ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠬᠠᠮᠠᠳ ᠺᠠᠳ᠋ᠷ᠎ᠤ᠋ᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠵᠡᠷᠭᠡ 17 ᠰᠠᠯᠠᠭ᠎ᠠ ᠮᠥᠴᠢᠷ ᠬᠠᠮᠲᠤᠷᠠᠨ《ᠨᠠᠰᠤᠲᠠᠢᠴᠤᠳ᠎ᠤᠨ ᠨᠡᠢᠭᠡᠮ᠎ᠦᠨ ᠠᠵᠢᠯᠯᠠᠭ᠎ᠠ ᠳ᠋ᠤ ᠤᠷᠤᠯᠴᠠᠬᠤ᠎ᠶ᠋ᠢ ᠳᠡᠮᠵᠢᠵᠦ᠍ ᠨᠠᠰᠤᠳᠠᠢᠴᠤᠳ᠎ᠤᠨ ᠦᠳᠡᠯᠦᠭᠡ ᠨᠠᠰᠤᠨ ᠳ᠋ᠠᠭᠠᠨ ᠬᠢᠬᠦ ᠶᠠᠪᠤᠳᠠᠯ᠎ᠲᠠᠶ ᠪᠠᠢᠬᠤ ᠵᠢ ᠠᠬᠢᠭᠤᠯᠬᠤ ᠠᠵᠢᠯ᠎ᠤᠨ ᠠᠷᠭ᠎ᠠ ᠬᠡᠮᠵᠢᠶ᠎ᠡ》 (ᠲᠤᠤᠷ᠎ᠠ 《ᠠᠷᠭ᠎ᠠ ᠬᠡᠮᠵᠢᠶ᠎ᠠ》 ᠬᠡᠵᠤ ᠲᠤᠪᠴᠢᠯᠠᠨ᠎ᠠ) ᠶ᠋ᠢ ᠳᠠᠷᠤᠮᠠᠯᠯᠠᠨ ᠲᠠᠷᠬᠠᠭᠠᠵᠤ᠂ ᠨᠠᠰᠤᠲᠠᠢᠴᠤᠳ᠎ᠤᠨ ᠤᠯᠤᠰ ᠲᠥᠷᠥᠳᠦ ᠣᠷᠣᠯᠴᠠᠬᠤ ᠲᠦᠪᠱᠢᠨ᠎ᠢ ᠳᠡᠭᠡᠭ᠌ᠰᠢᠯᠡᠭᠦᠯᠬᠦ᠌᠂ ᠨᠠᠰᠤᠲᠠᠢᠴᠤᠳ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠨᠢ ᠪᠠᠢᠩᠭᠤ ᠪᠦᠲᠦᠮᠵᠢᠲᠡᠶ ᠥᠷᠨᠢᠬᠦᠯᠬᠦ᠎ᠶ᠋ᠢ ᠠᠬᠢᠭᠤᠯᠬᠤ᠂ ᠨᠠᠰᠤᠲᠠᠢᠴᠤᠳ᠎ᠤᠨ ᠨᠡᠢᠭᠡᠮ᠎ᠦᠨ ᠠᠵᠢᠯᠯᠠᠭ᠎ᠠ᠎ᠳᠤ ᠣᠷᠣᠯᠴᠠᠬᠤ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠨᠠᠰᠤᠲᠠᠢᠴᠤᠳ᠎ᠤᠨ ᠨᠡᠢᠭᠡᠮ᠎ᠦᠨ ᠠᠵᠢᠯᠯᠠᠭ᠎ᠠ ᠳ᠋ᠤ ᠣᠷᠣᠯᠴᠠᠬᠤ ᠵᠢ ᠴᠢᠩᠭᠠᠳᠭᠠᠬᠤ ᠵᠡᠷᠭᠡ ᠳᠥᠷᠪᠡᠨ ᠲᠠᠯ᠎ᠠ᠎ᠠᠴᠠ 12 ᠵᠦᠶ᠋ᠯ᠎ᠦᠨ ᠠᠷᠭ᠎ᠠ ᠬᠡᠮᠵᠢᠶ᠎ᠡ ᠵᠢ ᠳᠤᠷᠠᠳᠴᠤ᠌᠂ ᠨᠠᠰᠤᠲᠠᠢᠴᠤᠳ᠎ᠤᠨ ᠨᠡᠢᠭᠡᠮ᠎ᠦᠨ ᠠᠵᠢᠯᠯᠠᠭ᠎ᠠ ᠳ᠋ᠤ ᠤᠷᠤᠯᠴᠠᠬᠤ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠴᠠ᠎ᠶ᠋ᠢ ᠱᠢᠯᠢᠳᠡᠭ᠌ᠵᠢᠭᠦᠯᠦᠨ ᠲᠡᠭᠦᠯᠳᠡᠷᠵᠢᠭᠦᠯᠵᠦ᠍᠂ ᠨᠠᠰᠤᠲᠠᠢᠴᠤᠳ᠎ᠤᠨ ᠦᠢᠯᠡᠳᠦᠯ ᠵᠢᠡᠨ ᠪᠠᠳᠠᠷᠠᠭᠤᠯᠬᠤ ᠵᠢ ᠳᠡᠮᠵᠢᠬᠦ ᠪᠡᠷ ᠪᠤᠯᠪᠠ᠃
《ᠠᠷᠭ᠎ᠠ ᠬᠡᠮᠵᠢᠶ᠎ᠡ》 ᠳ᠋ᠤ᠂ ᠨᠠᠰᠤᠲᠠᠢᠴᠤᠳ᠎ᠤᠨ ᠡᠷᠬᠡ ᠠᠱᠢᠭ᠎ᠢ ᠬᠠᠮᠠᠭᠠᠯᠠᠬᠤ ᠬᠠᠮᠢᠶ᠎ᠠ ᠪᠥᠬᠥᠶ ᠬᠠᠤᠯᠢ ᠲᠣᠭ᠍ᠲᠠᠭᠠᠯ ᠲᠦᠷᠢᠮ᠎ᠢ ᠲᠡᠭᠦᠯᠳᠡᠷᠵᠢᠭᠦᠯᠵᠦ᠍᠂ ᠨᠠᠰᠤᠲᠠᠢᠴᠤᠳ᠎ᠤᠨ ᠬᠠᠤᠯᠢ ᠲᠣᠭ᠍ᠲᠠᠭᠠᠬᠤ ᠠᠵᠢᠯ᠎ᠳᠤ ᠣᠷᠣᠯᠴᠠᠬᠤ ᠠᠷᠭ᠎ᠠ ᠵᠠᠮ᠎ᠢ ᠥᠷᠭᠡᠳᠭᠡᠵᠦ᠍᠂ ᠥᠲᠡᠯᠪᠡᠯ ᠭᠥᠷᠳᠡᠬᠦ᠌ ᠠᠰᠠᠷᠠᠮᠵᠢ᠎ᠲᠠᠶ᠂ ᠥᠲᠡᠯᠦᠭᠰᠡᠨ ᠴᠸ᠋ ᠬᠢᠬᠦ᠌ ᠶᠠᠪᠤᠳᠠᠯ᠎ᠲᠠᠶ᠂ ᠥᠲᠡᠯᠦᠭᠡ ᠨᠠᠰᠤᠨ ᠳ᠋ᠠᠭᠠᠨ ᠪᠠᠶᠠᠷ ᠪᠠᠶᠠᠰᠤᠯ᠎ᠲᠠᠶ ᠪᠠᠢᠬᠤ ᠵᠢ ᠪᠠᠳᠤᠯᠠᠨ᠎ᠠ᠃ ᠨᠠᠰᠤᠲᠠᠢᠴᠤᠳ᠎ᠤᠨ ᠡᠷᠬᠡ ᠠᠱᠢᠭ᠎ᠢ ᠪᠠᠲᠤᠯᠠᠬᠤ ᠳ᠋ᠤ ᠬᠣᠯᠪᠣᠭ᠍ᠳᠠᠭ᠍ᠰᠠᠨ ᠵᠠᠰᠠᠭ ᠵᠠᠬᠢᠷᠭᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠳᠡᠩᠰᠡᠯᠡᠵᠦ᠍ ᠬᠢᠨᠠᠯᠲᠠ ᠲᠠᠯᠪᠢᠬᠤ᠎ᠪᠠᠨ ᠴᠢᠩᠭᠠᠳᠭᠠᠵᠤ᠂ ᠬᠠᠮᠢᠶ᠎ᠠ ᠪᠥᠬᠥᠶ ᠵᠠᠰᠠᠭ ᠵᠠᠬᠢᠷᠭᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭ᠍ᠲᠠᠭᠠᠵᠤ ᠨᠡᠢᠲᠡᠯᠡᠬᠦ᠌ ᠲᠠᠰ ᠳᠠᠷᠠᠭᠠᠯᠠᠯ᠎ᠢ ᠴᠢᠩᠳᠠᠯᠠᠵᠤ᠂ ᠨᠠᠰᠤᠲᠠᠢᠴᠤᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠬᠤ ᠲᠥᠷᠥ᠎ᠶ᠋ᠢᠨ ᠪᠣᠳᠣᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠴᠢᠩᠭᠠᠳᠬᠠᠨ᠎ᠠ ᠬᠡᠵᠤ ᠲᠤᠷᠠᠳᠪᠠ᠃
ᠨᠠᠰᠤᠲᠠᠢᠴᠤᠳ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠶ᠋ᠢ ᠠᠬᠢᠭᠤᠯᠬᠤ ᠲᠠᠯ᠎ᠠ᠎ᠪᠠᠷ᠂ ᠵᠤᠬᠢᠬᠤ ᠠᠷᠭ᠎ᠠ ᠬᠡᠮᠵᠢᠶ᠎ᠡ ᠠᠪᠴᠤ᠌ ᠪᠠᠢᠭᠠᠳ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ ᠬᠠᠤᠯᠢ ᠴᠠᠭᠠᠵᠠ ᠵᠡᠷᠭᠡ ᠲᠠᠯ᠎ᠠ᠎ᠶ᠋ᠢᠨ ᠲᠤᠰᠭᠠᠶ ᠮᠡᠷᠭᠡᠵᠢᠯ᠎ᠦᠨ ᠠᠬᠠᠮᠠᠳ ᠨᠥᠬᠥᠳ᠎ᠢ ᠱᠢᠯᠢᠨ ᠰᠣᠩᠭᠣᠵᠤ᠂ ᠡᠯ᠎ᠡ ᠱᠠᠲᠤᠨ᠎ᠤ ᠪᠠᠩᠬᠢ᠎ᠶ᠋ᠢᠨ ᠦᠶ᠋ᠯᠡᠰ᠎ᠦᠨ ᠴᠢᠳᠠᠪᠤᠷᠢᠲᠠᠨ᠎ᠤ ᠡᠩᠨᠡᠭᠡ᠎ᠳᠦ ᠲᠠᠳᠠᠨ ᠣᠷᠣᠭᠤᠯᠤᠨ᠎ᠠ᠃ ᠥᠷᠭᠡᠨ ᠣᠯᠠᠨ ᠨᠠᠰᠤ ᠠᠬᠢᠭ᠍ᠰᠠᠨ ᠰᠠᠢᠨ ᠳᠤᠷᠠᠴᠤᠳ᠎ᠢ ᠬᠥᠲᠥᠯᠥᠨ ᠵᠢᠯᠣᠭᠣᠳᠴᠤ᠌ ᠪᠠᠢᠭᠠᠳ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ ᠱᠠᠭᠠᠷᠳᠠᠯᠭ᠎ᠠ᠎ᠵᠢᠨ ᠲᠤᠭᠤᠷᠢᠨ ᠳ᠋ᠤ ᠣᠶᠤᠨ ᠤᠬᠠᠭᠠᠨ᠎ᠢᠶᠠᠷ ᠲᠤᠰᠠᠯᠠᠬᠤ ᠪᠠ ᠦᠨᠳᠦᠰᠦᠨ ᠱᠠᠲᠤᠨ᠎ᠤ ᠵᠠᠰᠠᠯᠲᠠ ᠵᠡᠷᠭᠡ ᠨᠠᠰᠤᠲᠠᠢᠴᠤᠳ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠎ᠶ᠋ᠢ ᠥᠷᠭᠡᠨ᠎ᠢᠶᠡᠷ ᠥᠷᠨᠢᠭᠦᠯᠦᠨ᠎ᠡ᠃
ᠨᠠᠰᠤᠲᠠᠢᠴᠤᠳ᠎ᠤᠨ ᠨᠡᠢᠭᠡᠮ᠎ᠦᠨ ᠠᠵᠢᠯᠯᠠᠭ᠎ᠠ᠎ᠳᠤ ᠣᠷᠣᠯᠴᠠᠬᠤ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ ᠲᠤᠰ 《ᠠᠷᠭ᠎ᠠ ᠬᠡᠮᠵᠢᠶ᠎ᠡ》 ᠳ᠋ᠤ ᠨᠠᠰᠤᠲᠠᠢᠴᠤᠳ᠎ᠤᠨ ᠰᠤᠷᠭᠠᠨ ᠬᠥᠮᠦᠵᠢᠯ᠎ᠦᠨ ᠱᠢᠨ᠎ᠡ᠎ᠶ᠋ᠢ ᠡᠭᠦᠳᠬᠦ ᠪᠠ ᠬᠥᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠰᠤᠨ ᠲᠤᠷᠱᠢᠳᠠ᠎ᠶ᠋ᠢᠨ ᠰᠤᠷᠭᠠᠨ ᠬᠥᠮᠦᠵᠢᠯ᠎ᠦᠨ ᠰᠦᠯᠵᠢᠶ᠎ᠡ ᠵᠡᠷᠭᠡ ᠰᠤᠷᠤᠯᠴᠠᠬᠤ ᠬᠡᠯᠪᠡᠷᠢ᠎ᠶ᠋ᠢᠨ ᠨᠡᠢᠭᠡᠮ᠎ᠦᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠲᠠᠪᠴᠠᠩ ᠢ᠋ ᠲᠡᠭᠦᠯᠳᠡᠷᠵᠢᠭᠦᠯᠵᠦ᠍᠂ ᠨᠡᠭᠡᠭᠡᠯᠲᠡᠲᠡᠶ ᠬᠠᠮᠲᠤ ᠪᠠᠷ ᠡᠳ᠋ᠯᠡᠬᠦ ᠰᠤᠷᠭᠠᠨ ᠬᠥᠮᠦᠵᠢᠯ᠎ᠦᠨ ᠡᠬᠢ ᠪᠠᠶᠠᠯᠢᠭ᠎ᠤᠨ ᠬᠥᠮᠥᠷᠭᠡ᠎ᠶ᠋ᠢ ᠥᠷᠭᠡᠳᠭᠡᠵᠦ᠍᠂ ᠰᠤᠷᠤᠯᠴᠠᠬᠤ ᠬᠡᠯᠪᠡᠷᠢ᠎ᠶ᠋ᠢᠨ ᠬᠣᠲᠠ᠂ ᠰᠤᠷᠤᠯᠴᠠᠬᠤ ᠬᠡᠯᠪᠡᠷᠢ᠎ᠶ᠋ᠢᠨ ᠨᠡᠢᠭᠡᠮ ᠲᠣᠭᠣᠷᠢᠭ ᠪᠠ ᠨᠠᠰᠤᠲᠠᠢᠴᠤᠳ᠎ᠤᠨ ᠶᠡᠬᠡ ᠰᠤᠷᠭᠠᠭᠤᠯᠢ᠎ᠶ᠋ᠢᠨ ᠲᠣᠭᠠᠴᠢᠯᠠᠭ᠍ᠰᠠᠨ ᠪᠠᠢᠭᠤᠯᠤᠯᠲᠠ᠎ᠶ᠋ᠢ ᠠᠬᠢᠭᠤᠯᠤᠨ᠎ᠠ ᠭᠡᠵᠦ᠍ ᠳᠤᠷᠠᠳᠪᠠ᠃
ᠡᠭᠦᠨ᠎ᠡᠴᠡ ᠭᠠᠳᠠᠨ᠎ᠠ᠂ 《ᠠᠷᠭ᠎ᠠ ᠬᠡᠮᠵᠢᠶ᠎ᠡ》 ᠳ᠋ᠤ ᠪᠠᠰᠠ ᠨᠠᠰᠤᠲᠠᠢᠴᠤᠳ᠎ᠲᠤ ᠳᠣᠭᠢᠷᠠᠬᠤ ᠣᠯᠠᠨ ᠶᠠᠩᠵᠤ᠎ᠶ᠋ᠢᠨ ᠥᠪᠡᠷᠮᠢᠴᠡ ᠠᠵᠢᠯ᠎ᠤᠨ ᠪᠠᠢᠷᠢ᠎ᠶ᠋ᠢ ᠬᠠᠨᠭᠭᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃ ᠬᠥᠮᠦᠨ ᠬᠡᠷᠡᠭ᠌ᠯᠡᠬᠦ᠌ ᠨᠢᠭᠡᠴᠢ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠬᠠᠤᠯᠢ᠎ᠳ᠋ᠤ ᠲᠣᠭ᠍ᠲᠠᠭᠠᠭ᠍ᠰᠠᠨ ᠠᠵᠢᠯ᠎ᠠᠴᠠ᠎ᠪᠠᠨ ᠠᠮᠠᠷᠠᠬᠤ ᠨᠠᠰᠤ᠎ᠠᠴᠠ ᠬᠡᠲᠦᠷᠡᠭ᠌ᠰᠡᠨ ᠨᠠᠰᠤᠲᠠᠢᠴᠤᠳ᠎ᠤᠨ ᠬᠥᠳᠡᠯᠮᠦᠷᠢ᠎ᠶ᠋ᠢᠨ ᠬᠥᠯᠥᠰᠥ᠍ ᠣᠯᠭᠣᠮᠵᠢ᠂ ᠠᠮᠠᠷᠠᠯᠲᠠ ᠪᠠ ᠠᠮᠠᠷᠠᠯᠲᠠ᠎ᠶ᠋ᠢᠨ ᠴᠢᠯᠥᠭᠡ᠂ ᠬᠥᠳᠡᠯᠮᠦᠷᠢ᠎ᠶ᠋ᠢᠨ ᠠᠮᠤᠷ ᠲᠦᠪᠱᠢᠨ ᠪᠠ ᠡᠷᠡᠭᠦᠯ ᠬᠠᠮᠠᠭᠠᠯᠠᠯ᠂ ᠠᠵᠢᠯ᠎ᠠᠴᠠ ᠪᠣᠯᠤᠭ᠍ᠰᠠᠨ ᠭᠡᠮᠲᠦᠯ᠎ᠦᠨ ᠪᠠᠲᠤᠯᠠᠭ᠎ᠠ ᠵᠡᠷᠭᠡ ᠦᠨᠳᠦᠰᠦᠨ ᠡᠷᠬᠡ ᠠᠱᠢᠭ᠎ᠢ ᠬᠠᠤᠯᠢ ᠶᠣᠰᠣᠭᠠᠷ ᠪᠠᠲᠤᠯᠠᠨ᠎ᠠ᠃ ᠪᠤᠭᠤᠷᠤᠯᠴᠤᠳ᠎ᠤᠨ ᠠᠵᠤ ᠠᠬᠤᠶ᠂ ᠲᠣᠭᠠᠴᠢᠯᠠᠭ᠍ᠰᠠᠨ ᠠᠵᠤ ᠠᠬᠤᠶ ᠵᠡᠷᠭᠡ ᠱᠢᠨ᠎ᠡ᠎ᠪᠡᠷ ᠬᠥᠭ᠌ᠵᠢᠭ᠌ᠰᠡᠨ ᠠᠵᠤ ᠦᠶ᠋ᠯᠡᠰ᠎ᠦᠨ ᠬᠥᠭ᠌ᠵᠢᠯᠲᠡ᠎ᠲᠡᠶ ᠤᠶᠠᠯᠳᠤᠭᠤᠯᠤᠨ᠂ ᠨᠠᠰᠤᠲᠠᠢᠴᠤᠳ᠎ᠲᠤ ᠬᠠᠨᠳᠤᠭᠤᠯᠤᠭ᠍ᠰᠠᠨ ᠠᠵᠢᠯ ᠣᠯᠭᠣᠯᠲᠠ᠎ᠶ᠋ᠢᠨ ᠱᠢᠨ᠎ᠡ ᠨᠡᠮᠡᠭ᠌ᠳᠡᠯ᠎ᠦᠨ ᠴᠡᠭ᠎ᠢ ᠪᠣᠢᠵᠢᠭᠤᠯᠤᠨ᠎ᠠ ᠬᠡᠵᠤ ᠲᠤᠷᠠᠳᠴᠠᠢ᠃