ᠵᠠᠩ ᠶᠠᠨ ᠺᠦᠨ ᠬᠤᠷᠠᠯ ᠢ ᠡᠷᠭᠢᠯᠡᠵᠡᠢ
5 ᠰᠠᠷ᠎ᠠ᠎ᠶ᠋ᠢᠨ 9 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ 76 ᠳ᠋ᠤᠭᠠᠷ ᠤᠳᠠᠭ᠎ᠠ᠎ᠶ᠋ᠢᠨ ᠲᠡᠷᠢᠭᠦᠯᠡᠭ᠌ᠴᠢᠳ᠎ᠦᠨ ᠬᠤᠷᠠᠯ ᠬᠤᠷᠠᠯᠳᠤᠭᠤᠯᠪᠠ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠬᠤᠷᠠᠯ᠎ᠢ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠯᠦᠸᠧ ᡁᠢ ᠬᠤ᠌᠂ ᠴᠡᠴᠡᠭ᠂ ᠸᠧᠶ ᠭᠦᠸᠧ ᠨᠠᠨ᠂ ᠠᠨ ᠷᠦᠨ ᠱᠧᠩ᠂ ᠶᠤᠤ ᠶᠦᠩ ᠪᠥᠸᠧ᠂ ᠵᠠᠩ ᠯᠸᠢ᠂ ᠢᠦᠶ ᠷᠧᠨ ᠵᠢᠶᠧ ᠵᠢᠴᠢ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠶ᠃
ᠬᠤᠷᠠᠯ ᠡᠴᠡ 《ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠥᠪᠥᠷ ᠮᠣᠩᠭᠣᠯ᠎ᠤᠨ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠣᠭᠣᠷᠢᠨ᠎ᠳᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠢ ᠬᠡᠷᠡᠭᠵᠢᠬᠦᠯᠦᠨ ᠥᠷᠨᠢᠭᠦᠯᠬᠦ᠌ ᠲᠥᠯᠥᠪᠯᠡᠭᠡ》 ᠪᠣᠯᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠲᠠᠪᠤᠳᠤᠭᠠᠷ ᠬᠤᠭᠤᠴᠠᠭᠠᠨ᠎ᠤ ᠭᠡᠱᠢᠭᠦᠳ᠎ᠦᠨ ᠲᠤᠰᠭᠠᠢ ᠰᠡᠳᠦᠪᠲᠦ ᠪᠣᠯᠪᠠᠰᠤᠷᠠᠯ᠎ᠤᠨ ᠠᠩᠬᠢ᠎ᠶ᠋ᠢᠨ ᠲᠥᠰᠦᠯ᠎ᠢ ᠬᠢᠨᠠᠨ ᠵᠥᠪᠯᠡᠵᠦ᠍ ᠪᠠᠲᠤᠯᠠᠪᠠ᠃
ᠬᠤᠷᠠᠯ ᠡᠴᠡ᠂ ᠬᠠᠷᠢᠭᠤᠴᠠᠯᠭ᠎ᠠ ᠡᠭᠦᠷᠭᠡᠯᠡᠨ᠂ ᠨᠢᠭᠡᠳᠦᠯᠲᠡᠢ ᠲᠥᠯᠥᠪᠵᠢᠭᠦᠯᠬᠦ᠌᠎ᠪᠡᠨ ᠴᠢᠩᠭᠠᠳᠭᠠᠵᠤ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠡᠳᠦᠷ ᠲᠤᠳᠤᠮ᠎ᠤᠨ ᠵᠥᠪᠯᠡᠯᠭᠡ ᠬᠢᠵᠦ᠍ ᠪᠠᠢᠴᠠᠭᠠᠨ ᠰᠤᠳᠤᠯᠬᠤ᠂ ᠪᠠᠢᠴᠠᠭᠠᠨ ᠦᠵᠡᠵᠦ᠍ ᠱᠢᠨᠵᠢᠯᠡᠨ ᠪᠠᠢᠴᠠᠭᠠᠬᠤ᠂ ᠰᠠᠨᠠᠯ ᠳᠤᠷᠠᠳᠤᠯᠭ᠎ᠠ᠎ᠶ᠋ᠢ ᠱᠠᠯᠠᠪᠳᠠᠭᠤᠯᠤᠨ ᠭᠦᠢᠴᠡᠳᠭᠡᠯᠬᠡᠬᠦ᠌᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢᠨ ᠮᠡᠳᠡᠭᠡ ᠵᠠᠩᠭᠢ᠎ᠶ᠋ᠢ ᠲᠤᠰᠭᠠᠬᠤ ᠵᠡᠷᠭᠡ ᠡᠯ᠎ᠡ ᠵᠦᠢᠯ᠎ᠦᠨ ᠪᠠᠢᠩᠭᠤ᠎ᠶ᠋ᠢᠨ ᠴᠢᠨᠠᠷᠲᠠᠢ ᠲᠤᠱᠢᠶᠠᠯ᠎ᠢᠶᠠᠨ ᠭᠦᠢᠴᠡᠳᠭᠡᠬᠦ᠌ ᠠᠵᠢᠯ ᠤᠨ ᠲᠤᠮᠳᠠ ᠠᠭᠤᠰᠤᠯᠴᠠᠭᠤᠯᠵᠦ᠍᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠤᠨ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢ ᠤᠷᠤᠭ᠍ᠰᠢᠲᠠᠢ ᠬᠡᠷᠡᠭ᠌ᠵᠢᠭᠦᠯᠬᠦ᠌᠎ᠳᠦ ᠤᠯᠤᠰ ᠲᠦᠷᠦ᠍᠎ᠶ᠋ᠢᠨ ᠵᠥᠪᠯᠡᠯᠭᠡᠨ᠎ᠦ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠦ᠍ ᠳᠤᠷᠠᠳᠪᠠ᠃