ᠥᠪᠥᠷ ᠮᠣᠩᠭᠣᠯ ᠎ᠤᠨ ᠤᠶᠤᠨᠴᠢ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠶ᠋ᠯᠡᠰ᠎ᠦᠨ ᠳᠡᠭᠡᠳᠦ ᠰᠤᠷᠭᠠᠭᠤᠯᠢ ᠪᠠᠢᠭᠤᠯᠤᠭ᠍ᠳᠠᠪᠠ
2026-05-11 10:24:53
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠥᠪᠥᠷ ᠮᠣᠩᠭᠣᠯ᠎ᠤᠨ ᠣᠶᠤᠨᠴᠢ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠶ᠋ᠯᠡᠰ ᠎ᠦᠨ ᠳᠡᠭᠡᠳᠦ ᠰᠤᠷᠭᠠᠭᠤᠯᠢ᠎ᠶ᠋ᠢᠨ ᠫᠠᠢᠰᠠ ᠰᠡᠬᠦᠬᠦ᠌ ᠶᠣᠰᠣᠯᠠᠯ ᠬᠥᠬᠡᠬᠣᠲᠠ᠎ᠳᠤ ᠶᠠᠪᠤᠭ᠍ᠳᠠᠪᠠ᠃ ᠫᠠᠢᠰᠠ ᠰᠡᠬᠦᠬᠦ᠌ ᠶᠣᠰᠣᠯᠠᠯ ᠲᠡᠭᠡᠷ᠎ᠡ ᠥᠪᠥᠷ ᠮᠣᠩᠭᠣᠯ ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠲᠦᠷᠦᠭᠦᠯᠡᠨ᠂ 11 ᠱᠢᠨᠵᠢᠯᠡᠬᠦ᠌ ᠤᠬᠠᠭᠠᠨ ᠎ᠤ ᠰᠤᠳᠤᠯᠭᠠᠨ ᠎ᠤ ᠬᠦᠷᠢᠶᠡᠯᠡᠩ ᠭᠠᠵᠠᠷ ᠪᠣᠯᠤᠨ ᠳᠠᠭᠠᠭᠤᠯᠤᠭ᠍ᠴᠢ ᠠᠵᠤ ᠠᠬᠤᠢᠯᠠᠯ᠎ᠲᠠᠶ ᠬᠠᠮᠲᠤᠷᠠᠵᠤ᠂ ᠥᠪᠥᠷ ᠮᠣᠩᠭᠣᠯ ᠎ᠤᠨ ᠤᠶᠤᠨᠴᠢ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠶ᠋ᠯᠡᠰ᠎ᠦᠨ ᠳᠡᠭᠡᠳᠦ ᠰᠤᠷᠭᠠᠭᠤᠯᠢ᠎ᠶ᠋ᠢ ᠪᠠᠢᠭᠤᠯᠤᠭᠰᠠᠨ ᠪᠠᠢᠨ᠎ᠠ᠃

ᠲᠣᠰ ᠳᠡᠭᠡᠳᠦ ᠰᠤᠷᠭᠠᠭᠤᠯᠢ ᠵᠢᠨ ᠪᠠᠢᠭᠤᠯᠤᠭ᠍ᠳᠠᠭ᠍ᠰᠠᠨ ᠨᠢ ᠥᠪᠥᠷ ᠮᠣᠩᠭᠣᠯ᠎ᠤᠨ ᠰᠤᠷᠭᠠᠨ ᠬᠥᠮᠦᠵᠢᠯ ᠬᠢᠭᠡᠳ ᠠᠵᠤ ᠦᠶ᠋ᠯᠡᠰ᠎ᠦᠨ ᠭᠦᠨᠵᠡᠭᠡᠶ ᠠᠭᠤᠰᠤᠯᠴᠠᠯ᠎ᠢ ᠠᠬᠢᠭᠤᠯᠬᠤ ᠴᠢᠬᠤᠯᠠ ᠱᠢᠨ᠎ᠡ᠎ᠶ᠋ᠢ ᠡᠭᠦᠳᠬᠦ᠌ ᠦᠶ᠋ᠯᠡᠳᠦᠯᠭᠡ ᠪᠣᠯᠬᠤ ᠪᠥᠭᠡᠳ ᠪᠠᠰᠠ ᠴᠤ᠌ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠬᠢᠨ᠎ᠤ ᠲᠠᠷᠢᠶᠠᠯᠠᠩ᠎ᠤᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠳᠤ ᠰᠠᠨᠠᠭᠠᠴᠢᠯᠠᠭ᠎ᠠ᠎ᠠᠴᠠ᠎ᠪᠠᠨ ᠦᠶ᠋ᠯᠡᠴᠢᠯᠡᠬᠦ᠌᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠳᠡᠭᠡᠳᠦ ᠰᠤᠷᠭᠠᠭᠤᠯᠢ ᠪᠠᠢᠭᠤᠯᠤᠭ᠍ᠳᠠᠭ᠍ᠰᠠᠨ᠎ᠤ ᠳᠠᠷᠠᠭ᠎ᠠ᠂ ᠠᠵᠤ ᠦᠶ᠋ᠯᠡᠰ᠎ᠦᠨ ᠬᠡᠷᠡᠭ᠌ᠴᠡᠭᠡ ᠳ᠋ᠤ  ᠰᠠᠭᠤᠷᠢᠯᠠᠨ ᠴᠢᠳᠠᠪᠤᠷᠢᠲᠠᠨ᠎ᠤ ᠥᠨᠳᠥᠷᠯᠢᠭ ᠭᠠᠵᠠᠷ᠎ᠢ ᠪᠠᠢᠭᠤᠯᠵᠤ᠂ ᠠᠮᠤ ᠪᠤᠳᠠᠭᠠᠨ ᠎ᠤ ᠦᠶ᠋ᠯᠡᠳᠪᠦᠷᠢᠯᠡᠯ᠂ ᠣᠶᠤᠨᠴᠢ᠎ᠪᠠᠷ ᠳᠠᠷᠢᠵᠤ ᠲᠡᠵᠢᠭᠡᠬᠦ᠌ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠥᠨᠳᠥᠷ ᠲᠦᠪᠱᠢᠨ ᠪᠥᠬᠥᠶ ᠬᠡᠷᠡᠭ᠌ᠯᠡᠭᠡᠨ᠎ᠦ ᠴᠢᠳᠠᠪᠤᠷᠢᠲᠠᠨ᠎ᠢ ᠬᠥᠮᠦᠵᠢᠭᠦᠯᠦᠨ᠎ᠡ; ᠮᠡᠷᠭᠡᠵᠢᠯ᠎ᠦᠨ ᠬᠡᠷᠡᠭ᠌ᠯᠡᠯᠲᠡ᠎ᠶ᠋ᠢ ᠴᠢᠩᠭᠠᠷᠠᠭᠤᠯᠤᠨ ᠱᠢᠨ᠎ᠡ᠎ᠶ᠋ᠢ ᠡᠭᠦᠳᠬᠦ᠌ ᠲᠠᠪᠴᠠᠩ᠎ᠢ ᠪᠠᠢᠭᠤᠯᠵᠤ᠂ ᠣᠶᠤᠨᠴᠢ ᠲᠠᠷᠢᠶᠠᠯᠠᠩ ᠮᠠᠯ ᠠᠵᠤ ᠠᠬᠤᠶ᠎ᠶ᠋ᠢᠨ ᠮᠡᠷᠭᠡᠵᠢᠯ ᠎ᠢ ᠪᠣᠳᠠᠲᠠᠢᠵᠢᠭᠤᠯᠤᠨ ᠳᠡᠯᠭᠡᠷᠡᠭᠦᠯᠬᠦ᠌ ᠎ᠶ᠋ᠢ ᠠᠬᠢᠭᠤᠯᠤᠨ᠎ᠠ; ᠬᠠᠮᠵᠢᠯᠴᠠᠨ ᠬᠣᠯᠪᠣᠭᠠᠯᠠᠨ ᠬᠥᠳᠡᠯᠦᠯᠴᠡᠬᠦ᠌ ᠎ᠶ᠋ᠢ ᠭᠦᠨᠵᠡᠭᠡᠢᠷᠡᠭᠦᠯᠵᠦ᠍ ᠠᠵᠤ ᠠᠬᠤᠢᠯᠠᠯ ᠳᠡᠭᠡᠳᠦ ᠰᠤᠷᠭᠠᠭᠤᠯᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶ᠋ᠢᠨ ᠠᠭᠤᠰᠤᠯᠴᠠᠭ᠍ᠰᠠᠨ ᠬᠡᠪ ᠵᠠᠭ᠍ᠪᠤᠷ᠎ᠢ ᠡᠭᠦᠳᠴᠦ᠍᠂ ᠥᠪᠡᠷᠲᠡᠭᠡᠨ ᠵᠠᠰᠠᠬᠤ ᠣᠷᠣᠨ ᠎ᠤ ᠮᠠᠯ ᠠᠵᠤ ᠠᠬᠤᠶ ᠲᠠᠷᠢᠶᠠᠯᠠᠩ᠎ᠤᠨ ᠣᠳᠣᠬᠢᠴᠢᠯᠠᠯᠲᠠ ᠪᠣᠯᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠨᠠᠩ ᠰᠠᠢᠲᠤᠷ ᠦᠶ᠋ᠯᠡᠴᠢᠯᠡᠬᠦ ᠪᠤᠯᠤᠨ᠎ᠠ᠃

ᠥᠪᠥᠷ ᠮᠣᠩᠭᠣᠯ᠎ᠤᠨ ᠲᠠᠷᠢᠶᠠᠯᠠᠩ ᠎ᠤᠨ ᠶᠡᠬᠡ ᠰᠤᠷᠭᠠᠭᠤᠯᠢ ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ᠄《ᠮᠠᠨ ᠎ᠦ ᠰᠤᠷᠭᠠᠭᠤᠯᠢ ᠪᠥᠲᠥᠭᠡᠨ ᠪᠠᠢᠭᠤᠯᠤᠯᠲᠠ᠎ᠶ᠋ᠢᠨ ᠲᠥᠰᠦᠯ᠎ᠢᠶᠡᠨ ᠱᠢᠯᠢᠳᠡᠭ᠌ᠵᠢᠭᠦᠯᠬᠦ᠌᠂ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠴᠢᠩᠭᠠᠳᠭᠠᠬᠤ᠂ ᠲᠠᠪᠴᠠᠩ᠎ᠤᠨ ᠱᠢᠰᠲ᠋ᠧᠮ᠎ᠢ ᠪᠠᠢᠭᠤᠯᠤᠨ ᠬᠦᠴᠦᠷᠬᠡᠭ᠌ᠵᠢᠭᠦᠯᠬᠦ᠌᠂ ᠬᠠᠮᠵᠢᠯᠴᠠᠬᠤ ᠲᠣᠭ᠍ᠲᠠᠴᠠ᠎ᠶ᠋ᠢ ᠪᠦᠷᠢᠨᠱᠢᠭᠦᠯᠬᠦ᠌ ᠵᠡᠷᠭᠡ ᠳᠥᠷᠪᠡᠨ ᠲᠠᠯ᠎ᠠ᠎ᠶ᠋ᠢᠨ ᠠᠵᠢᠯ᠎ᠢ ᠭᠤᠤᠯᠳᠠᠯᠭ᠎ᠠ᠎ᠲᠠᠶ ᠰᠠᠢᠲᠤᠷ ᠠᠳᠭᠤᠵᠤ᠂ ᠳᠠᠪᠠᠭᠤᠯᠢᠭ ᠱᠢᠨᠵᠢᠯᠡᠭᠡᠨ᠎ᠦ ᠰᠠᠯᠠᠭ᠎ᠠ ᠬᠢᠭᠡᠳ ᠲᠠᠪᠴᠠᠩ ᠎ᠤᠨ ᠡᠬᠢ ᠪᠠᠶᠠᠯᠢᠭ᠎ᠲᠤ ᠲᠦᠱᠢᠭ᠌ᠯᠡᠨ᠂ ᠣᠯᠠᠨ ᠲᠠᠯ᠎ᠠ᠎ᠶ᠋ᠢᠨ ᠬᠠᠮᠵᠢᠯᠴᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠶᠡᠷᠦᠩᠬᠡᠢᠯᠡᠭ᠌ᠰᠡᠨ ᠴᠢᠨᠠᠷᠲᠠᠶ ᠱᠢᠨ᠎ᠡ᠎ᠶ᠋ᠢ ᠡᠭᠦᠳᠬᠦ᠌ ᠲᠠᠪᠴᠠᠩ᠎ᠢ ᠪᠠᠢᠭᠤᠯᠤᠨ᠂ ᠠᠵᠤ ᠦᠶ᠋ᠯᠡᠰ᠎ᠦᠨ ᠳᠡᠭᠡᠳᠦ ᠰᠤᠷᠭᠠᠭᠤᠯᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ  ᠳᠡᠭᠡᠳᠦ ᠰᠤᠷᠭᠠᠭᠤᠯᠢ ᠎ᠶ᠋ᠢᠨ ᠣᠷᠣᠨ ᠪᠦᠰᠡ᠎ᠶ᠋ᠢᠨ ᠲᠠᠷᠢᠶᠠᠯᠠᠩ ᠮᠠᠯ ᠠᠵᠤ ᠠᠬᠤᠶ ᠎ᠶ᠋ᠢᠨ ᠣᠳᠣᠬᠢᠴᠢᠯᠠᠯᠲᠠ ᠎ᠳᠤ ᠦᠶ᠋ᠯᠡᠴᠢᠯᠡᠬᠦ᠌ ᠡᠭᠦᠷᠭᠡᠯᠡᠯ ᠬᠠᠷᠢᠭᠤᠴᠠᠯᠭ᠎ᠠ᠎ᠪᠠᠨ ᠦᠨᠡᠨ ᠬᠦ᠌ ᠭᠦᠶ᠋ᠴᠡᠳᠭᠡᠨ᠎ᠡ》 ᠭᠡᠵᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号