ᠲᠥᠪ᠎ᠦᠨ ᠤᠬᠠᠭᠤᠯᠬᠤ ᠬᠡᠯᠲᠡᠰ ᠵᠡᠷᠭᠡ ᠰᠠᠯᠠᠭ᠎ᠠ ᠮᠥᠴᠢᠷ 2026 ᠣᠨ᠎ᠤ ᠰᠣᠶᠣᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠡᠷᠡᠭᠦᠯ ᠬᠠᠮᠠᠭᠠᠯᠠᠯ 《ᠭᠤᠷᠪᠠ᠎ᠶᠢ ᠬᠥᠳᠡᠭᠡ ᠪᠠᠭᠤᠯᠭᠠᠬᠤ》 ᠠᠵᠢᠯᠯᠠᠭ᠎ᠠ᠎ᠶᠢ ᠪᠠᠢᠷᠢᠯᠠᠭᠤᠯᠤᠨ ᠥᠷᠨᠢᠭᠦᠯᠪᠡ
2026-05-11 09:38:44
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ ᠲᠥᠪ᠎ᠦᠨ ᠤᠬᠠᠭᠤᠯᠬᠤ ᠬᠡᠯᠲᠡᠰ᠂ ᠤᠯᠤᠰ᠎ᠤᠨ ᠬᠥᠭᠵᠢᠭᠦᠯᠦᠯᠲᠡ ᠪᠡ ᠥᠭᠡᠷᠡᠴᠢᠯᠡᠯᠲᠡ᠎ᠶᠢᠨ ᠵᠥᠪᠯᠡᠯ᠂ ᠰᠤᠷᠭᠠᠨ ᠬᠥᠮᠦᠵᠢᠯ᠎ᠦᠨ ᠶᠠᠮᠤᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠶᠠᠮᠤᠨ᠂ ᠬᠠᠤᠯᠢ ᠴᠠᠭᠠᠵᠠ᠎ᠶᠢᠨ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠂ ᠷᠠᠳᠢᠣ᠋ ᠲᠧᠯᠸᠢᠰ᠎ᠦᠨ ᠶᠡᠷᠦᠩᠬᠡᠢ ᠲᠣᠪᠴᠢᠶ᠎ᠠ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠶ᠎ᠠ᠂ ᠪᠦᠬᠦ ᠤᠯᠤᠰ᠎ᠤᠨ ᠡᠮᠡᠭᠲᠡᠢᠴᠦᠳ᠎ᠦᠨ ᠬᠣᠯᠪᠣᠭ᠎ᠠ᠂ ᠳᠤᠮᠳᠠᠳᠤ ᠤᠯᠤᠰ᠎ᠤᠨ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠨᠡᠢᠭᠡᠮᠯᠢᠭ ᠵᠡᠷᠬᠡ ᠰᠠᠯᠠᠭ᠎ᠠ ᠮᠦᠴᠢᠷ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠵᠤ᠂ 2026 ᠣᠨ᠎ᠤ ᠰᠣᠶᠣᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠡᠷᠡᠭᠦᠯ ᠬᠠᠮᠠᠭᠠᠯᠠᠯ 《ᠭᠤᠷᠪᠠ᠎ᠶᠢ ᠬᠥᠳᠡᠭᠡ ᠪᠠᠭᠤᠯᠭᠠᠬᠤ》 ᠠᠵᠢᠯᠯᠠᠭ᠎ᠠ᠎ᠶᠢ ᠪᠠᠢᠷᠢᠯᠠᠭᠤᠯᠤᠨ ᠥᠷᠨᠢᠭᠦᠯᠪᠡ᠃

ᠮᠡᠳᠡᠭᠳᠡᠯ᠎ᠳᠦ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠰᠢ᠎ᠶᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ᠎ᠶᠢᠨ ᠫᠢᠩ᠎ᠤᠨ 《ᠬᠦᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》 ᠤ᠋ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠡᠢᠭᠡᠮ ᠵᠢᠷᠤᠮ᠎ᠤᠨ ᠭᠣᠣᠯᠯᠠᠭ᠍ᠴᠢ ᠥᠷᠲᠡᠭ᠎ᠦᠨ ᠦᠵᠡᠯᠲᠡ᠎ᠪᠡᠷ ᠵᠢᠯᠣᠭᠣᠳᠤᠮᠵᠢ ᠪᠣᠯᠭᠠᠬᠤ᠎ᠶᠢ ᠪᠠᠷᠢᠮᠲᠠᠯᠠᠵᠤ᠂ ᠬᠥᠳᠡᠭᠡ ᠲᠣᠰᠬᠣᠨ᠎ᠤ ᠬᠥᠮᠥᠨ ᠠᠮᠠ᠎ᠶᠢᠨ ᠪᠦᠲᠦᠴᠡ ᠪᠣᠯᠣᠨ ᠲᠠᠷᠢᠶᠠᠴᠢᠳ᠎ᠤᠨ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠋᠎ᠤᠨ ᠬᠤᠪᠢᠷᠠᠯᠲᠠ᠎ᠳᠤ ᠰᠠᠨᠠᠭᠠᠴᠢᠯᠠᠭ᠎ᠠ ᠡᠴᠡ ᠪᠡᠨ ᠵᠤᠬᠢᠴᠠᠵᠤ᠂ ᠵᠣᠬᠢᠶᠠᠨ ᠪᠠᠢᠭᠤᠯᠤᠯᠲᠠ᠎ᠶᠢᠨ ᠠᠷᠭ᠎ᠠ ᠬᠡᠯᠪᠡᠷᠢ ᠪᠠ ᠠᠵᠢᠯᠯᠠᠭ᠎ᠠ᠎ᠶᠢᠨ ᠠᠭᠤᠯᠭ᠎ᠠ᠎ᠶᠢ ᠦᠷᠭᠦᠯᠵᠢᠯᠡᠨ ᠰᠠᠢᠵᠢᠷᠠᠭᠤᠯᠤᠨ ᠰᠢᠨ᠎ᠡ᠎ᠶᠢ ᠡᠭᠦᠳᠴᠦ᠂ ᠡᠯ᠎ᠡ ᠲᠠᠯ᠎ᠠ᠎ᠶᠢᠨ ᠬᠦᠴᠦᠨ᠎ᠢ ᠥᠷᠭᠡᠨ᠎ᠢᠶᠡᠷ ᠲᠠᠢ᠍ᠢᠴᠢᠯᠠᠵᠦ᠂ ᠨᠡᠩ ᠤᠯᠠᠨ ᠴᠢᠨᠠᠷ ᠰᠠᠢᠲᠠᠢ ᠰᠣᠶᠣᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠡᠷᠡᠭᠦᠯ ᠬᠠᠮᠠᠭᠠᠯᠠᠯ᠎ᠤᠨ ᠡᠬᠢ ᠪᠠᠶᠠᠯᠢᠭ᠋᠎ᠤᠨ ᠬᠥᠳᠡᠭᠡ ᠲᠣᠰᠬᠣᠨ᠎ᠳᠤ ᠰᠢᠭᠤᠳ ᠬᠦᠷᠬᠦ᠎ᠶᠢ ᠠᠬᠢᠭᠤᠯᠵᠤ᠂ 《ᠭᠤᠷᠪᠠ᠎ᠶᠢ ᠬᠥᠳᠡᠭᠡ ᠪᠠᠭᠤᠯᠭᠠᠬᠤ》 ᠠᠵᠢᠯᠯᠠᠭ᠎ᠠ᠎ᠶᠢ ᠬᠥᠳᠡᠭᠡ ᠲᠣᠰᠬᠣᠨ᠎ᠤ ᠪᠣᠳᠠᠲᠤ ᠪᠠᠢᠳᠠᠯ᠎ᠲᠠᠢ ᠨᠡᠩ ᠣᠢᠷᠠᠲᠤᠭᠤᠯᠤᠨ᠂ ᠲᠠᠷᠢᠶᠠᠴᠢᠳ᠎ᠤᠨ ᠬᠦᠰᠡᠯ ᠡᠷᠡᠮᠡᠯᠵᠡᠯ᠎ᠢ ᠨᠡᠩ ᠰᠠᠢᠲᠤᠷ ᠬᠠᠩᠭᠠᠵᠤ᠂ ᠦᠨᠳᠦᠰᠦᠨ ᠱᠠᠲᠤᠨ᠎ᠳᠤ ᠦᠨᠡᠨ ᠬᠦ᠌ ᠪᠣᠳᠠᠲᠤ ᠠᠰᠢᠭ᠋ ᠬᠦᠷᠲᠡᠭᠡᠵᠦ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ᠎ᠶᠢ ᠲᠦᠷᠭᠡᠳᠬᠡᠬᠦ᠎ᠳᠦ ᠬᠦᠴᠤᠨ ᠨᠡᠮᠡᠷᠢᠯᠡᠬᠦ ᠬᠡᠷᠡᠭᠳᠡᠢ ᠭᠡᠵᠤ ᠴᠢᠬᠤᠯᠠᠴᠢᠯᠠᠪᠠ᠃

ᠮᠡᠳᠡᠭᠳᠡᠯ᠎ᠳᠦ᠂ ᠰᠣᠶᠣᠯ ᠤᠷᠠᠯᠢᠭ᠋᠎ᠢ ᠬᠥᠳᠡᠭᠡ ᠪᠠᠭᠤᠯᠭᠠᠵᠤ᠂ ᠡᠯ᠎ᠡ ᠱᠠᠲᠤᠨ᠎ᠤ ᠡᠯ᠎ᠡ ᠲᠥᠷᠥᠯ᠎ᠦᠨ ᠤᠳᠬ᠎ᠠ ᠤᠷᠠᠯᠢᠭ᠋᠎ᠤᠨ ᠪᠦᠯᠬᠦᠮ᠎ᠢ ᠳᠠᠶ᠋ᠢᠴᠢᠯᠠᠨ ᠵᠣᠬᠢᠶᠠᠨ ᠪᠠᠢᠭᠤᠯᠵᠤ ᠬᠥᠳᠡᠭᠡ ᠲᠣᠰᠬᠣᠨ᠎ᠳᠤ ᠰᠣᠶᠣᠯ᠎ᠤᠨ ᠦᠢᠯᠡᠴᠢᠯᠡᠭᠡ ᠥᠷᠨᠢᠭᠦᠯᠵᠦ᠂ 《ᠬᠦᠳᠡᠭᠡ ᠲᠣᠰᠬᠣᠨ᠎ᠤ ᠦᠳᠡᠰᠢᠯᠡᠭᠡ》᠂ 《ᠬᠦᠳᠡᠭᠡ ᠲᠣᠰᠬᠣᠨ᠎ᠤ ᠳᠠᠭᠤᠤ᠎ᠶᠢᠨ ᠤᠷᠤᠯᠳᠤᠭᠠᠨ》 ᠵᠡᠷᠭᠡ ᠣᠯᠠᠨ ᠲᠦᠮᠡᠨᠴᠢ ᠴᠢᠨᠠᠷᠲᠠᠢ ᠰᠣᠶᠣᠯ ᠪᠠᠶ᠎ᠠ ᠵᠢᠨ ᠲᠠᠮᠢᠷ᠎ᠤᠨ ᠠᠵᠢᠯᠯᠠᠭ᠎ᠠ ᠎ᠶᠢ ᠦᠨᠡᠨ ᠪᠣᠳᠠᠲᠠᠢ ᠳᠡᠮᠵᠢᠵᠦ᠂ ᠲᠠᠷᠢᠶᠠᠴᠢᠨ ᠲᠦᠮᠡᠨ᠎ᠦ ᠣᠶᠤᠨ ᠰᠠᠨᠠᠭ᠎ᠠ ᠰᠣᠶᠣᠯ᠎ᠤᠨ ᠬᠡᠷᠡᠭᠴᠡᠭᠡ ᠎ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ᠃ ᠬᠠᠤᠯᠢ ᠴᠠᠭᠠᠵᠠ᠎ᠶᠢᠨ ᠦᠢᠯᠡᠴᠢᠯᠡᠭᠡ᠎ᠶᠢ ᠬᠥᠳᠡᠭᠡ ᠲᠣᠰᠬᠣᠨ᠎ᠳᠤ ᠬᠦᠷᠭᠡᠵᠦ᠂ ᠬᠥᠳᠡᠭᠡ ᠲᠣᠰᠬᠣᠨ᠎ᠤ ᠭᠣᠣᠯ ᠰᠡᠳᠦᠪᠲᠦ ᠬᠠᠤᠯᠢ ᠵᠢᠨ ᠮᠡᠳᠡᠯᠬᠡ ᠵᠢ ᠲᠦᠭᠡᠮᠡᠯᠵᠢᠭᠦᠯᠬᠦ ᠠᠵᠢᠯᠯᠠᠭ᠎ᠠ᠎ᠶᠢ ᠪᠠᠢᠩᠭᠤᠵᠢᠭᠤᠯᠤᠨ ᠥᠷᠨᠢᠭᠦᠯᠵᠦ᠂ ᠬᠥᠳᠡᠭᠡ ᠲᠣᠰᠬᠣᠨ᠎ᠤ 《ᠬᠠᠤᠯᠢ ᠴᠠᠭᠠᠵᠠ ᠵᠢ ᠰᠠᠢᠳᠤᠷ ᠤᠢᠯᠠᠭᠠᠬᠤ ᠬᠥᠮᠥᠨ》᠂ 《ᠬᠠᠤᠯᠢ ᠪᠡᠷ ᠵᠠᠰᠠᠬᠤ ᠵᠢᠨ ᠳᠠᠭᠠᠭᠤᠯᠤᠭ᠍ᠴᠢ》 ᠶ᠋ᠢ ᠬᠥᠮᠥᠵᠢᠭᠦᠯᠬᠦ᠎ᠶᠢ ᠴᠢᠩᠭᠠᠳᠬᠠᠬᠤ ᠬᠡᠷᠡᠭᠳᠡᠢ᠃ ᠲᠠᠷᠢᠶᠠᠯᠠᠩ᠎ᠤᠨ ᠮᠡᠷᠭᠡᠵᠢᠯ᠎ᠢ ᠬᠥᠳᠡᠭᠡ ᠳᠤᠰᠬᠤᠨ᠎ᠳᠦ ᠬᠦᠷᠭᠡᠵᠦ᠂ ᠬᠥᠳᠡᠭᠡ ᠲᠣᠰᠬᠣᠨ᠎ᠤ ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠲᠤᠰᠬᠠᠢ ᠰᠡᠳᠦᠪᠲᠦ ᠪᠣᠯᠪᠠᠰᠤᠷᠠᠯ᠎ᠢ ᠥᠷᠨᠢᠭᠦᠯᠵᠦ᠂ ᠲᠠᠷᠢᠶᠠᠯᠠᠩ᠎ᠤᠨ ᠪᠦᠲᠦᠭᠡᠭᠳᠡᠬᠦᠨ᠎ᠢ ᠳᠡᠯᠭᠡᠷᠡᠭᠦᠯᠬᠦ᠂ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ᠎ᠶᠢ ᠠᠬᠢᠭᠤᠯᠵᠤ᠂ ᠲᠠᠷᠢᠶᠠᠴᠢᠨ ᠲᠦᠮᠡᠨ᠎ᠦ ᠪᠠᠶᠠᠵᠢᠵᠦ ᠣᠷᠣᠯᠭ᠎ᠠ᠎ᠪᠠᠨ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠬᠦ ᠬᠡᠷᠡᠭᠳᠡᠢ᠃ ᠰᠢᠨᠵᠢᠯᠡᠬᠦ ᠤᠬᠠᠭᠠᠨ᠎ᠤ ᠮᠡᠳᠡᠯᠭᠡ᠎ᠶᠢ ᠬᠥᠳᠡᠭᠡ ᠲᠣᠰᠬᠣᠨ᠎ᠳᠤ ᠬᠦᠷᠭᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠠᠵᠢᠯᠯᠠᠭ᠎ᠠ ᠵᠢ ᠰᠢᠨ᠎ᠡ ᠵᠢ ᠡᠭᠦᠳᠦᠨ ᠡᠷᠬᠢᠯᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ ᠰᠢᠯᠢᠳᠡᠭ ᠪᠦᠲᠦᠭᠡᠯ᠎ᠢ ᠵᠣᠬᠢᠶᠠᠨ ᠪᠦᠲᠦᠭᠡᠬᠦ ᠬᠡᠷᠡᠭᠳᠡᠢ᠃ ᠡᠮᠴᠢᠯᠡᠭᠡᠨ᠎ᠦ ᠡᠬᠢ ᠪᠠᠶᠠᠯᠢᠭ᠋᠎ᠢ ᠬᠥᠳᠡᠭᠡ ᠲᠣᠰᠬᠣᠨ᠎ᠳᠤ ᠬᠦᠷᠭᠡᠵᠦ᠂ ᠠᠯᠪᠠᠨ ᠵᠢᠷᠤᠮ᠎ᠤᠨ ᠡᠮᠴᠢᠯᠡᠭᠡᠨ᠎ᠦ ᠠᠵᠢᠯᠯᠠᠭ᠎ᠠ᠎ᠶᠢᠨ ᠭᠠᠷᠠᠭ᠂ ᠨᠡᠷᠡᠲᠦ ᠡᠮᠴᠢ᠎ᠶᠢ ᠦᠨᠳᠦᠰᠦᠨ ᠱᠠᠲᠤᠨ᠎ᠳᠤ ᠣᠴᠢᠭᠤᠯᠬᠤ ᠵᠡᠷᠭᠡ ᠠᠵᠢᠯᠯᠠᠭ᠎ᠠ᠎ᠶᠢ ᠵᠣᠬᠢᠶᠠᠨ ᠪᠠᠢᠭᠤᠯᠵᠤ᠂ ᠰᠢᠶᠠᠩ᠂ ᠭᠠᠴᠠᠭ᠎ᠠ ᠬᠣᠶᠠᠷ ᠱᠠᠲᠤᠨ᠎ᠳᠦ ᠲᠣᠮᠢᠯᠠᠨ ᠰᠠᠭᠤᠯᠭᠠᠬᠤ ᠪᠠ ᠲᠣᠭᠣᠷᠢᠨ ᠡᠮᠴᠢᠯᠡᠬᠦ ᠦᠢᠯᠡᠴᠢᠯᠡᠭᠡ᠎ᠶᠢ ᠥᠷᠨᠢᠭᠦᠯᠵᠦ᠂ ᠴᠢᠨᠠᠷ ᠰᠠᠢᠲᠠᠢ ᠡᠮᠴᠢᠯᠡᠭᠡᠨ᠎ᠦ ᠡᠬᠢ ᠪᠠᠶᠠᠯᠢᠭ᠋᠎ᠢ ᠲᠠᠷᠢᠶᠠᠴᠢᠨ ᠲᠦᠮᠡᠨ᠎ᠦ ᠳᠡᠷᠭᠡᠳᠡ ᠬᠦᠷᠭᠡᠬᠦ ᠬᠡᠷᠡᠭᠳᠡᠢ᠃ ᠨᠡᠶ᠋ᠢᠲᠡ᠎ᠶᠢᠨ ᠠᠰᠠᠷᠠᠮᠵᠢ᠎ᠶᠢᠨ ᠦᠢᠯᠡᠴᠢᠯᠡᠭᠡ᠎ᠶᠢ ᠬᠥᠳᠡᠭᠡ ᠳᠤᠰᠬᠤᠨ᠎ᠳᠦ ᠬᠦᠷᠭᠡᠵᠦ᠂ ᠬᠥᠳᠡᠭᠡ ᠲᠣᠰᠬᠣᠨ᠎ᠤ ᠬᠡᠦᠬᠡᠳ᠂ ᠡᠮᠡᠭᠲᠡᠢᠴᠦᠳ᠂ ᠨᠠᠰᠤᠲᠠᠢᠴᠤᠳ ᠵᠡᠷᠭᠡ ᠬᠦᠮᠦᠰ ᠲᠤ᠌ ᠬᠠᠨᠳᠤᠭᠤᠯᠤᠨ ᠬᠠᠯᠠᠮᠵᠢᠯᠠᠨ ᠬᠠᠢᠷᠠᠯᠠᠵᠤ ᠬᠠᠪᠰᠤᠷᠤᠨ ᠲᠡᠳᠬᠦᠬᠦ ᠠᠵᠢᠯᠯᠠᠭ᠎ᠠ᠎ᠶᠢ ᠬᠠᠨᠳᠤᠯᠭᠠᠲᠤ ᠴᠢᠨᠠᠷᠲᠠᠢ᠎ᠪᠠᠷ ᠥᠷᠨᠢᠭᠦᠯᠵᠦ᠂ ᠬᠥᠳᠡᠭᠡ ᠲᠣᠰᠬᠣᠨ᠎ᠤ ᠤᠷᠤᠭᠯᠠᠬᠤ᠎ᠳᠤ ᠲᠣᠬᠢᠷᠠᠬᠤ ᠬᠦᠮᠦᠰ᠎ᠤᠨ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠤᠷᠤᠭ ᠢᠨᠠᠭ᠎ᠤᠨ ᠦᠢᠯᠡᠴᠢᠯᠡᠭᠡ ᠪᠠ ᠬᠠᠯᠠᠮᠵᠢᠯᠠᠨ ᠬᠠᠢᠷᠠᠯᠠᠬᠤ᠎ᠶᠢ ᠴᠢᠩᠭᠠᠳᠬᠠᠬᠤ ᠬᠡᠷᠡᠭᠳᠡᠢ ᠭᠡᠵᠦ ᠳᠤᠷᠠᠳᠴᠠᠢ᠃

ᠮᠡᠳᠡᠭᠳᠡᠯ᠎ᠳᠦ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠠᠷᠢᠨ ᠨᠢᠮᠪᠠᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠪᠣᠳᠠᠳᠤ ᠦᠷ᠎ᠡ ᠪᠦᠲᠦᠮᠵᠢ᠎ᠶᠢ ᠴᠢᠬᠤᠯᠠᠴᠢᠯᠠᠨ᠂ ᠨᠡᠢᠲᠡᠯᠢᠭ ᠵᠢᠱ᠌ᠢᠶ᠎ᠡ ᠦᠵᠡᠭᠦᠯᠬᠦ᠎ᠶᠢ ᠴᠢᠩᠭᠠᠳᠬᠠᠵᠤ᠂ ᠲᠤᠷᠰᠢᠯᠭ᠎ᠠ᠎ᠪᠠᠨ ᠳ᠋ᠦᠩᠨᠡᠨ ᠳᠡᠯᠭᠡᠷᠡᠭᠦᠯᠵᠦ᠂ 《ᠭᠤᠷᠪᠠ᠎ᠶᠢ ᠬᠥᠳᠡᠭᠡ ᠪᠠᠭᠤᠯᠭᠠᠬᠤ》 ᠠᠵᠢᠯᠯᠠᠭ᠎ᠠ᠎ᠶᠢ ᠦᠷᠭᠦᠯᠵᠢ ᠰᠢᠶᠠᠩ᠎ᠳᠤ ᠪᠠᠢᠯᠭᠠᠬᠤ᠂ ᠰᠢᠶᠠᠩ᠎ᠳᠤ ᠪᠠᠢᠩᠭᠤ ᠠᠰᠢᠭ᠋ ᠬᠦᠷᠲᠡᠭᠡᠬᠦ᠎ᠶᠢ ᠠᠬᠢᠭᠤᠯᠬᠤ ᠬᠡᠷᠡᠭᠲᠡᠢ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠲᠥᠪ᠎ᠤᠨ ᠨᠠᠢ᠍ᠮᠠᠨ ᠲᠣᠭᠲᠠᠭᠠᠯ ᠵᠢᠴᠢ ᠲᠡᠭᠦᠨ᠎ᠢ ᠬᠡᠷᠡᠭᠵᠢᠭᠦᠯᠬᠦ ᠨᠠᠷᠢᠨ ᠳᠦᠷᠢᠮ᠎ᠦᠨ ᠵᠣᠷᠢᠭ᠋ ᠰᠠᠨᠠᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠦᠨᠳᠦᠰᠦᠨ ᠱᠠᠲᠤᠨ᠎ᠤ ᠳᠠᠷᠤᠭᠠᠰᠤ᠎ᠶᠢ ᠬᠦᠨᠳᠦᠷᠡᠭᠦᠯᠵᠤ ᠪᠤᠯᠬᠤ ᠦᠭᠡᠢ ᠭᠡᠵᠦ ᠱᠠᠭᠠᠷᠳᠠᠪᠠ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 5 ᠰᠠᠷ᠎ᠠ᠎ᠶᠢᠨ 8᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号