ᠬᠥᠬᠡᠬᠣᠲᠠ 2026 ᠣᠨ ᠤ᠋ 1 ᠳ᠋ᠤᠭᠡᠷ ᠲᠣᠭᠠᠲᠤ ᠣᠶ ᠰᠢᠭᠤᠢ ᠵᠢᠨ ᠳᠠᠷᠤᠭ᠎ᠠ ᠵᠢᠨ ᠵᠠᠷᠯᠢᠭ ᠢ᠋ ᠨᠡᠢᠲᠡᠯᠡᠪᠡ
2026-05-11 10:50:00
ᠵᠣᠬᠢᠶᠠᠭ᠍ᠴᠢ᠄
​ᠨᠠᠮᠤᠭ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠬᠦᠬᠡᠬᠤᠲᠠ ᠵᠢᠨ 2026 ᠣᠨ ᠤ᠋ 1 ᠳ᠋ᠤᠭᠡᠷ ᠲᠣᠭᠠᠲᠤ ᠤᠢ ᠰᠢᠭᠤᠢ ᠵᠢᠨ ᠳᠠᠷᠤᠭ᠎ᠠ ᠵᠢᠨ ᠵᠠᠷᠯᠢᠭ ᠢ᠋ ᠵᠢᠩᠬᠢᠨᠢ ᠪᠡᠷ ᠨᠡᠢᠲᠡᠯᠡᠵᠦ᠍᠂ 《ᠬᠥᠬᠡᠬᠣᠲᠠ ᠵᠢᠨ 2026 ᠣᠨ ᠤ᠋ ᠣᠶ ᠰᠢᠭᠤᠢ ᠵᠢᠨ ᠳᠠᠷᠤᠭ᠎ᠠ ᠵᠢᠨ ᠲᠦᠷᠢᠮ ᠤ᠋ᠨ ᠠᠵᠢᠯ ᠤ᠋ᠨ ᠭᠤᠤᠯᠳᠠᠯᠭ᠎ᠠ》 ᠶ᠋ᠢ ᠳᠠᠷᠤᠮᠠᠯᠯᠠᠨ ᠲᠠᠷᠬᠠᠭᠠᠪᠠ᠃ 2026 ᠣᠨ᠎ᠳᠤ᠂ ᠬᠥᠬᠡᠬᠣᠲᠠ ᠵᠢᠨ ᠣᠶ ᠱᠢᠭᠤᠶ ᠵᠢᠨ ᠳᠠᠷᠤᠭ᠎ᠠ ᠵᠢᠨ ᠲᠦᠷᠢᠮ ᠤ᠋ᠨ ᠠᠵᠢᠯ᠎ᠨᠢ ᠬᠠᠷᠢᠭᠤᠴᠠᠯᠭ᠎ᠠ ᠵᠢᠨ ᠱᠢᠰᠲ᠋ᠧᠮ ᠢ᠋ ᠴᠢᠩᠭᠠᠳᠭᠠᠬᠤ᠂ ᠠᠮᠢ ᠠᠬᠤᠶ᠎ᠶ᠋ᠢ ᠰᠡᠷᠭᠦᠭᠡᠬᠦ᠌ ᠂ ᠠᠮᠤᠷ ᠲᠦᠪᠱᠢᠨ ᠤ᠋ ᠬᠣᠷᠢᠭ᠎ᠠ ᠱᠤᠭᠤᠮ ᠢ᠋ ᠴᠢᠩᠭ᠎ᠠ ᠰᠠᠬᠢᠬᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ ᠶ᠋ᠢ ᠭᠦᠨᠵᠡᠭᠡᠢᠷᠡᠭᠦᠯᠬᠦ᠌᠂ ᠦᠶ᠋ᠯᠡᠴᠢᠯᠡᠭᠡᠨ ᠤ᠋ ᠪᠠᠲᠤᠯᠠᠭ᠎ᠠ᠎ᠶ᠋ᠢ ᠴᠢᠩᠭᠠᠳᠭᠠᠬᠤ ᠵᠡᠷᠭᠡ 5 ᠲᠠᠯ᠎ᠠ᠎ᠪᠠᠷ ᠳᠠᠮᠵᠢᠭᠤᠯᠤᠨ᠂ 18 ᠵᠦᠶ᠋ᠯ ᠤ᠋ᠨ ᠭᠤᠤᠯᠳᠠᠯᠭ᠎ᠠ᠎ᠲᠠᠶ ᠠᠵᠢᠯ ᠢ᠋ ᠱᠢᠰᠲ᠋ᠧᠮ᠎ᠲᠡᠶ ᠠᠬᠢᠭᠤᠯᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ ᠤ᠋ᠨ ᠬᠣᠱᠢᠭᠤᠴᠢ ᠣᠷᠣᠨ ᠤ᠋ ᠪᠥᠲᠥᠭᠡᠨ ᠪᠠᠢᠭᠤᠯᠤᠯᠲᠠ᠎ᠳᠤ ᠠᠮᠢ ᠠᠬᠤᠶ ᠵᠢᠨ ᠰᠠᠭᠤᠷᠢ᠎ᠶ᠋ᠢ ᠪᠡᠬᠢᠵᠢᠭᠦᠯᠪᠡ᠃

ᠱᠠᠲᠤ ᠬᠤᠪᠢᠶᠠᠨ ᠬᠠᠮᠢᠶᠠᠷᠤᠨ ᠡᠵᠡᠮᠳᠡᠬᠦ᠌ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠣᠶ ᠱᠢᠭᠤᠶ ᠵᠢᠨ ᠲᠣᠭᠣᠷᠢᠨ ᠪᠠᠢᠴᠠᠭᠠᠬᠤ ᠠᠰᠠᠭᠤᠳᠠᠯ ᠢ᠋ ᠪᠢᠲᠡᠭᠦᠮᠵᠢᠯᠡᠭ᠌ᠰᠡᠨ ᠴᠡᠭ᠌ᠴᠡᠯᠡᠨ ᠰᠠᠢᠵᠢᠷᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ; 《ᠤᠢ ᠱᠢᠭᠤᠢ ᠵᠢᠨ ᠳᠠᠷᠤᠭ᠎ᠠ + ᠴᠠᠭ᠍ᠳᠠᠭᠠᠨ ᠳᠠᠷᠤᠭ᠎ᠠ + ᠪᠠᠢᠴᠠᠭᠠᠬᠤ ᠳᠠᠷᠤᠭ᠎ᠠ》 ᠵᠢᠨ ᠬᠠᠮᠵᠢᠯᠴᠠᠬᠤ ᠲᠣᠭ᠍ᠲᠠᠴᠠ᠎ᠶ᠋ᠢ ᠭᠦᠨᠵᠡᠭᠡᠢᠷᠡᠭᠦᠯᠵᠦ᠍᠂ ᠰᠠᠯᠠᠭ᠎ᠠ ᠮᠥᠴᠢᠷ ᠠᠯᠤᠰᠯᠠᠭ᠍ᠰᠠᠨ᠂ ᠣᠷᠣᠨ ᠪᠦᠰᠡ ᠠᠯᠤᠰᠯᠠᠭ᠍ᠰᠠᠨ ᠬᠠᠮᠵᠢᠯᠴᠠᠨ ᠪᠣᠭᠣᠮᠲᠠ ᠱᠢᠪᠲᠤᠯᠬᠤ᠎ᠶ᠋ᠢ ᠠᠬᠢᠭᠤᠯᠤᠨ᠎ᠠ; ᠵᠦᠷᠢᠶᠡᠴᠢᠯᠡᠭ᠌ᠰᠡᠨ ᠱᠢᠯᠭᠠᠨ ᠬᠢᠨᠠᠵᠤ ᠦᠨᠡᠯᠡᠬᠦ᠌ ᠱᠢᠰᠲ᠋ᠧᠮ ᠢ᠋ ᠱᠢᠯᠢᠳᠡᠭ᠌ᠵᠢᠭᠦᠯᠵᠦ᠍᠂《ᠤᠮᠠᠷᠠᠲᠤ ᠵᠢᠨ ᠭᠤᠷᠪᠠᠨ ᠤᠷᠤᠨ》ᠤ᠋ ᠢᠨᠵᠧᠨᠧᠷᠢᠩ ᠤ᠋ᠨ ᠪᠥᠲᠥᠭᠡᠨ ᠪᠠᠢᠭᠤᠯᠤᠯᠲᠠ᠂ ᠪᠡᠯᠴᠢᠭᠡᠷᠯᠡᠭᠦᠯᠬᠦ ᠶ᠋ᠢ ᠴᠠᠭᠠᠵᠠᠯᠠᠵᠤ ᠪᠡᠯᠴᠢᠭᠡᠷ ᠢ᠋ ᠠᠮᠠᠷᠠᠭᠤᠯᠬᠤ ᠵᠡᠷᠭᠡ᠎ᠶ᠋ᠢ ᠣᠷᠣᠨ ᠨᠤᠲᠤᠭ ᠤ᠋ᠨ ᠨᠠᠮ ᠵᠠᠰᠠᠭ ᠤ᠋ᠨ ᠤᠳᠤᠷᠢᠳᠭᠤ ᠪᠠᠭ ᠤ᠋ᠨ ᠣᠨ ᠤ᠋ ᠱᠢᠯᠭᠠᠨ ᠬᠢᠨᠠᠬᠤ ᠭᠦᠶ᠋ᠴᠡᠳᠭᠡᠯ ᠲᠣᠭ᠎ᠠ᠎ᠳᠤ ᠣᠷᠣᠭᠤᠯᠤᠨ᠎ᠠ;ᠣᠶ ᠰᠢᠭᠤᠢ ᠵᠢᠨ ᠳᠠᠷᠤᠭ᠎ᠠ ᠵᠢᠨ ᠲᠦᠷᠢᠮ ᠡᠯ᠎ᠡ ᠱᠠᠲᠤᠨ ᠤ᠋ ᠤᠢ ᠱᠢᠭᠤᠢ ᠵᠢᠨ ᠳᠠᠷᠤᠭ᠎ᠠ ᠵᠢᠨ ᠤᠢ ᠱᠢᠭᠤᠢ ᠨᠤᠲᠤᠭ ᠪᠡᠯᠴᠢᠭᠡᠷ ᠨᠤᠭᠤ ᠭᠠᠵᠠᠷ ᠢ᠋ ᠬᠠᠮᠠᠭᠠᠯᠠᠬᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠬᠤ᠎ᠪᠠᠷ ᠭᠣᠣᠯ ᠪᠣᠯᠭᠠᠵᠤ᠂ ᠤᠢ ᠱᠢᠭᠤᠢ ᠵᠢᠨ ᠳᠠᠷᠤᠭ᠎ᠠ ᠵᠢᠨ ᠡᠭᠦᠷᠭᠡ ᠲᠤᠱᠢᠶᠠᠯ ᠵᠢᠨᠨ ᠭᠦᠢᠴᠡᠳᠭᠡᠬᠦ᠌  ᠦᠷ᠎ᠡ  ᠪᠦᠲᠦᠮᠵᠢ᠎ᠶ᠋ᠢ ᠪᠦᠬᠦ᠌ ᠲᠠᠯ᠎ᠠ᠎ᠪᠠᠷ  ᠳᠡᠭᠡᠭ᠌ᠰᠢᠯᠡᠭᠦᠯᠬᠦ᠌  ᠬᠡᠷᠡᠭ᠌ᠲᠡᠢ ᠭᠡᠵᠤ ᠱᠠᠭᠠᠷᠳᠠᠪᠠ᠃

5 ᠲᠦᠮᠡᠨ ᠮᠤ᠌᠎ᠡᠴᠡ ᠳᠡᠭᠡᠭ᠌ᠰᠢ ᠡᠯᠡᠰᠦ᠎ᠶ᠋ᠢ ᠰᠡᠷᠭᠡᠢᠯᠡᠨ ᠵᠠᠰᠠᠵᠤ᠂ 《ᠬᠣᠶᠠᠷ ᠪᠦᠰᠡ ᠭᠤᠷᠪᠠᠨ ᠱᠤᠭᠤᠮ ᠳᠥᠷᠪᠡᠨ ᠬᠤᠪᠢᠶᠠᠷᠢ ᠣᠷᠣᠨ ᠣᠯᠠᠨ ᠬᠣᠩᠭᠢᠯ ᠣᠯᠠᠨ ᠵᠠᠩᠭᠢᠯᠠᠭ᠎ᠠ ᠵᠢᠨ ᠴᠡᠭ》 ᠤ᠋ᠨ ᠬᠣᠲᠠ ᠵᠢᠨ ᠬᠠᠯᠬᠠᠪᠴᠢ ᠣᠶ ᠵᠢᠨ ᠱᠢᠰᠲ᠋ᠧᠮ ᠢ᠋ ᠪᠠᠢᠭᠤᠯᠤᠨ᠎ᠠ;319.26 ᠲᠦᠮᠡᠨ ᠮᠥ᠍ ᠤᠯᠤᠰ ᠤ᠋ᠨ ᠲᠠᠰ ᠤ᠋ᠨ ᠨᠡᠢᠲᠡ ᠵᠢᠨ ᠠᠰᠠᠷᠠᠮᠵᠢ ᠵᠢᠨ ᠣᠶ ᠵᠢᠨ ᠬᠠᠮᠢᠶᠠᠷᠤᠯᠲᠠ ᠬᠠᠮᠠᠭᠠᠯᠠᠯᠲᠠ᠎ᠶ᠋ᠢ ᠨᠠᠢᠳᠠᠪᠤᠷᠢᠵᠢᠭᠤᠯᠵᠤ᠂ ᠨᠤᠲᠤᠭ ᠪᠡᠯᠴᠢᠭᠡᠷ ᠢ᠋ ᠬᠢᠨᠠᠨ ᠬᠡᠮᠵᠢᠬᠦ᠌ ᠥᠯᠢᠭᠡᠷ ᠭᠠᠵᠠᠷ ᠢ᠋ ᠱᠢᠨᠵᠢᠯᠡᠬᠦ᠌ ᠤᠬᠠᠭᠠᠨᠴᠢ᠎ᠪᠠᠷ ᠪᠠᠢᠷᠢᠯᠠᠭᠤᠯᠤᠨ᠎ᠠ;ᠣᠶ ᠱᠢᠭᠤᠶ ᠪᠠ ᠨᠤᠲᠤᠭ ᠪᠡᠯᠴᠢᠭᠡᠷ ᠤ᠋ᠨ ᠲᠦᠢᠮᠡᠷ ᠰᠡᠷᠭᠡᠢᠯᠡᠬᠦ᠌ ᠠᠵᠢᠯ ᠢ᠋ ᠪᠠᠢᠩᠭᠤᠵᠢᠭᠤᠯᠤᠨ ᠥᠷᠨᠢᠭᠦᠯᠵᠦ᠍᠂ ᠭᠠᠳᠠᠨ᠎ᠠ ᠡᠴᠡ ᠤᠷᠤᠵᠤ ᠢᠷᠡᠬᠦ ᠬᠥᠨᠥᠭᠡᠯᠲᠤ ᠠᠮᠢᠳᠤ ᠪᠣᠳᠠᠰ ᠢ᠋ ᠴᠢᠩᠭ᠎ᠠ ᠰᠡᠷᠭᠡᠢᠯᠡᠨ᠎ᠡ;ᠣᠶ ᠱᠢᠭᠤᠶ ᠡᠪᠡᠰᠦᠨ ᠤ᠋ ᠠᠵᠤ ᠦᠶ᠋ᠯᠡᠰ ᠢ᠋ ᠬᠦᠴᠦᠷᠬᠡᠭ᠌ᠵᠢᠭᠦᠯᠦᠨ᠂《ᠴᠡᠯᠡᠭᠡᠷ ᠣᠶ ᠱᠢᠭᠤᠶ ᠡᠪᠡᠰᠦᠨ ᠤ᠋ ᠰᠢᠯᠢᠳᠡᠭ ᠪᠦᠲᠦᠭᠡᠭ᠌ᠳᠡᠬᠦᠨ》 ᠤ᠋ ᠣᠷᠣᠨ ᠪᠦᠰᠡ ᠵᠢᠨ ᠨᠡᠢᠲᠡ ᠵᠢᠨ ᠬᠡᠷᠡᠭ᠌ᠯᠡᠭᠡᠨ ᠤ᠋ ᠨᠠᠷᠠᠲᠤ ᠲᠦᠷᠦᠯ ᠲᠡᠮᠳᠡᠭ᠌ᠲᠦ ᠶ᠋ᠢ ᠪᠣᠶ ᠪᠣᠯᠭᠠᠵᠤ᠂ ᠣᠶ ᠱᠢᠭᠤᠶ ᠡᠪᠡᠰᠦᠨ ᠤ᠋ ᠦᠶ᠋ᠯᠡᠳᠬᠦᠨ ᠤ᠋ ᠥᠷᠲᠡᠭ ᠢ᠋ 110 ᠳ᠋ᠦᠩᠱᠢᠭᠤᠷ ᠲᠥᠭᠥᠷᠢᠭ᠎ᠡᠴᠡ ᠳᠡᠭᠡᠭ᠌ᠰᠢ ᠲᠣᠭ᠍ᠲᠠᠪᠤᠷᠢᠵᠢᠭᠤᠯᠬᠤ᠎ᠶ᠋ᠢ ᠪᠠᠲᠤᠯᠠᠨ᠎ᠠ; ᠣᠢ ᠱᠢᠭᠤᠢ ᠵᠢᠨ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭ᠎ᠠ᠎ᠶ᠋ᠢ ᠯᠠᠪᠳᠠᠭᠤᠨ ᠵᠢᠡᠷ ᠠᠬᠢᠭᠤᠯᠵᠤ᠂ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭ᠎ᠠ ᠵᠢᠨ ᠠᠷᠠᠯᠵᠢᠶᠠᠨ ᠤ᠋ ᠦᠢᠯᠡᠴᠢᠯᠡᠭᠡᠨ ᠤ᠋ ᠲᠥᠪ ᠤ᠋ᠨ ᠪᠦᠲᠦᠭᠡᠨ ᠪᠠᠢᠭᠤᠯᠤᠯᠲᠠ᠎ᠶ᠋ᠢ ᠪᠡᠶᠡᠯᠡᠭᠦᠯᠦᠨ᠎ᠡ;ᠣᠶ ᠰᠢᠭᠤᠢ ᠵᠢᠨ ᠳᠠᠷᠤᠭ᠎ᠠ ᠵᠢᠨ ᠲᠦᠷᠢᠮ ᠭᠣᠣᠯᠳᠠᠯᠭ᠎ᠠ᠎ᠲᠠᠶ ᠡᠭᠦᠷᠭᠡ᠎ᠳᠦ ᠠᠩᠬᠠᠷᠤᠯ ᠵᠢᠡᠨ ᠲᠥᠪᠯᠡᠷᠡᠭᠦᠯᠵᠦ᠍᠂ ᠤᠢ ᠱᠢᠭᠤᠢ ᠪᠠ ᠨᠤᠲᠤᠭ ᠪᠡᠯᠴᠢᠭᠡᠷ ᠤ᠋ᠨ ᠦᠢᠯᠡᠰ ᠤ᠋ᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠤ ᠴᠢᠩᠭᠠᠳᠬᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号