ᠣᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ 《ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠬᠢᠨᠠᠨ ᠱᠢᠯᠭᠠᠬᠤ ᠠᠷᠭ᠎ᠠ》 ᠶ᠋ᠢ ᠳᠠᠷᠤᠮᠠᠯᠯᠠᠨ ᠲᠠᠷᠬᠠᠭᠠᠭ᠍ᠰᠠᠨ ᠪᠥᠭᠡᠳ ᠮᠡᠳᠡᠭ᠌ᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠬᠢᠨ ᠨᠠᠷᠢᠨ ᠬᠢᠨᠠᠮᠠᠭᠠᠶ ᠵᠢᠷᠤᠮᠯᠠᠨ ᠬᠡᠷᠡᠭ᠌ᠵᠢᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃
《ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠬᠢᠨᠠᠨ ᠱᠢᠯᠭᠠᠬᠤ ᠠᠷᠭ᠎ᠠ》 ᠶ᠋ᠢᠨ ᠪᠥᠬᠥ᠌ ᠠᠭᠤᠯᠭ᠎ᠠ᠎ᠨᠢ ᠳᠤᠤᠷᠠᠬᠢ ᠮᠡᠲᠦ᠃
ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠬᠢᠨᠠᠨ ᠱᠢᠯᠭᠠᠬᠤ ᠠᠷᠭ᠎ᠠ
(2026 ᠣᠨ᠎ᠤ 3 ᠰᠠᠷ᠎ᠠ᠎ᠶ᠋ᠢᠨ 19 ᠤ᠋ ᠡᠳᠦᠷ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠬᠤᠷᠢᠶ᠎ᠠ ᠵᠢᠨ ᠬᠤᠷᠠᠯ᠎ᠡᠴᠡ ᠬᠢᠨᠠᠨ ᠵᠥᠪᠯᠡᠵᠦ᠍ ᠵᠥᠪᠱᠢᠶᠡᠷᠡᠪᠡ 2026 ᠣᠨ᠎ᠤ 4 ᠰᠠᠷ᠎ᠠ᠎ᠶ᠋ᠢᠨ 25 ᠤ᠋ ᠡᠳᠦᠷ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ ᠡᠴᠡ ᠨᠡᠢᠲᠡᠯᠡᠪᠡ)
ᠨᠢᠭᠡᠳᠦᠭᠡᠷ ᠵᠦᠶ᠋ᠯ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠠᠬᠢᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ᠎ᠢ ᠪᠥᠬᠥ᠌ ᠲᠠᠯ᠎ᠠ᠎ᠪᠠᠷ ᠰᠠᠢᠵᠢᠷᠠᠭᠤᠯᠬᠤ᠂ ᠦᠨᠳᠦᠰᠦᠨ᠎ᠡᠴᠡ᠎ᠨᠢ ᠰᠠᠢᠵᠢᠷᠠᠭᠤᠯᠬᠤ᠎ᠶ᠋ᠢ ᠪᠡᠶᠡᠯᠡᠭᠦᠯᠵᠦ᠍᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠲᠦᠪᠱᠢᠨ᠎ᠢ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠬᠠᠷᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠲᠡᠶ ᠵᠣᠬᠢᠴᠠᠭᠤᠯᠬᠤ᠎ᠶ᠋ᠢᠨ ᠲᠥᠯᠥᠭᠡ᠂ 《ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠰᠠᠨᠠᠯ》 ᠪᠣᠯᠤᠨ ᠬᠣᠯᠪᠣᠭ᠍ᠳᠠᠯ ᠪᠥᠬᠥᠶ ᠲᠣᠭ᠍ᠲᠠᠭᠠᠯ᠎ᠢ ᠦᠨᠳᠦᠰᠦᠯᠡᠵᠦ᠍᠂ ᠲᠣᠰ ᠠᠷᠭ᠎ᠠ᠎ᠶ᠋ᠢ ᠲᠣᠭ᠍ᠲᠠᠭᠠᠪᠠ᠃
ᠬᠣᠶᠠᠳᠤᠭᠠᠷ ᠵᠦᠢᠯ ᠲᠤᠰ ᠠᠷᠭ᠎ᠠ᠎ᠶ᠋ᠢ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ) ᠶ᠋ᠢᠨ ᠨᠠᠮ᠎ᠤᠨ ᠬᠣᠷᠢᠢ᠎ᠠ ᠪᠠ ᠵᠠᠰᠠᠭ᠎ᠤᠨ ᠣᠷᠳᠣᠨ᠎ᠤ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠬᠢᠨᠠᠨ ᠱᠢᠯᠭᠠᠬᠤ᠎ᠳᠤ ᠬᠡᠷᠡᠭ᠌ᠯᠡᠨ᠎ᠡ᠃
ᠭᠤᠷᠪᠠᠳᠤᠭᠠᠷ ᠵᠦᠢᠯ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠬᠢᠨᠠᠨ ᠱᠢᠯᠭᠠᠬᠤ ᠠᠵᠢᠯ᠎ᠢ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠬᠢᠨᠠᠨ ᠪᠠᠢᠴᠠᠭᠠᠬᠤ ᠠᠵᠢᠯ᠎ᠤᠨ ᠤᠳᠤᠷᠢᠳᠭᠤ ᠳᠤᠭᠤᠢᠯᠠᠩ᠎ᠡᠴᠡ ᠲᠦᠷᠦᠭᠦᠯᠡᠨ ᠵᠣᠬᠢᠶᠠᠨ ᠪᠠᠢᠭᠤᠯᠵᠤ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠬᠤ ᠠᠵᠢᠯ᠎ᠤᠨ ᠤᠳᠤᠷᠢᠳᠭᠤ ᠳᠤᠭᠤᠢᠯᠠᠩ᠎ᠤᠨ ᠠᠯᠪᠠᠨ ᠭᠡᠷ᠂ ᠲᠥᠪ᠎ᠦᠨ ᠵᠣᠬᠢᠶᠠᠨ ᠪᠠᠢᠭᠤᠯᠬᠤ ᠬᠡᠯᠲᠡᠰ᠎ᠡᠴᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠡᠶ ᠬᠠᠮᠲᠤᠷᠠᠨ ᠥᠷᠨᠢᠭᠦᠯᠦᠨ᠎ᠡ᠃
ᠳᠥᠷᠪᠡᠳᠦᠭᠡᠷ ᠵᠦᠶ᠋ᠯ ᠬᠢᠨᠠᠨ ᠱᠢᠯᠭᠠᠬᠤ ᠠᠵᠢᠯ᠎ᠳᠤ ᠪᠣᠳᠠᠲᠤ ᠠᠮᠵᠢᠯᠲᠠ ᠪᠦᠳᠦᠮᠵᠢ᠎ᠶ᠋ᠢ ᠴᠢᠬᠤᠯᠠᠴᠢᠯᠠᠬᠤ᠂ ᠬᠠᠷᠢᠭᠤᠴᠠᠯᠭ᠎ᠠ ᠡᠭᠦᠷᠭᠡᠯᠡᠬᠦ᠌᠎ᠶ᠋ᠢ ᠵᠣᠷᠢᠭ᠍ᠵᠢᠭᠤᠯᠬᠤ᠎ᠶ᠋ᠢ ᠪᠠᠷᠢᠮᠲᠠᠯᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌᠎ᠶ᠋ᠢ ᠠᠬᠢᠭᠤᠯᠵᠤ᠂ ᠨᠠᠮ᠎ᠤᠨ ᠲᠥᠪ ᠬᠣᠷᠢᠶ᠎ᠠ᠎ᠶ᠋ᠢᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢᠨ ᠲᠤᠬᠠᠢ ᠬᠡᠷᠡᠭ᠌ᠵᠢᠭᠦᠯᠬᠦ᠌ ᠬᠦᠴᠦᠨ᠎ᠢ ᠳᠡᠭᠡᠭ᠌ᠰᠢᠯᠡᠭᠦᠯᠬᠦ᠌ ᠬᠡᠷᠡᠭ᠌ᠲᠡᠶ; ᠬᠠᠷᠠᠯᠲᠠ᠎ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠠᠷᠠᠳ ᠣᠯᠠᠨ᠎ᠤ ᠲᠤᠰᠭᠠᠯ ᠴᠢᠩᠭ᠎ᠠ ᠪᠠᠢᠭ᠎ᠠ ᠠᠮᠢ ᠠᠬᠤᠶ ᠣᠷᠴᠢᠨ ᠲᠣᠭᠣᠷᠢᠨ᠎ᠤ ᠲᠣᠪᠣᠢᠮ᠎ᠠ ᠠᠰᠠᠭᠤᠳᠠᠯ᠎ᠳᠤ ᠴᠢᠭ᠌ᠯᠡᠭᠦᠯᠦᠨ᠂ ᠪᠣᠬᠢᠷᠲᠤᠯ᠎ᠢ ᠰᠡᠷᠭᠡᠢᠯᠡᠨ ᠵᠠᠰᠠᠬᠤ ᠪᠤᠭᠤᠮᠲᠠ ᠰᠢᠪᠲᠤᠯᠬᠤ ᠳᠠᠢᠯᠠᠯᠳᠤᠭᠠᠨ᠎ᠢ ᠦᠷᠭᠦᠯᠵᠢᠯᠡᠨ ᠭᠦᠨᠵᠡᠭᠡᠶ ᠰᠠᠢᠲᠤᠷ ᠬᠢᠵᠦ᠍᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠬᠠᠷᠠᠯᠲᠠ ᠡᠭᠦᠷᠭᠡ᠎ᠶ᠋ᠢᠨ ᠲᠣᠭᠣᠷᠢᠨ᠎ᠳᠤ ᠵᠠᠩᠭᠢᠯᠠᠭ᠎ᠠ᠎ᠶ᠋ᠢᠨ ᠴᠢᠨᠠᠷᠲᠠᠶ᠂ ᠬᠥᠲᠥᠯᠥᠨ ᠳᠠᠭᠠᠭᠤᠯᠬᠤ ᠴᠢᠨᠠᠷᠲᠠᠶ ᠬᠢᠨᠠᠨ ᠱᠢᠯᠭᠠᠬᠤ ᠭᠦᠶ᠋ᠴᠡᠳᠭᠡᠯ ᠲᠣᠭ᠎ᠠ ᠵᠢ ᠲᠣᠬᠢᠷᠠᠭᠤᠯᠵᠤ᠂ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ ᠪᠠ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢ ᠴᠢᠩᠭ᠎ᠠ ᠠᠳᠭᠤᠬᠤ ᠬᠡᠷᠡᠭ᠌ᠲᠡᠶ; ᠲᠣᠭ᠍ᠲᠠᠭᠠᠯ ᠶᠣᠰᠣᠭᠠᠷ ᠬᠠᠤᠯᠢ ᠶᠣᠰᠣᠭᠠᠷ ᠬᠢᠬᠦ᠂ ᠤᠯᠠᠨ ᠲᠦᠮᠡᠨ ᠮᠡᠳᠡᠷᠡᠬᠦ᠌᠎ᠶ᠋ᠢ ᠪᠠᠷᠢᠮᠲᠠᠯᠠᠵᠤ᠂ ᠨᠠᠮ᠎ᠤᠨ ᠳᠣᠲᠣᠭᠠᠳᠤ᠎ᠶ᠋ᠢᠨ ᠬᠣᠯᠪᠣᠭ᠍ᠳᠠᠯ ᠪᠦᠬᠦᠢ ᠬᠠᠤᠯᠢ ᠲᠣᠭ᠍ᠲᠠᠭᠠᠯ᠂ ᠠᠮᠢ ᠠᠬᠤᠢ ᠣᠷᠴᠢᠨ ᠲᠤᠭᠤᠷᠢᠨ᠎ᠤ ᠬᠠᠤᠯᠢ᠎ᠶ᠋ᠢᠨ ᠪᠢᠴᠢᠭ ᠵᠡᠷᠭᠡ ᠬᠠᠤᠯᠢ ᠴᠠᠭᠠᠵᠠ᠎ᠶ᠋ᠢᠨ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ᠂ ᠬᠢᠨᠠᠨ ᠱᠢᠯᠭᠠᠬᠤ ᠠᠷᠭ᠎ᠠ ᠮᠠᠶᠢᠭ ᠪᠠ ᠲᠠᠷᠠᠭᠠᠯᠠᠯ᠎ᠢ ᠵᠢᠷᠤᠮᠵᠢᠭᠤᠯᠵᠤ᠂ ᠨᠠᠷᠢᠯᠢᠭ ᠣᠨᠣᠴᠠᠲᠠᠢ ᠱᠢᠨᠵᠢᠯᠡᠬᠦ᠌ ᠤᠬᠠᠭᠠᠨᠴᠢ᠂ ᠪᠤᠰᠤᠳᠴᠢ ᠲᠥᠪ ᠭᠣᠣᠯᠴᠢ ᠪᠠᠢᠬᠤ᠎ᠶ᠋ᠢ ᠪᠡᠶᠡᠯᠡᠭᠦᠯᠦᠨ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢ ᠴᠢᠬᠤᠯᠠᠴᠢᠯᠠᠵᠤ᠂ ᠨᠡᠢᠭᠡᠮ᠎ᠦᠨ ᠬᠢᠨᠠᠯᠲᠠ ᠲᠠᠯᠪᠢᠬᠤ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠲᠡᠢ; ᠬᠢᠨᠠᠨ ᠱᠢᠯᠭᠠᠬᠤ ᠪᠠ ᠬᠡᠷᠡᠭ᠌ᠯᠡᠬᠦ᠌᠎ᠶ᠋ᠢ ᠤᠶᠠᠯᠳᠤᠭᠤᠯᠬᠤ᠂ ᠬᠢᠨᠠᠨ ᠱᠢᠯᠭᠠᠬᠤ᠎ᠪᠠᠷ ᠠᠵᠢᠯᠯᠠᠬᠤ᠎ᠶ᠋ᠢ ᠠᠬᠢᠭᠤᠯᠬᠤ᠎ᠶ᠋ᠢ ᠪᠠᠷᠢᠮᠲᠠᠯᠠᠵᠤ᠂ ᠬᠢᠨᠠᠨ ᠱᠢᠯᠭᠠᠭᠰᠠᠨ ᠦᠷ᠎ᠡ ᠳ᠋ᠦᠩ᠎ᠦᠨ ᠬᠡᠷᠡᠭ᠌ᠯᠡᠯᠲᠡ᠎ᠶ᠋ᠢ ᠴᠢᠩᠭᠠᠳᠭᠠᠵᠤ᠂ ᠬᠢᠨᠠᠨ ᠱᠢᠯᠭᠠᠬᠤ᠎ᠪᠠᠷ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢᠵᠢᠷᠠᠭᠤᠯᠬᠤ ᠪᠠ ᠬᠠᠮᠢᠶ᠎ᠠ ᠪᠥᠬᠥᠶ ᠠᠵᠢᠯ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠬᠤ ᠬᠡᠷᠡᠭᠲᠡᠢ᠃
ᠲᠠᠪᠤᠳᠤᠭᠠᠷ ᠵᠦᠢᠯ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ)᠎ᠶ᠋ᠢᠨ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠬᠢᠨᠠᠨ ᠱᠢᠯᠭᠠᠬᠤ᠎ᠳᠤ ᠭᠣᠣᠯᠳᠠᠭᠤ ᠲᠤᠤᠷᠠᠬᠢ ᠬᠡᠳᠦᠨ ᠲᠠᠯ᠎ᠠ ᠪᠠᠭᠲᠠᠨ᠎ᠠ᠄
(ᠨᠢᠭᠡ) ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ ᠵᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠃ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ) ᠶ᠋ᠢᠨ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠌᠂ ᠨᠢᠭᠡ ᠠᠵᠢᠯ᠎ᠤᠨ ᠪᠠᠢᠷᠢ᠎ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠌᠎ᠶ᠋ᠢ ᠨᠠᠢᠳᠠᠪᠤᠷᠢᠵᠢᠭᠤᠯᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ ᠪᠠ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠠᠵᠢᠯ᠎ᠢ ᠰᠤᠳᠤᠯᠤᠨ ᠪᠠᠢᠷᠢᠯᠠᠭᠤᠯᠬᠤ ᠪᠠ ᠱᠠᠯᠠᠪᠳᠠᠭᠤᠯᠤᠨ ᠨᠠᠢᠳᠠᠪᠤᠷᠢᠵᠢᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠤᠭ᠍ᠰᠠᠨ ᠵᠡᠷᠭᠡ ᠪᠠᠢᠳᠠᠯ᠎ᠢ ᠬᠢᠨᠠᠨ ᠰᠢᠯᠭᠠᠨ᠎ᠠ᠃
(ᠬᠣᠶᠠᠷ) ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢᠨ ᠣᠨ᠎ᠤ ᠭᠣᠣᠯ ᠬᠠᠷᠠᠯᠲᠠ᠎ᠶ᠋ᠢ ᠪᠡᠶᠡᠯᠡᠭᠦᠯᠦᠭ᠌ᠰᠡᠨ ᠪᠠᠢᠳᠠᠯ᠃ ᠠᠭᠠᠷ ᠮᠠᠨᠳᠠᠯ᠎ᠤᠨ ᠣᠷᠴᠢᠨ ᠲᠣᠭᠣᠷᠢᠨ᠂ ᠤᠰᠤ ᠪᠣᠯᠤᠨ ᠳᠠᠯᠠᠶ ᠲᠠᠩᠭᠢᠰ᠎ᠤᠨ ᠠᠮᠢ ᠠᠬᠤᠶ ᠣᠷᠴᠢᠨ ᠲᠣᠭᠣᠷᠢᠨ᠂ ᠬᠥᠷᠥᠰᠥ᠍ ᠱᠢᠷᠣᠶ᠎ᠶ᠋ᠢᠨ ᠠᠮᠢ ᠠᠬᠤᠶ ᠣᠷᠴᠢᠨ ᠲᠣᠭᠣᠷᠢᠨ᠂ ᠬᠠᠲᠠᠭᠤ ᠪᠡᠶᠡᠲᠦ ᠬᠠᠶᠠᠭ᠍ᠳᠠᠮᠠᠯ ᠪᠤᠳᠠᠰ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠪᠠ ᠠᠮᠢ ᠠᠬᠤᠶ᠎ᠶ᠋ᠢᠨ ᠶᠠᠰᠤ ᠴᠢᠨᠠᠷ᠎ᠤᠨ ᠪᠠᠢᠳᠠᠯ ᠵᠢᠴᠢ ᠣᠨ᠎ᠤ ᠬᠠᠷᠠᠯᠲᠠ᠎ᠵᠢ ᠪᠡᠶᠡᠯᠡᠭᠦᠯᠦᠭ᠌ᠰᠡᠨ ᠪᠠᠢᠳᠠᠯ᠎ᠢ ᠬᠢᠨᠠᠨ ᠱᠢᠯᠭᠠᠨ᠎ᠠ᠃
(ᠭᠤᠷᠪᠠ) ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢᠨ ᠣᠨ᠎ᠤ ᠭᠣᠣᠯᠳᠠᠯᠭ᠎ᠠ᠎ᠲᠠᠶ ᠡᠭᠦᠷᠭᠡ᠎ᠶ᠋ᠢ ᠪᠡᠶᠡᠯᠡᠭᠦᠯᠦᠭ᠌ᠰᠡᠨ ᠪᠠᠢᠳᠠᠯ᠃ ᠬᠥᠭ᠌ᠵᠢᠯᠲᠡ᠎ᠶ᠋ᠢᠨ ᠬᠡᠯᠪᠡᠷᠢ᠎ᠶ᠋ᠢ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭ᠌ᠴᠢᠲᠤ ᠲᠡᠢᠰᠢ ᠬᠤᠪᠢᠷᠠᠭᠤᠯᠬᠤ᠂ ᠪᠣᠬᠢᠷᠲᠤᠯ᠎ᠢ ᠵᠠᠰᠠᠬᠤ᠂ ᠠᠮᠢ ᠠᠬᠤᠢ᠎ᠶ᠋ᠢᠨ ᠱᠢᠰᠲ᠋ᠧᠮ᠎ᠢ ᠤᠯᠠᠨ ᠶᠠᠩᠵᠤᠲᠤ ᠴᠢᠨᠠᠷᠲᠠᠢ ᠲᠣᠭ᠍ᠲᠠᠭᠤᠨ ᠴᠢᠨᠠᠷᠲᠠᠢ ᠦᠷᠭᠦᠯᠵᠢᠯᠡᠬᠦ᠌ ᠴᠢᠨᠠᠷᠲᠠᠢ ᠪᠡᠷ ᠳᠡᠭᠡᠭ᠌ᠰᠢᠯᠡᠭᠦᠯᠬᠦ᠌᠂ ᠠᠮᠢ ᠠᠬᠤᠢ ᠣᠷᠴᠢᠨ ᠲᠣᠭᠣᠷᠢᠨ᠎ᠤ ᠠᠮᠤᠷ ᠲᠦᠪᠱᠢᠨ᠎ᠦ ᠣᠨ᠎ᠤ ᠭᠣᠣᠯᠳᠠᠯᠭ᠎ᠠ᠎ᠲᠠᠶ ᠡᠭᠦᠷᠭᠡ᠎ᠶ᠋ᠢ ᠪᠡᠶᠡᠯᠡᠭᠦᠯᠦᠭ᠌ᠰᠡᠨ ᠪᠠᠢᠳᠠᠯ᠎ᠢ ᠬᠢᠨᠠᠨ ᠱᠢᠯᠭᠠᠨ᠎ᠠ᠃
(ᠳᠥᠷᠪᠡ) ᠪᠠᠯᠠ ᠮᠥᠩᠭᠥ᠎ᠶ᠋ᠢ ᠬᠡᠷᠡᠭ᠌ᠯᠡᠭ᠌ᠰᠡᠨ ᠦᠷ᠎ᠡ ᠪᠦᠲᠦᠮᠵᠢ᠎ᠶ᠋ᠢᠨ ᠪᠠᠢᠳᠠᠯ᠃ ᠲᠥᠪ᠎ᠦᠨ ᠪᠠ ᠣᠷᠣᠨ ᠨᠤᠲᠤᠭ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠡᠳ᠋᠎ᠦᠨ ᠵᠠᠰᠠᠭ᠎ᠤᠨ ᠪᠠᠯᠠ ᠮᠥᠩᠭᠥ᠎ᠶ᠋ᠢ ᠬᠡᠷᠡᠭ᠌ᠯᠡᠭ᠌ᠰᠡᠨ ᠦᠷ᠎ᠡ ᠪᠦᠲᠦᠮᠵᠢ᠎ᠶ᠋ᠢᠨ ᠪᠠᠢᠳᠠᠯ᠎ᠢ ᠬᠢᠨᠠᠨ ᠱᠢᠯᠭᠠᠨ᠎ᠠ᠃
(ᠲᠠᠪᠤ) ᠣᠯᠠᠨ ᠲᠦᠮᠡᠨ᠎ᠳᠤ ᠲᠠᠭᠠᠰᠢᠶᠠᠭᠳᠠᠭᠰᠠᠨ ᠬᠡᠮᠵᠢᠶ᠎ᠡ᠃ ᠲᠣᠰ ᠭᠠᠵᠠᠷ ᠣᠷᠣᠨ᠎ᠤ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ ᠪᠠ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ᠎ᠤᠨ ᠰᠠᠢᠵᠢᠷᠠᠯᠲᠠ᠎ᠵᠢᠨ ᠣᠯᠠᠨ ᠲᠦᠮᠡᠨ᠎ᠳᠤ ᠲᠠᠭᠠᠰᠢᠶᠠᠭᠳᠠᠭᠰᠠᠨ ᠬᠡᠮᠵᠢᠶ᠎ᠡ᠎ᠶ᠋ᠢ ᠬᠢᠨᠠᠨ ᠱᠢᠯᠭᠠᠨ᠎ᠠ᠃
ᠵᠢᠷᠭᠤᠳᠤᠭᠠᠷ ᠵᠦᠢᠯ ᠬᠢᠨᠠᠨ ᠰᠢᠯᠭᠠᠬᠤ᠎ᠳᠤ ᠵᠠᠭᠤᠨ᠎ᠤ ᠬᠠᠷᠢᠴᠠᠯ᠎ᠤᠨ ᠲᠦᠷᠢᠮ᠎ᠢᠶᠡᠷ ᠬᠤᠪᠢ ᠦᠭᠴᠤ᠂ ᠬᠤᠪᠢ ᠨᠡᠮᠡᠬᠦ᠌ ᠵᠦᠢᠯᠡᠰ ᠪᠠ ᠬᠤᠪᠢ ᠬᠠᠰᠤᠬᠤ ᠵᠦᠢᠯᠡᠰ᠎ᠢ ᠵᠦᠢ ᠵᠣᠬᠢᠰᠲᠠᠶ ᠲᠣᠬᠢᠷᠠᠭᠤᠯᠵᠤ᠂ ᠬᠤᠪᠢ ᠲᠣᠭ᠍ᠲᠠᠭᠠᠭ᠍ᠰᠠᠨ ᠪᠠᠢᠳᠠᠯ᠂ ᠬᠢᠨᠠᠨ ᠰᠢᠯᠭᠠᠭᠰᠠᠨ ᠦᠷ᠎ᠡ ᠳ᠋ᠦᠩ᠎ᠢ ᠦᠨᠳᠦᠰᠦᠯᠡᠨ ᠱᠢᠯᠢᠳᠡᠭ᠂ ᠰᠠᠢᠨ᠂ ᠬᠢᠷᠢ ᠲᠡᠩᠴᠡᠭ᠌ᠰᠡᠨ᠂ ᠬᠢᠷᠢ ᠲᠡᠩᠴᠡᠭ᠌ᠰᠡᠨ ᠦᠭᠡᠶ 4 ᠳᠡᠰ ᠬᠤᠪᠢᠶᠠᠨ᠎ᠠ᠃ ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠬᠤ ᠠᠵᠢᠯ᠎ᠤᠨ ᠤᠳᠤᠷᠢᠳᠭᠤ ᠳᠤᠭᠤᠢᠯᠠᠩ᠎ᠤᠨ ᠠᠯᠪᠠᠨ ᠬᠡᠷ᠂ ᠲᠥᠪ᠎ᠦᠨ ᠵᠣᠬᠢᠶᠠᠨ ᠪᠠᠢᠭᠤᠯᠬᠤ ᠬᠡᠯᠲᠡᠰ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠬᠢᠨᠠᠨ ᠱᠢᠯᠭᠠᠬᠤ ᠭᠦᠢᠴᠡᠳᠬᠡᠯ ᠲᠣᠭᠠᠳ᠋ᠤ ᠬᠤᠪᠢ ᠣᠯᠭᠣᠬᠤ ᠨᠠᠷᠢᠨ ᠲᠦᠷᠢᠮ᠎ᠢ ᠲᠣᠭ᠍ᠲᠠᠭᠠᠨ᠎ᠠ᠃ ᠡᠭᠦᠨ᠎ᠳᠦ᠂ ᠬᠥᠭ᠌ᠵᠢᠯᠲᠡ᠎ᠶ᠋ᠢᠨ ᠬᠡᠯᠪᠡᠷᠢ ᠵᠢᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠳᠡᠢᠰᠢ ᠬᠡᠯᠪᠡᠷᠢ᠎ᠪᠠᠨ ᠬᠤᠪᠢᠷᠠᠭᠤᠯᠬᠤ ᠬᠣᠯᠪᠣᠭ᠍ᠳᠠᠯ ᠪᠦᠬᠦᠢ ᠬᠢᠨᠠᠨ ᠱᠢᠯᠭᠠᠯᠲᠠ᠎ᠶ᠋ᠢ ᠨᠡᠭᠦᠷᠡᠰᠦᠳᠦ᠋ᠷᠦᠭ᠌ᠴᠢ ᠵᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ᠎ᠳᠦ ᠬᠦᠷᠬᠦ ᠨᠡᠭᠦᠷᠡᠰᠦᠳᠦ᠋ᠷᠦᠭ᠌ᠴᠢ ᠵᠢ ᠰᠠᠭᠠᠷᠮᠠᠭᠵᠢᠭᠤᠯᠬᠤ ᠶᠡᠷᠦᠩᠬᠡᠢᠯᠡᠨ ᠦᠨᠡᠯᠡᠵᠤ ᠬᠢᠨᠠᠨ ᠱᠢᠯᠭᠠᠬᠤ᠎ᠲᠠᠶ ᠵᠣᠯᠭᠠᠯᠴᠠᠭᠤᠯᠤᠨᠠ᠃
ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ) ᠳ᠋ᠤ᠌ ᠣᠷᠴᠢᠨ ᠲᠤᠭᠤᠷᠢᠨ᠎ᠢ ᠪᠣᠬᠢᠷᠲᠤᠭᠤᠯᠤᠭ᠍ᠰᠠᠨ ᠣᠨᠴᠠᠭᠠᠢ ᠬᠦᠨᠳᠦ ᠶᠡᠬᠡ ᠬᠡᠷᠡᠭ ᠪᠤᠶᠤ ᠠᠮᠢ ᠠᠬᠤᠢ᠎ᠶ᠋ᠢ ᠡᠪᠳᠡᠭ᠌ᠰᠡᠨ ᠣᠨᠴᠠᠭᠠᠢ ᠬᠦᠨᠳᠦ ᠶᠡᠬᠡ ᠬᠡᠷᠡᠭ ᠡᠭᠦᠰᠦᠭ᠌ᠰᠡᠨ ᠪᠠᠢᠪᠠᠯ᠂ ᠣᠨ᠎ᠤ ᠬᠢᠨᠠᠨ ᠱᠢᠯᠭᠠᠯᠲᠠ᠎ᠶ᠋ᠢᠨ ᠦᠷ᠎ᠡ ᠳ᠋ᠦᠩ᠎ᠢ 《ᠰᠠᠢ᠌ᠨ》 ᠵᠢᠴᠢ ᠲᠡᠭᠦᠨ᠎ᠡᠴᠡ ᠳᠡᠭᠡᠭ᠌ᠰᠢᠬᠢ ᠲᠡᠰ᠎ᠢᠶᠡᠷ ᠲᠣᠭ᠍ᠲᠠᠭᠠᠵᠤ ᠪᠣᠯᠬᠤ ᠦᠭᠡᠢ᠃
ᠳᠣᠯᠣᠳᠤᠭᠠᠷ ᠵᠦᠶ᠋ᠯ ᠬᠢᠨᠠᠨ ᠰᠢᠯᠭᠠᠬᠤ ᠠᠵᠢᠯ᠎ᠢ ᠵᠢᠯ ᠪᠦᠷᠢ 1 ᠤᠳᠠᠭ᠎ᠠ ᠥᠷᠨᠢᠭᠦᠯᠵᠦ᠍᠂ ᠵᠠᠷᠴᠢᠮ ᠳᠡᠭᠡᠷ᠎ᠡ᠎ᠪᠡᠨ ᠳᠠᠷᠠᠭ᠎ᠠ ᠵᠢᠯ᠎ᠦᠨ ᠬᠢᠨᠢ 6 ᠰᠠᠷ᠎ᠠ᠎ᠶ᠋ᠢᠨ ᠡᠴᠦᠰ᠎ᠡᠴᠡ ᠡᠮᠦᠨ᠎ᠡ ᠪᠡᠶᠡᠯᠡᠭᠦᠯᠬᠦ᠌ ᠬᠡᠷᠡᠭ᠌ᠲᠡᠶ᠂ ᠡᠭᠦᠨ᠎ᠳᠦ ᠶᠡᠷᠦᠩᠬᠡᠢᠯᠡᠨ ᠦᠨᠡᠯᠡᠬᠦ᠌ ᠠᠵᠢᠯ᠎ᠢ ᠳᠠᠷᠠᠭ᠎ᠠ ᠵᠢᠯ᠎ᠦᠨ ᠬᠢᠨᠢ 3 ᠰᠠᠷ᠎ᠠ᠎ᠶ᠋ᠢᠨ ᠡᠴᠦᠰ᠎ᠡᠴᠡ ᠡᠮᠦᠨ᠎ᠡ ᠦᠨᠳᠦᠰᠦᠨ᠎ᠳᠡᠭᠡᠨ ᠪᠡᠶᠡᠯᠡᠭᠦᠯᠬᠦ᠌ ᠬᠡᠷᠡᠭ᠌ᠲᠡᠶ᠃
ᠨᠠᠢ᠍ᠮᠠᠳᠤᠭᠠᠷ ᠵᠦᠢᠯ ᠬᠢᠨᠠᠨ ᠱᠢᠯᠭᠠᠬᠤ᠎ᠳᠤ ᠳᠣᠣᠷ᠎ᠠ ᠵᠢᠭ᠍ᠰᠠᠭᠠᠭ᠍ᠰᠠᠨ ᠠᠯᠬᠤᠮ ᠲᠡᠷᠡᠭ᠎ᠠ᠎ᠪᠡᠷ ᠶᠠᠪᠤᠭᠳᠠᠭᠤᠯᠤᠨ᠎ᠠ᠄
(ᠨᠢᠭᠡ) ᠥᠪᠡᠷ᠎ᠢ᠎ᠪᠡᠨ ᠦᠨᠡᠯᠡᠵᠦ᠍ ᠳ᠋ᠦᠩᠨᠡᠬᠦ᠃ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ) ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠠᠬᠢᠴᠠ᠎ᠶ᠋ᠢᠨ ᠪᠠᠢᠳᠠᠯ ᠪᠣᠯᠤᠨ ᠣᠯᠤᠭ᠍ᠰᠠᠨ ᠦᠷ᠎ᠡ ᠪᠦᠲᠦᠮᠵᠢ᠎ᠶ᠋ᠢ ᠳ᠋ᠦᠩᠨᠡᠵᠦ᠍᠂ ᠬᠢᠨᠠᠨ ᠱᠢᠯᠭᠠᠬᠤ ᠬᠦᠢᠴᠡᠳᠬᠡᠯ ᠲᠣᠭ᠎ᠠ᠎ᠲᠠᠶ ᠬᠠᠷᠭᠤᠭᠤᠯᠤᠨ ᠥᠪᠡᠷ᠎ᠢ᠎ᠪᠡᠨ ᠦᠨᠡᠯᠡᠵᠦ᠍᠂ ᠥᠪᠡᠷ᠎ᠢ᠎ᠪᠡᠨ ᠦᠨᠡᠯᠡᠭ᠌ᠰᠡᠨ ᠳ᠋ᠦᠩᠨᠡᠯᠲᠡ᠎ᠶ᠋ᠢᠨ ᠮᠡᠳᠡᠭᠦᠯᠦᠯᠲᠡ ᠭᠠᠷᠭᠠᠵᠤ᠂ ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠬᠤ ᠠᠵᠢᠯ᠎ᠤᠨ ᠤᠳᠤᠷᠢᠳᠭᠤ ᠳᠤᠭᠤᠢᠯᠠᠩ᠎ᠤᠨ ᠠᠯᠪᠠᠨ ᠬᠡᠷ᠎ᠲᠦ ᠬᠦᠷᠭᠡᠨ᠎ᠡ᠃ ᠬᠢᠨᠠᠨ ᠬᠡᠮᠵᠢᠯᠲᠡ᠎ᠶ᠋ᠢᠨ ᠲᠣᠭ᠎ᠠ ᠪᠠᠷᠢᠮᠲᠠ ᠵᠢ ᠪᠦᠷᠢᠳᠬᠡᠬᠦ ᠪᠠ ᠣᠯᠠᠨ ᠲᠦᠮᠡᠨ᠎ᠦ ᠦᠨᠡᠯᠡᠯᠲᠡ᠎ᠶ᠋ᠢᠨ ᠲᠥᠷᠥᠭ᠌ᠳᠡᠯ ᠵᠡᠷᠭᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠨᠢᠬᠡᠨᠳᠡ ᠡᠵᠡᠮᠱᠢᠭ᠌ᠰᠡᠨ ᠲᠣᠭ᠎ᠠ ᠪᠠᠷᠢᠮᠲᠠ᠎ᠳᠤ ᠥᠪᠡᠷ᠎ᠦᠨ ᠦᠨᠡᠯᠡᠯᠲᠡ ᠬᠢᠬᠦ᠌ ᠥᠬᠡᠶ ᠪᠠᠢᠵᠤ ᠪᠣᠯᠤᠨ᠎ᠠ᠃
(ᠬᠣᠶᠠᠷ) ᠬᠢᠨᠠᠨ ᠬᠠᠷᠭᠤᠭᠤᠯᠵᠤ ᠬᠡᠷᠡᠴᠢᠯᠡᠬᠦ᠃ ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠬᠤ ᠠᠵᠢᠯ᠎ᠤᠨ ᠤᠳᠤᠷᠢᠳᠭᠤ ᠳᠤᠭᠤᠢᠯᠠᠩ᠎ᠤᠨ ᠠᠯᠪᠠᠨ ᠬᠡᠷ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ) ᠶ᠋ᠢᠨ ᠥᠪᠡᠷ᠎ᠢ᠎ᠪᠡᠨ ᠦᠨᠡᠯᠡᠭ᠌ᠰᠡᠨ ᠳ᠋ᠦᠩᠨᠡᠯᠲᠡ᠎ᠶ᠋ᠢᠨ ᠮᠡᠳᠡᠭᠦᠯᠦᠯᠲᠡ᠎ᠶ᠋ᠢ ᠬᠢᠨᠠᠨ ᠬᠠᠷᠭᠤᠭᠤᠯᠬᠤ ᠪᠠ ᠬᠤᠷᠢᠶᠠᠩᠭᠤᠢᠯᠠᠨ ᠡᠮᠬᠢᠳᠭᠡᠨ᠎ᠡ᠃
(ᠭᠤᠷᠪᠠ) ᠶᠡᠷᠦᠩᠬᠡᠢᠯᠡᠨ ᠦᠨᠡᠯᠡᠬᠦ᠃ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠬᠤ ᠠᠵᠢᠯ᠎ᠤᠨ ᠤᠳᠤᠷᠢᠳᠭᠤ ᠳᠤᠭᠤᠢᠯᠠᠩ᠎ᠤᠨ ᠠᠯᠪᠠᠨ ᠭᠡᠷ᠂ ᠲᠥᠪ᠎ᠦᠨ ᠵᠣᠬᠢᠶᠠᠨ ᠪᠠᠢᠭᠤᠯᠬᠤ ᠬᠡᠯᠲᠡᠰ᠎ᠡᠴᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠡᠶ ᠬᠠᠮᠲᠤᠷᠠᠨ ᠬᠢᠨᠠᠨ ᠱᠢᠯᠭᠠᠬᠤ ᠬᠦᠢᠴᠡᠳᠬᠡᠯ ᠲᠣᠭ᠎ᠠ᠎ᠲᠠᠶ ᠬᠠᠷᠭᠤᠭᠤᠯᠤᠨ ᠶᠡᠷᠦᠩᠬᠡᠢᠯᠡᠨ ᠦᠨᠡᠯᠡᠵᠦ᠍᠂ ᠬᠢᠨᠠᠨ ᠱᠢᠯᠭᠠᠬᠤ ᠲᠡᠰᠢ ᠬᠤᠪᠢᠶᠠᠷᠢᠯᠠᠬᠤ᠂ ᠬᠢᠨᠠᠨ ᠱᠢᠯᠭᠠᠭ᠍ᠰᠠᠨ ᠦᠷ᠎ᠡ ᠳ᠋ᠦᠩ᠎ᠢ ᠱᠢᠢᠳᠪᠦᠷᠢᠯᠡᠬᠦ᠌ ᠵᠡᠷᠭᠡ ᠰᠠᠨᠠᠭᠤᠯᠭ᠎ᠠ ᠳᠤᠷᠠᠳᠴᠤ᠌᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠬᠤ ᠠᠵᠢᠯ᠎ᠤᠨ ᠤᠳᠤᠷᠢᠳᠭᠤ ᠳᠤᠭᠤᠢᠯᠠᠩ᠎ᠳᠤ ᠮᠡᠳᠡᠭᠦᠯᠦᠨ ᠰᠤᠳᠤᠯᠤᠨ ᠶᠠᠷᠢᠯᠴᠠᠭᠤᠯᠤᠨ᠎ᠠ᠃
(ᠳᠥᠷᠪᠡ) ᠦᠷ᠎ᠡ ᠳ᠋ᠦᠩ᠎ᠢ ᠬᠠᠷᠢᠭᠤ ᠲᠤᠰᠭᠠᠬᠤ᠃ ᠬᠢᠨᠠᠨ ᠰᠢᠯᠭᠠᠭᠰᠠᠨ ᠦᠷ᠎ᠡ ᠳ᠋ᠦᠩ᠎ᠢ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠪᠠᠷ ᠬᠢᠨᠠᠨ ᠲᠣᠭ᠍ᠲᠠᠭᠠᠯᠭᠠᠭ᠍ᠰᠠᠨᠤ ᠳᠠᠷᠠᠭ᠎ᠠ᠂ ᠨᠠᠮ᠎ᠤᠨ ᠲᠥᠪ ᠬᠣᠷᠢᠶ᠎ᠠ᠎ᠶ᠋ᠢᠨ ᠠᠯᠪᠠᠨ ᠲᠢᠩᠬᠢᠮ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶ᠋ᠢᠨ ᠠᠯᠪᠠᠨ ᠲᠢᠩᠬᠢᠮ᠎ᠦᠨ ᠨᠡᠷ᠎ᠡ᠎ᠪᠡᠷ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ)᠎ᠳ᠋ᠤ ᠵᠠᠷᠯᠠᠨ ᠮᠡᠳᠡᠭᠳᠡᠨ᠎ᠡ᠃ ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠬᠤ ᠠᠵᠢᠯ᠎ᠤᠨ ᠤᠳᠤᠷᠢᠳᠭᠤ ᠳᠤᠭᠤᠢᠯᠠᠩ᠎ᠤᠨ ᠠᠯᠪᠠᠨ ᠬᠡᠷ᠂ ᠲᠥᠪ᠎ᠦᠨ ᠵᠣᠬᠢᠶᠠᠨ ᠪᠠᠢᠭᠤᠯᠬᠤ ᠬᠡᠯᠲᠡᠰ᠎ᠡᠴᠡ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ) ᠳ᠋ᠤ ᠬᠢᠨᠠᠨ ᠱᠢᠯᠭᠠᠯᠲᠠ᠎ᠳᠤ ᠢᠯᠡᠷᠡᠭᠦᠯᠦᠭ᠌ᠰᠡᠨ ᠠᠰᠠᠭᠤᠳᠠᠯ᠎ᠢ ᠬᠠᠷᠢᠭᠤ ᠲᠤᠰᠭᠠᠬᠤ᠎ᠶ᠋ᠢᠨ ᠬᠠᠮᠲᠤ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠤᠨ᠎ᠠ᠃
ᠶᠢᠰᠦᠳᠦᠭᠡᠷ ᠵᠦᠶ᠋ᠯ ᠬᠢᠨᠠᠨ ᠰᠢᠯᠭᠠᠭᠰᠠᠨ ᠦᠷ᠎ᠡ ᠳ᠋ᠦᠩ᠎ᠢ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ) ᠶ᠋ᠢᠨ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠤᠳᠤᠷᠢᠳᠭᠤ ᠪᠠᠭ ᠪᠣᠯᠤᠨ ᠬᠣᠯᠪᠣᠭ᠍ᠳᠠᠯ ᠪᠥᠬᠥᠶ ᠤᠳᠤᠷᠢᠳᠭᠤ ᠺᠠᠳ᠋ᠷ᠎ᠢ ᠶᠡᠷᠦᠩᠬᠡᠢᠯᠡᠨ ᠬᠢᠨᠠᠨ ᠰᠢᠯᠭᠠᠵᠤ ᠦᠨᠡᠯᠡᠬᠦ᠌᠂ ᠱᠠᠩᠨᠠᠵᠤ ᠲᠣᠷᠭᠠᠬᠤ ᠪᠠ ᠲᠤᠰᠢᠶᠠᠯ ᠳ᠋ᠤ ᠲᠣᠮᠢᠯᠠᠵᠤ ᠪᠠᠭᠤᠯᠭᠠᠬᠤ᠎ᠶ᠋ᠢᠨ ᠴᠢᠬᠤᠯᠠ ᠯᠠᠪᠯᠠᠯᠲᠠ ᠪᠣᠯᠭᠠᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠠᠮᠢᠶ᠎ᠠ ᠪᠥᠬᠥᠶ ᠡᠳ᠋᠎ᠦᠨ ᠵᠠᠰᠠᠭ᠎ᠤᠨ ᠪᠠᠯᠠ ᠮᠥᠩᠭᠥ᠎ᠶ᠋ᠢᠨ ᠬᠤᠪᠢᠶᠠᠷᠢᠯᠠᠯᠲᠠ᠎ᠶ᠋ᠢᠨ ᠯᠠᠪᠯᠠᠯᠲᠠ ᠦᠨᠳᠦᠰᠦᠯᠡᠯ ᠪᠣᠯᠭᠠᠨ᠎ᠠ᠃
ᠠᠷᠪᠠᠳᠤᠭᠠᠷ ᠵᠦᠢᠯ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ) ᠶ᠋ᠢᠨ ᠬᠢᠨᠠᠨ ᠰᠢᠯᠭᠠᠭᠰᠠᠨ ᠦᠷ᠎ᠡ ᠳ᠋ᠦᠩ ᠨᠢ 《ᠬᠢᠷᠢ ᠲᠡᠩᠴᠡᠭ᠌ᠰᠡᠨ ᠦᠭᠡᠶ》 ᠪᠠᠢᠪᠠᠯ᠂ ᠴᠠᠭ ᠲᠤᠬᠠᠶ᠎ᠳᠤᠨᠢ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ᠌᠂ ᠬᠤᠭᠤᠴᠠᠭ᠎ᠠ ᠶᠣᠰᠣᠭᠠᠷ ᠴᠡᠭ᠌ᠴᠡᠯᠡᠨ ᠰᠠᠢᠵᠢᠷᠠᠭᠤᠯᠬᠤ ᠬᠡᠷᠡᠭ᠌ᠲᠡᠶ᠃ ᠬᠤᠭᠤᠴᠠᠭ᠎ᠠ ᠨᠢ ᠬᠡᠲᠦᠷᠡᠲᠡᠯ᠎ᠡ ᠴᠡᠭ᠌ᠴᠡᠯᠡᠨ ᠰᠠᠢᠵᠢᠷᠠᠭᠤᠯᠤᠭ᠍ᠰᠠᠨ ᠦᠭᠡᠢ ᠪᠠᠢᠪᠠᠯ᠂ ᠪᠠᠢᠳᠠᠯ᠎ᠢ ᠨᠢ ᠦᠵᠡᠵᠦ᠍ ᠪᠠᠢᠭᠠᠳ ᠲᠥᠪ᠎ᠦᠨ ᠵᠣᠬᠢᠶᠠᠨ ᠪᠠᠢᠭᠤᠯᠬᠤ ᠬᠡᠯᠲᠡᠰ᠎ᠡᠴᠡ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠬᠤ ᠠᠵᠢᠯ᠎ᠤᠨ ᠤᠳᠤᠷᠢᠳᠭᠤ ᠳᠤᠭᠤᠢᠯᠠᠩ᠎ᠤᠨ ᠠᠯᠪᠠᠨ ᠭᠡᠷ᠎ᠲᠡᠶ ᠬᠠᠮᠲᠤᠷᠠᠨ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ) ᠵᠢᠨ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠭᠣᠣᠯ ᠬᠠᠷᠢᠭᠤᠴᠠᠯᠭᠠᠲᠠᠨ᠎ᠲᠠᠶ ᠪᠣᠯᠵᠣᠨ ᠶᠠᠷᠢᠯᠴᠠᠨ᠎ᠠ᠃ ᠬᠠᠷᠢᠭᠤᠴᠠᠯᠭ᠎ᠠ ᠨᠡᠬᠡᠮᠵᠢᠯᠡᠬᠦ᠌ ᠴᠢᠬᠤᠯᠠᠲᠠᠶ ᠪᠠᠢᠪᠠᠯ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠂ ᠲᠥᠪ᠎ᠦᠨ ᠵᠣᠬᠢᠶᠠᠨ ᠪᠠᠢᠭᠤᠯᠬᠤ ᠬᠡᠯᠲᠡᠰ᠎ᠡᠴᠡ ᠲᠦᠷᠢᠮ ᠲᠣᠭ᠍ᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃
ᠠᠷᠪᠠᠨ ᠨᠢᠭᠡᠳᠦᠭᠡᠷ ᠵᠦᠶ᠋ᠯ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ)᠂ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠤᠨ ᠬᠢᠨ ᠬᠠᠮᠢᠶ᠎ᠠ ᠪᠥᠬᠥᠶ ᠲᠣᠭ᠎ᠠ ᠪᠠᠷᠢᠮᠲᠠ ᠪᠠ ᠮᠠᠲ᠋ᠧᠷᠢᠶᠠᠯ᠎ᠢ ᠴᠠᠭ ᠲᠤᠬᠠᠶ᠎ᠳᠤᠨᠢ᠂ ᠵᠦᠪ ᠣᠨᠣᠪᠴᠢᠲᠠᠶ᠎ᠪᠠᠷ ᠬᠠᠩᠭᠠᠵᠤ᠂ ᠬᠢᠨᠠᠨ ᠰᠢᠯᠭᠠᠬᠤ ᠠᠵᠢᠯ᠎ᠤᠨ ᠤᠷᠤᠭ᠍ᠰᠢᠲᠠᠶ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠬᠤᠪᠢ᠎ᠶ᠋ᠢᠨ ᠨᠠᠢᠷ᠎ᠢᠶᠠᠷ ᠬᠠᠤᠯᠢ ᠶᠣᠰᠣ᠎ᠶ᠋ᠢ ᠵᠥᠷᠢᠴᠡᠬᠦ᠌᠂ ᠲᠤᠭ᠎ᠠ ᠪᠠᠷᠢᠮᠲᠠ᠎ᠶ᠋ᠢ ᠬᠤᠳᠠᠯ᠎ᠢᠶᠠᠷ ᠮᠡᠳᠡᠭᠦᠯᠬᠦ᠌ ᠪᠠ ᠮᠡᠳᠡᠭᠦᠯᠬᠦ᠌ ᠥᠬᠡᠶ ᠨᠢᠭᠤᠬᠤ᠂ ᠥᠭᠡᠷᠡᠲᠦᠭᠦᠯᠦᠨ ᠵᠠᠰᠠᠬᠤ᠂ ᠮᠠᠲ᠋ᠧᠷᠢᠶᠠᠯ᠎ᠢ ᠬᠠᠭᠤᠷᠮᠠᠭ᠍ᠯᠠᠨ ᠵᠣᠬᠢᠶᠠᠬᠤ ᠵᠡᠷᠭᠡ᠎ᠡᠴᠡ ᠪᠣᠯᠵᠣ ᠬᠢᠨᠠᠨ ᠰᠢᠯᠭᠠᠭᠰᠠᠨ ᠦᠷ᠎ᠡ ᠳ᠋ᠦᠩ᠎ᠨᠢ ᠦᠨᠡᠨ ᠪᠣᠳᠠᠲᠠᠶ ᠪᠠᠢᠳᠠᠯ᠎ᠡᠴᠡ ᠬᠦᠨᠳᠦ ᠨᠣᠴᠢᠲᠠᠶ ᠵᠦᠷᠢᠶ᠎ᠠ ᠭᠠᠷᠤᠬᠰᠠᠨ ᠪᠠᠢᠪᠠᠯ᠂ ᠬᠢᠨᠠᠨ ᠰᠢᠯᠭᠠᠭᠰᠠᠨ ᠲᠠᠰ᠎ᠢ ᠰᠢᠭᠤᠳ 《ᠬᠢᠷᠢ ᠲᠡᠩᠴᠡᠭᠦ᠌ ᠥᠬᠡᠶ》 ᠪᠠᠷ ᠲᠣᠭ᠍ᠲᠠᠭᠠᠵᠤ᠂ ᠬᠠᠮᠢᠶ᠎ᠠ ᠪᠥᠬᠥᠶ ᠮᠡᠳᠡᠭᠡ ᠵᠠᠩᠭᠢ᠎ᠶ᠋ᠢ ᠵᠠᠰᠠᠭ᠎ᠤᠨ ᠶᠠᠪᠤᠳᠠᠯ᠎ᠤᠨ ᠢᠲᠡᠭᠡᠮᠵᠢ ᠠᠯᠳᠠᠭ᠍ᠰᠠᠨ ᠲᠡᠮᠳᠡᠭᠯᠡᠯ᠎ᠳᠦ ᠣᠷᠣᠭᠤᠯᠬᠤ᠎ᠶ᠋ᠢᠨ ᠬᠠᠮᠲᠤ᠂ ᠬᠣᠯᠪᠣᠭ᠍ᠳᠠᠯ ᠪᠥᠬᠥᠶ ᠲᠣᠭ᠍ᠲᠠᠭᠠᠯ ᠶᠣᠰᠣᠭᠠᠷ ᠬᠠᠮᠢᠶ᠎ᠠ ᠪᠥᠬᠥᠶ ᠨᠢᠭᠡᠴᠢ ᠪᠠ ᠠᠵᠢᠯᠲᠠᠨ ᠡᠴᠡ ᠴᠢᠩᠭ᠎ᠠ ᠬᠠᠷᠢᠭᠤᠴᠠᠯᠭᠠᠨᠡᠬᠡᠮᠵᠢᠯᠡᠨᠠ᠃
ᠬᠢᠨᠠᠨ ᠱᠢᠯᠭᠠᠬᠤ ᠠᠵᠢᠯᠳᠠᠨ ᠰᠠᠬᠢᠯᠭ᠎ᠠ ᠪᠠᠲᠤ᠎ᠶ᠋ᠢ ᠴᠢᠩᠭ᠎ᠠ ᠵᠢᠷᠤᠮᠯᠠᠨ᠂ ᠠᠵᠢᠯ᠎ᠤᠨ ᠵᠢᠷᠤᠮᠵᠢᠯ ᠪᠠ ᠨᠢᠭᠤᠴᠠ᠎ᠶ᠋ᠢ ᠬᠠᠮᠠᠭᠠᠯᠠᠬᠤ ᠲᠣᠭ᠍ᠲᠠᠭᠠᠯ᠎ᠢ ᠨᠠᠢᠳᠠᠪᠤᠷᠢᠵᠢᠭᠤᠯᠵᠤ᠂ ᠠᠷᠢᠭᠤᠨ ᠴᠢᠬᠡᠴᠢ ᠪᠠᠢᠵᠤᠪᠡᠶᠡᠪᠡᠨ ᠪᠠᠷᠢᠬᠤ᠎ᠶ᠋ᠢ ᠪᠡᠶᠡᠯᠡᠭᠦᠯᠦᠨ᠂ ᠡᠷᠬᠡ ᠲᠤᠱᠢᠶᠠᠯ᠎ᠢᠶᠠᠨ ᠳᠤᠷ᠎ᠠ᠎ᠪᠠᠷ᠎ᠢᠶᠠᠨ ᠬᠡᠷᠡᠭᠯᠡᠬᠦ᠌᠂ ᠡᠷᠬᠡ᠎ᠪᠡᠨ ᠠᠱᠢᠭ᠍ᠯᠠᠨ ᠠᠮᠢ᠎ᠪᠠᠨ ᠪᠣᠷᠳᠣᠬᠤ᠎ᠶ᠋ᠢ ᠴᠢᠩᠭ᠎ᠠ ᠴᠠᠭᠠᠵᠠᠯᠠᠵᠤ᠂ ᠬᠢᠨᠠᠨ ᠱᠢᠯᠭᠠᠬᠤ ᠰᠠᠬᠢᠯᠭ᠎ᠠ ᠪᠠᠲᠤ᠎ᠶ᠋ᠢ ᠵᠥᠷᠢᠴᠡᠭ᠌ᠰᠡᠳᠡᠴᠡ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠠ᠃
ᠠᠷᠪᠠᠨ ᠬᠣᠶᠠᠳᠤᠭᠠᠷ ᠵᠦᠶ᠋ᠯ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ) ᠨᠢ ᠦᠨᠳᠦᠰᠦᠨ ᠱᠠᠲᠤᠨ᠎ᠤ ᠬᠢᠨᠠᠨ ᠰᠢᠯᠭᠠᠬᠤ᠎ᠶ᠋ᠢ ᠴᠣᠮᠬᠠᠳᠭᠠᠨ ᠱᠢᠯᠢᠳᠡᠭ᠌ᠵᠢᠭᠦᠯᠬᠦ᠌ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠣᠰ ᠭᠠᠵᠠᠷ ᠣᠷᠣᠨ᠎ᠤ ᠬᠢᠨᠠᠨ ᠵᠥᠪᠱᠢᠶᠡᠷᠡᠭᠦᠯᠵᠦ᠍ ᠮᠡᠳᠡᠭᠦᠯᠦᠨ ᠳᠠᠩᠰᠠᠯᠠᠭᠤᠯᠬᠤ ᠬᠢᠨᠠᠨ ᠰᠢᠯᠭᠠᠬᠤ ᠲᠥᠯᠥᠪᠯᠡᠭᠡ ᠶᠣᠰᠣᠭᠠᠷ᠂ ᠪᠣᠳᠠᠲᠠᠶ᠎ᠲᠠᠶ᠎ᠪᠠᠨ ᠤᠶᠠᠯᠳᠤᠭᠤᠯᠤᠨ ᠳᠤᠤᠷᠠᠳᠤ ᠨᠢᠭᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠮᠵᠢ᠎ᠶ᠋ᠢᠨ ᠬᠠᠮᠢᠶ᠎ᠠ ᠪᠥᠬᠥᠶ ᠠᠭᠤᠯᠭ᠎ᠠ᠎ᠶ᠋ᠢ ᠬᠢᠨᠠᠨ ᠰᠢᠯᠭᠠᠬᠤ ᠬᠡᠷᠡᠭ᠌ᠲᠡᠶ᠃
ᠠᠷᠪᠠᠨ ᠭᠤᠷᠪᠠᠳᠤᠭᠠᠷ ᠵᠦᠢᠯ ᠲᠤᠰ ᠠᠷᠭ᠎ᠠ᠎ᠶ᠋ᠢ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠬᠤ ᠠᠵᠢᠯ᠎ᠤᠨ ᠤᠳᠤᠷᠢᠳᠭᠤ ᠳᠤᠭᠤᠢᠯᠠᠩ᠎ᠤᠨ ᠠᠯᠪᠠᠨ ᠭᠡᠷ᠎ᠡᠴᠡ ᠲᠥᠪ᠎ᠦᠨ ᠵᠣᠬᠢᠶᠠᠨ ᠪᠠᠢᠭᠤᠯᠬᠤ ᠬᠡᠯᠲᠡᠰ᠎ᠲᠡᠶ ᠵᠥᠪᠳᠡᠯᠴᠡᠵᠦ᠍ ᠪᠠᠢᠭᠠᠳ ᠲᠠᠢᠯᠪᠤᠷᠢᠯᠠᠨ᠎ᠠ᠃
ᠠᠷᠪᠠᠨ ᠳᠥᠷᠪᠡᠳᠦᠭᠡᠷ ᠵᠦᠢᠯ ᠲᠤᠰ ᠠᠷᠭ᠎ᠠ᠎ᠶ᠋ᠢ ᠨᠡᠢᠲᠡᠯᠡᠭ᠌ᠰᠡᠨ ᠡᠳᠦᠷ᠎ᠡᠴᠡ ᠡᠬᠢᠯᠡᠵᠦ᠍ ᠬᠡᠷᠡᠭ᠌ᠵᠢᠭᠦᠯᠦᠨ᠎ᠡ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ)