠦᠶᠡᠷ᠎ᠢ ᠲᠣᠭᠲᠠᠭᠠᠨ ᠬᠠᠰᠢᠬᠤ ᠣᠷᠣᠨ᠂ ᠭᠤᠤᠯ ᠳᠠᠭᠠᠤ ᠲᠣᠰᠬᠣᠨ ᠪᠠᠯᠭᠠᠰᠤ᠂ ᠡᠮᠵᠡᠭ ᠠᠶᠤᠯᠲᠠᠢ ᠤᠰᠤᠨ ᠴᠥᠭᠥᠷᠥᠮ ᠵᠡᠷᠭᠡ ᠴᠡᠭ ᠪᠠᠢᠷᠢ᠎ᠶᠢᠨ ᠭᠡᠮ ᠰᠣᠭᠣᠭ᠎ᠢ ᠵᠢᠭᠰᠠᠭᠠᠨ ᠪᠠᠢᠴᠠᠭᠠᠵᠤ᠂ ᠭᠣᠣᠯ ᠮᠥᠷᠡᠨ ᠨᠠᠭᠤᠷ ᠴᠥᠭᠥᠷᠥᠮ᠎ᠦᠨ ᠤᠰᠤ ᠵᠢ ᠵᠠᠯᠠᠬᠤ᠂ ᠴᠢᠭᠢᠭ᠎ᠦᠨ ᠪᠠᠢᠳᠠᠯ᠎ᠢ ᠬᠢᠨᠠᠨ ᠬᠡᠮᠵᠢᠬᠦ ᠵᠡᠷᠭᠡ ᠭᠠᠩ ᠬᠠᠭᠰᠠᠷᠠᠭᠠᠨ᠎ᠲᠠᠢ ᠲᠡᠮᠡᠴᠡᠬᠦ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠬᠤ ᠬᠡᠷᠡᠭᠲᠡᠢ᠃ ᠳᠠᠭᠠᠭᠤᠯᠢ ᠤᠳᠤᠨ᠎ᠤ ᠠᠯᠤᠰ ᠰᠡᠷᠡᠯ ᠵᠡᠷᠭᠡ ᠮᠡᠷᠭᠡᠵᠢᠯ᠎ᠦᠨ ᠰᠡᠷᠭᠡᠢᠯᠡᠯᠲᠡ᠎ᠶᠢᠨ ᠠᠷᠭ᠎ᠠ ᠪᠠᠷᠢᠯ᠎ᠢ ᠰᠠᠢᠲᠤᠷ ᠬᠡᠷᠡᠭᠯᠡᠵᠦ᠂ ᠭᠠᠮᠰᠢᠭ᠋᠎ᠤᠨ ᠡᠮᠦᠨ᠎ᠡ ᠤᠷᠢᠳᠴᠢᠯᠠᠨ ᠰᠡᠷᠡᠮᠵᠢᠯᠡᠭᠦᠯᠬᠦ᠂ ᠨᠡᠭᠦᠯᠭᠡᠨ ᠰᠢᠯᠵᠢᠭᠦᠯᠵᠤ ᠠᠶᠤᠯ᠎ᠡᠴᠡ ᠵᠠᠢᠯᠠᠭᠤᠯᠬᠤ ᠵᠡᠷᠭᠡ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠵᠤ᠂ ᠦᠳᠳᠡᠷ ᠲᠦᠷᠭᠡᠨ ᠴᠤᠤᠷᠢᠶᠠᠲᠤᠨ ᠲᠤᠰᠬᠠᠯ ᠭᠠᠷᠬᠤ᠂ ᠲᠤᠭᠤᠰᠢᠳᠠᠢ ᠰᠢᠢᠳᠪᠦᠷᠢᠯᠡᠬᠦ᠎ᠶᠢ ᠪᠡᠶᠡᠯᠡᠭᠦᠯᠬᠦ ᠬᠡᠷᠡᠭᠲᠡᠢ᠃ ᠭᠠᠮᠰᠢᠭ᠋᠎ᠢ ᠰᠡᠷᠭᠡᠢᠯᠡᠬᠦ ᠤᠬᠠᠭᠤᠯᠭ᠎ᠠ ᠪᠠ ᠪᠠᠴᠢᠮ ᠪᠠᠢᠳᠠᠯ᠎ᠢ ᠠᠷᠭᠠᠴᠠᠭᠠᠬᠤ ᠰᠣᠷᠢᠯᠲᠠ᠎ᠶᠢ ᠥᠷᠨᠢᠭᠦᠯᠵᠦ᠂ ᠡᠳ᠋ ᠪᠣᠳᠠᠰ᠎ᠤᠨ ᠨᠥᠭᠡᠴᠡᠯᠠᠯᠳᠠ ᠪᠠ ᠠᠵᠢᠯᠲᠠᠨ᠎ᠤ ᠪᠡᠯᠡᠳᠬᠡᠯ᠎ᠢ ᠴᠢᠩᠭᠠᠳᠬᠠᠵᠤ᠂ ᠤᠯᠠᠨ ᠲᠦᠮᠡᠨ᠎ᠦ ᠠᠶᠤᠯ᠎ᠡᠴᠡ ᠵᠠᠢᠯᠠᠬᠤ ᠴᠢᠳᠠᠪᠤᠷᠢ᠎ᠶᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃

ᠴᠢ᠊ ᠪᠠᠲᠤ ᠬᠤᠷᠠᠯ᠎ᠢ ᠡᠷᠬᠢᠯᠡᠵᠦ᠂ ᠳᠠᠢ᠍ᠢᠴᠢᠨ᠂ ᠲᠠᠩ ᠢ᠂ ᠶᠠᠩ ᠭᠦᠸᠧ ᠠᠨ᠂ ᠵᠠᠩ ᠵᠢᠶᠦ᠋ᠨ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号