《ᠥᠩᠭᠡᠷᠡᠭ᠌ᠰᠡᠨ᠎ᠳᠦ ᠡᠵᠡᠩᠨᠡᠯᠲᠡ᠎ᠶ᠋ᠢᠨ ᠦᠨᠡᠮᠯᠡᠯ᠎ᠢᠶᠡᠨ ᠬᠤᠪᠢᠷᠠᠭᠤᠯᠬᠤ᠎ᠳᠤ᠂ ᠲᠤᠰᠭᠠᠢᠯᠠᠨ ᠵᠠᠰᠠᠭ᠎ᠤᠨ ᠶᠠᠪᠤᠳᠠᠯ᠎ᠤᠨ ᠶᠡᠬᠡ ᠲᠠᠩᠬᠢᠮ᠎ᠳᠦ ᠣᠴᠢᠬᠤ ᠬᠡᠷᠡᠭ᠌ᠲᠡᠶ᠂ ᠨᠠᠭᠠᠰᠢ ᠴᠠᠭᠠᠰᠢ ᠠᠳᠠᠭ᠎ᠲᠠᠭᠠᠨ ᠬᠠᠭᠠᠰ ᠡᠳᠦᠷ ᠶᠠᠪᠤᠳᠠᠬ ᠪᠠᠢᠬᠰᠠᠨ᠃ ᠤᠳᠤ ᠡᠵᠡᠩᠨᠡᠯᠲᠡ ᠬᠢᠬᠦ ᠵᠢᠨ ᠬᠠᠮᠳᠦ ᠬᠤᠳᠠᠯᠳᠤᠭᠠᠨ᠎ᠤ ᠲᠠᠯᠠᠪᠠᠢ ᠳ᠋ᠡᠬᠢᠦᠶ᠋ᠯᠡᠴᠢᠯᠡᠭᠡᠨᠦ ᠥᠷᠲᠡᠭᠡᠨ᠎ᠳᠦ ᠶᠠᠪᠤᠳᠠᠯ ᠵᠢᠡᠨ ᠭᠦᠶ᠋ᠴᠡᠳᠭᠡᠵᠦ᠂ ᠦᠨᠡᠬᠡᠷ ᠳᠥᠭᠥᠮ ᠪᠤᠯᠵᠠᠢ!》 ᠬᠡᠵᠦ ᠪᠤᠭᠤᠲᠤ ᠬᠤᠳᠠ᠎ᠶ᠋ᠢᠨ ᠴᠢᠩᠱᠠᠨ ᠲᠣᠭᠣᠷᠢᠭ᠎ᠤᠨ ᠸᠠᠨ ᠳ᠋ᠠ ᠠᠭᠤᠳᠠᠮ ᠲᠠᠯᠠᠪᠠᠢ᠎ᠶ᠋ᠢᠨ ᠬᠤᠳᠠᠯᠳᠤᠭᠠᠴᠢᠨ ᠴᠧᠨ ᠰᠢ ᠤᠢ᠍ᠢᠷ᠎ᠠ ᠬᠠᠪᠢ᠎ᠳᠠᠭᠠᠨ ᠶᠠᠪᠤᠳᠠᠯ ᠬᠦᠢᠴᠡᠳᠭᠡᠭᠰᠡᠨ ᠥᠩᠭᠡᠷᠡᠯᠲᠡ᠎ᠪᠡᠨ ᠶᠠᠷᠢᠨ᠎ᠠ᠃
ᠴᠧᠨ ᠰᠢ᠎ᠶ᠋ᠢᠨ ᠬᠡᠯᠡᠭ᠌ᠰᠡᠨ ᠳᠥᠭᠥᠮ ᠳᠥᠲᠡ ᠬᠡᠳᠡᠭ ᠨᠢ ᠴᠢᠩᠱᠠᠨ ᠲᠣᠭᠣᠷᠢᠭ᠎ᠤᠨ ᠬᠢᠨ ᠤ᠋ ᠨᠠᠮ᠎ᠤᠨ ᠪᠠᠢᠭᠤᠯᠤᠯᠲᠠ᠎ᠶ᠋ᠢᠨ ᠬᠥᠲᠥᠯᠥᠨ ᠳᠠᠭᠠᠭᠤᠯᠬᠤ ᠦᠶ᠋ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠣᠯᠠᠨ ᠲᠦᠮᠡᠨ᠎ᠳᠦ ᠦᠶ᠋ᠯᠡᠴᠢᠯᠡᠬᠦ᠌ 《ᠡᠴᠦᠰ᠎ᠦᠨ ᠨᠢᠭᠡ ᠺᠢᠯᠣᠮᠧᠲ᠋ᠷ》᠎ᠢ᠋ ᠨᠡᠪᠲᠡᠷᠡᠭᠦᠯᠵᠦ᠍᠂ 《ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠵᠢ ᠬᠤᠳᠠᠯᠳᠤᠭᠠᠨ᠎ᠤ ᠲᠤᠭᠤᠷᠢᠭ᠎ᠲᠦ ᠤᠷᠤᠭᠤᠯᠬᠤ》 ᠰᠢᠷᠢᠰ ᠠᠷᠭ᠎ᠠ ᠬᠡᠮᠵᠢᠶ᠎ᠡ ᠠᠪᠤᠬᠰᠠᠨ᠎ᠡᠴᠡ ᠪᠣᠯᠤᠭ᠍ᠰᠠᠨ ᠶᠤᠮ᠃ 3 ᠰᠠᠷ᠎ᠠ᠎ᠶ᠋ᠢᠨ 29 ᠤ᠋ ᠡᠳᠦᠷ᠂ ᠴᠢᠩᠱᠠᠨ ᠤ᠋ ᠸᠠᠨ ᠳ᠋ᠠ ᠬᠤᠳᠠᠯᠳᠤᠭᠠᠨ᠎ᠤ ᠲᠣᠭᠣᠷᠢᠭ᠎ᠤᠨ ᠨᠠᠮ᠎ᠤᠨ ᠪᠠᠢᠭᠤᠯᠤᠯᠲᠠ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠱᠢᠭᠤᠳ ᠨᠡᠪᠲᠡᠷᠡᠬᠦ᠌ ᠲᠡᠷᠭᠡ ᠵᠢ ᠠᠰᠢᠬᠯᠠᠯᠳᠠ ᠳ᠋ᠤ ᠤᠷᠤᠭᠤᠯᠵᠦ᠂ ᠸᠠᠨ ᠳ᠋ᠠ ᠬᠤᠳᠠᠯᠳᠤᠭᠠᠨ᠎ᠤ ᠲᠣᠭᠣᠷᠢᠭ᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠦᠷᠳᠡᠭᠡ ᠵᠢᠩᠬᠢᠨᠢ᠎ᠪᠡᠷ ᠫᠠᠢᠰᠠ ᠰᠡᠬᠦᠵᠦ᠍᠂ ᠵᠡᠭᠡᠯᠢ ᠲᠣᠭᠣᠷᠢᠬᠤ ᠵᠢᠨ ᠵᠡᠷᠭᠡ ᠪᠡᠷ ᠶᠠᠪᠤᠳᠠᠯ ᠵᠢᠡᠨ ᠬᠦᠢᠴᠡᠳᠬᠡᠵᠦ ᠲᠡᠢᠯᠬᠦ ᠪᠤᠯᠵᠠᠢ᠃
ᠣᠢᠯᠠᠭᠠᠭ᠍ᠰᠠᠨ᠎ᠢᠶᠠᠷ᠂ ᠸᠠᠨ ᠳ᠋ᠠ ᠬᠤᠳᠠᠯᠳᠤᠭᠠᠨ᠎ᠤ ᠲᠣᠭᠣᠷᠢᠭ᠎ᠲᠤ 600 ᠭᠠᠷᠤᠶ ᠬᠤᠳᠠᠯᠳᠤᠭᠠᠨ ᠤ᠋ ᠡᠷᠦᠬᠡ ᠲᠥᠪᠯᠡᠷᠡᠵᠦ᠍᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠬᠡᠷᠡᠭ᠌ᠴᠡᠭᠡ ᠶᠡᠬᠡᠪᠡᠷ ᠨᠡᠮᠡᠭ᠌ᠳᠡᠭ᠌ᠰᠡᠨ ᠪᠣᠯᠪᠠᠴᠤ᠌ ᠤᠷᠤᠨ ᠵᠠᠶ ᠪᠠ ᠴᠠᠭ᠎ᠤᠨ ᠬᠢᠵᠠᠭᠠᠷᠯᠠᠯᠡᠴᠨ ᠪᠣᠯᠵᠣ᠂ ᠴᠥᠭᠡᠨ ᠪᠤᠰᠤ ᠬᠤᠳᠠᠯᠳᠤᠭᠠᠨ ᠤ᠋ ᠡᠷᠦᠬᠡ 《ᠶᠠᠪᠤᠳᠠᠯ ᠵᠢᠡᠨ ᠬᠦᠢᠴᠡᠳᠬᠡᠬᠦ ᠬᠡᠳ ᠴᠢᠯᠦᠬᠡ ᠭᠠᠷᠬᠤ ᠦᠬᠡᠢ᠂ ᠶᠠᠪᠤᠳᠠᠯ᠎ᠲᠠᠶ ᠪᠣᠯ ᠬᠣᠯᠠ ᠬᠦᠶᠦᠬᠦ》 ᠴᠢᠬᠤᠯᠠ᠎ᠲᠡᠶ ᠪᠠᠢᠵᠠᠢ᠃
ᠤᠯᠠᠨ ᠲᠦᠮᠡᠨ ᠪᠠ ᠠᠵᠤ ᠠᠬᠤᠢᠯᠠᠯ᠎ᠤᠨ 《ᠵᠠᠩᠭᠢᠯᠠᠭ᠎ᠠ᠎ᠶ᠋ᠢᠨ ᠪᠠᠭ᠎ᠠ ᠶᠠᠪᠤᠳᠠᠯ》 ᠢ᠋ 《ᠲᠡᠷᠢᠭᠦᠨ ᠴᠢᠬᠤᠯᠠ ᠶᠡᠬᠡ ᠶᠠᠪᠤᠳᠠᠯ》 ᠪᠣᠯᠭᠠᠵᠤ᠂ ᠴᠢᠩᠱᠠᠨ ᠲᠣᠭᠣᠷᠢᠭ ᠨᠠᠮ᠎ᠤᠨ ᠪᠠᠢᠭᠤᠯᠤᠯᠲᠠ᠎ᠪᠠᠷ ᠬᠦᠳᠦᠯᠦᠨ ᠳᠠᠭᠠᠭᠤᠯᠵᠦ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠰᠠᠯᠠᠭ᠎ᠠ ᠮᠥᠴᠢᠷ ᠲᠦᠷᠦᠭᠦᠯᠡᠨ᠂ ᠲᠤᠰ ᠲᠣᠭᠣᠷᠢᠭ᠎ᠤᠨ ᠬᠣᠯᠪᠣᠭ᠍ᠳᠠᠯ ᠪᠦᠬᠦᠢ ᠵᠡᠭᠡᠯᠢ ᠭᠤᠳᠤᠮᠵᠢ ᠵᠢᠴᠢ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠳᠤᠯᠠᠭ᠎ᠠ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠭᠠᠢᠯᠢ᠎ᠶ᠋ᠢᠨ ᠶᠠᠪᠤᠳᠠᠯ ᠵᠡᠷᠭᠡ ᠨᠢᠭᠡᠴᠢ᠎ᠲᠡᠶ ᠬᠣᠯᠪᠣᠭᠠᠯᠠᠨ᠂ ᠸᠠᠨ ᠳ᠋ᠠ ᠠᠭᠤᠳᠠᠮ ᠲᠠᠯᠠᠪᠠᠢ᠎ᠳᠤ ᠡᠨᠡ ᠬᠦ᠌ ᠬᠤᠳᠠᠯᠳᠤᠭᠠᠨ᠎ᠤ ᠲᠣᠭᠣᠷᠢᠭ᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠦᠷᠳᠡᠭᠡ᠎ᠶ᠋ᠢ ᠪᠠᠢᠭᠤᠯᠵᠤ᠂ 《ᠨᠠᠮ᠎ᠤᠨ ᠵᠣᠬᠢᠶᠠᠨ ᠪᠠᠢᠭᠤᠯᠤᠯᠲᠠ ᠪᠡᠶ᠎ᠡ ᠪᠡᠷ ᠵᠢᠡᠨ ᠲᠠᠭᠠᠭᠤᠯᠬᠤ᠂ ᠨᠠᠮ᠎ᠤᠨ ᠭᠡᠱᠢᠭᠦᠨ ᠲᠦᠷᠦᠬᠦᠯᠡᠬᠦ᠂ ᠤᠯᠠᠨ ᠲᠠᠯ᠎ᠠ᠎ᠪᠠᠷ ᠬᠠᠮᠵᠢᠯᠴᠠᠬᠤ᠂ ᠬᠤᠳᠠᠯᠳᠤᠭᠠᠨ᠎ᠤ ᠡᠷᠦᠬᠡ ᠠᠱᠢᠭ ᠬᠦᠷᠳᠡᠬᠦ᠌》 ᠦᠢᠯᠡᠴᠢᠯᠡᠭᠡᠨ᠎ᠦ ᠪᠢᠲᠡᠭᠦᠦ ᠴᠠᠭᠠᠷᠢᠭ᠎ᠢ ᠪᠠᠢᠭᠤᠯᠪᠠ᠃
ᠲᠦᠷᠦᠭᠦᠬᠡᠨ᠂ ᠴᠢᠩᠱᠠᠨ ᠲᠣᠭᠣᠷᠢᠭ᠎ᠤᠨ ᠱᠢᠨᠵᠢᠯᠡᠬᠦ᠌ ᠤᠬᠠᠭᠠᠨ ᠵᠠᠮ ᠵᠡᠭᠡᠯᠢ᠎ᠶ᠋ᠢᠨ ᠨᠡᠬᠡᠮᠡᠯ ᠨᠡᠢᠭᠡᠮ ᠲᠣᠭᠣᠷᠢᠭ ᠨᠠᠮ᠎ᠤᠨ ᠬᠣᠷᠢᠶᠠᠨ᠎ᠤ 《ᠨᠢᠭᠡᠳᠦᠭᠡᠷ ᠹᠷᠣᠨᠲ ᠤ᠋ᠨ ᠪᠡᠬᠢᠯᠡᠯᠲᠡ》 ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠲᠤᠤᠷᠵᠢᠯ ᠤ᠋ᠨ ᠠᠵᠢᠯᠳᠠᠨ ᠢ ᠵᠣᠬᠢᠶᠠᠨ ᠪᠠᠢᠭᠤᠯᠵᠤ ᠸᠠᠨ ᠳ᠋ᠠ ᠬᠤᠳᠠᠯᠳᠤᠭᠠᠨ᠎ᠤ ᠲᠣᠭᠣᠷᠢᠭ᠎ᠤᠨ ᠬᠤᠳᠠᠯᠳᠤᠭᠠᠨ᠎ᠤ ᠡᠷᠦᠬᠡ ᠪᠡᠷ ᠰᠤᠷᠪᠤᠯᠵᠢᠯᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠵᠥᠪᠯᠡᠯᠭᠡ᠂ ᠭᠡᠷᠡᠴᠢ ᠦᠨᠡᠮᠯᠡᠯ ᠭᠦᠶ᠋ᠴᠡᠳᠭᠡᠬᠦ᠌᠂ ᠮᠥᠩᠭᠥᠨ ᠭᠦᠶ᠋ᠯᠭᠡᠭᠡᠨ᠎ᠦ ᠳᠡᠮᠵᠢᠯᠭᠡ᠂ ᠨᠡᠢᠭᠡᠮ᠎ᠦᠨ ᠳᠠᠭᠠᠳᠭᠠᠯ ᠡᠮ ᠡᠮᠨᠡᠯᠭᠡ᠎ᠶ᠋ᠢᠨ ᠳᠠᠭᠠᠳᠭᠠᠯ ᠵᠡᠷᠭᠡ ᠡᠯ᠎ᠡ ᠲᠥᠷᠥᠯ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢ 125 ᠵᠤᠷᠪᠤᠰ ᠬᠣᠷᠢᠶᠠᠨ ᠴᠤᠭ᠍ᠯᠠᠭᠤᠯᠵᠠᠶ᠃ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠥᠷᠲᠡᠭᠡ᠎ᠶ᠋ᠢᠨ ᠲᠦᠷᠦᠭᠦᠦ ᠪᠦᠯᠦᠭ᠎ᠲᠦ ᠦᠶ᠋ᠯᠡᠳᠪᠦᠷᠢ ᠬᠤᠳᠠᠯᠳᠤᠭᠠᠨ᠎ᠤ ᠳᠡᠩᠰᠡᠯᠡᠯᠲᠡ᠂ ᠭᠠᠢᠯᠢ᠎ᠶ᠋ᠢᠨ ᠶᠠᠪᠤᠳᠠᠯ᠂ ᠨᠡᠢᠭᠡᠮ᠎ᠦᠨ ᠪᠠᠲᠤᠯᠠᠭ᠎ᠠ᠂ ᠡᠮ ᠡᠮᠨᠡᠯᠭᠡ᠎ᠶ᠋ᠢᠨ ᠳᠠᠭᠠᠳᠭᠠᠯ᠂ ᠡᠷᠡᠭᠦᠯ ᠬᠠᠮᠠᠭᠠᠯᠠᠯ᠎ᠤᠨ ᠵᠥᠪᠱᠢᠶᠡᠷᠡᠯ ᠵᠡᠷᠭᠡ 5 ᠶᠡᠬᠡ ᠲᠥᠷᠥᠯ᠎ᠦᠨ 35 ᠵᠦᠶ᠋ᠯ᠎ᠦᠨ ᠥᠨᠳᠥᠷ ᠳᠠᠪᠲᠠᠮᠵᠢᠲᠤ ᠵᠦᠶ᠋ᠯᠡᠰ ᠵᠢᠴᠢ 7 ᠶᠡᠬᠡ ᠲᠥᠷᠥᠯ᠎ᠦᠨ ᠥᠷᠲᠡᠭ ᠨᠡᠮᠡᠭ᠌ᠳᠡᠯ᠎ᠦᠨ ᠦᠶ᠋ᠯᠡᠴᠢᠯᠡᠭᠡ᠎ᠶ᠋ᠢ ᠲᠣᠭ᠍ᠲᠠᠭᠠᠵᠤ᠂ 《ᠬᠤᠳᠠᠯᠳᠤᠭᠠᠨ᠎ᠤ ᠲᠣᠭᠣᠷᠢᠭ᠎ᠤᠨ ᠬᠡᠷᠡᠭ ᠶᠠᠪᠤᠳᠠᠯ᠎ᠢ ᠬᠤᠳᠠᠯᠳᠤᠭᠠᠨ᠎ᠤ ᠲᠣᠭᠣᠷᠢᠭ ᠲᠦ᠍ ᠬᠦᠢᠴᠡᠳᠬᠡᠬᠦ》 ᠲᠤᠰᠭᠠᠶ ᠬᠠᠷᠢᠶ᠎ᠠ ᠪᠥᠬᠥᠶ ᠨᠠᠷᠢᠨ ᠲᠠᠩᠰᠠ ᠵᠢ ᠲᠤᠰᠬᠠᠢᠯᠠᠨ ᠲᠤᠬᠳᠠᠭᠠᠵᠠᠢ᠃ ᠬᠤᠳᠠᠯᠳᠤᠭᠠᠨ ᠤ᠋ ᠡᠷᠦᠬᠡ ᠵᠠᠰᠠᠭ᠎ᠤᠨ ᠶᠠᠪᠤᠳᠠᠯ᠎ᠤᠨ ᠶᠡᠬᠡ ᠲᠠᠩᠬᠢᠮ᠎ᠳᠦ ᠲᠤᠰᠭᠠᠢᠯᠠᠨ ᠣᠴᠢᠬᠤ ᠴᠢᠬᠤᠯᠠ ᠥᠬᠡᠶ᠂ ᠡᠵᠡᠩᠨᠡᠯᠲᠡ᠎ᠶ᠋ᠢᠨ ᠴᠢᠯᠥᠭᠡ᠎ᠪᠡᠨ ᠠᠱᠢᠭ᠍ᠯᠠᠨ 《ᠲᠣᠭᠣᠷᠢᠬᠤ᠎ᠶ᠋ᠢᠨ ᠳᠠᠭᠠᠤ ᠬᠦᠢᠴᠡᠳᠬᠡᠬᠦ》 ᠪᠤᠯᠭᠠᠪᠠ᠃
ᠰᠠᠢ᠌ᠨ ᠶᠠᠪᠤᠳᠠᠯ᠎ᠢ ᠪᠣᠳᠠᠲᠠᠢ ᠬᠢᠵᠦ᠍᠂ ᠪᠣᠳᠠᠲᠤ ᠶᠠᠪᠤᠳᠠᠯ᠎ᠢ ᠰᠠᠢᠲᠤᠷ ᠬᠢᠪᠡᠯ ᠰᠠᠶᠢ ᠱᠢᠯᠭᠠᠯᠲᠠ᠎ᠶ᠋ᠢ ᠳᠠᠭᠠᠭᠠᠵᠤ ᠴᠢᠳᠠᠬᠤ ᠵᠢᠩᠬᠢᠨᠢ ᠠᠵᠢᠯ᠎ᠤᠨ ᠪᠦᠲᠦᠮᠵᠢ ᠪᠤᠯᠵᠤ ᠴᠢᠳᠠᠨ᠎ᠠ᠃ ᠴᠢᠩᠱᠠᠨ ᠲᠣᠭᠣᠷᠢᠭ ᠱᠢᠨ᠎ᠡ᠎ᠶ᠋ᠢ ᠡᠭᠦᠳᠦᠨ 《ᠵᠠᠰᠠᠭ᠎ᠤᠨ ᠶᠠᠪᠤᠳᠠᠯ᠎ᠤᠨ ᠴᠠᠭ ᠤᠯᠠᠷᠢᠯ᠎ᠤᠨ ᠪᠢᠴᠢᠭ》 ᠢ᠋ ᠭᠠᠷᠭᠠᠵᠤ᠂ ᠡᠯ᠎ᠡ ᠲᠥᠷᠥᠯ᠎ᠦᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠢ ᠭᠦᠶ᠋ᠴᠡᠳᠭᠡᠬᠦ᠌ ᠴᠠᠭ᠂ ᠬᠡᠷᠡᠭ᠌ᠰᠡᠬᠦ᠌ ᠮᠠᠲ᠋ᠧᠷᠢᠶᠠᠯ᠂ ᠤᠷᠢᠳᠴᠢᠯᠠᠨ ᠪᠣᠯᠵᠣᠬᠤ ᠠᠷᠭ᠎ᠠ ᠮᠠᠶᠢᠭ ᠵᠡᠷᠭᠡ ᠮᠡᠳᠡᠭᠡ ᠵᠠᠩᠭᠢ᠎ᠶ᠋ᠢ ᠡᠮᠬᠢᠯᠡᠨ ᠨᠡᠢᠯᠡᠭᠦᠯᠵᠦ᠍ ᠦᠵᠡᠭ᠌ᠳᠡᠮᠡᠯ ᠵᠢᠯᠣᠭᠣᠳᠤᠮᠵᠢ ᠪᠣᠯᠭᠠᠵᠤ᠂ ᠬᠤᠳᠠᠯᠳᠤᠭᠠᠨ᠎ᠤ ᠡᠷᠦᠬᠡ ᠺᠣᠳ᠋ ᠱᠢᠷᠪᠢᠪᠡᠯ ᠳᠠᠷᠤᠶ ᠠᠯᠢ ᠡᠳᠦᠷ ᠶᠠᠮᠠᠷ ᠦᠶ᠋ᠯᠡᠴᠢᠯᠡᠭᠡ ᠬᠠᠩᠭᠠᠬᠤ᠎ᠶ᠋ᠢ ᠮᠡᠳᠡᠵᠦ᠍᠂ ᠤᠴᠢᠷ ᠶᠠᠪᠤᠳᠠᠯ ᠭᠦᠶ᠋ᠴᠡᠳᠭᠡᠬᠦ᠌ ᠴᠠᠭ᠎ᠢ ᠵᠦᠶ ᠵᠣᠬᠢᠰᠲᠠᠶ ᠲᠥᠯᠥᠪᠵᠢᠭᠦᠯᠬᠦ᠌᠎ᠳᠦ ᠲᠥᠬᠥᠮ ᠦᠵᠡᠬᠦᠯᠵᠡᠢ᠃
《ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠥᠷᠲᠡᠭᠡ᠎ᠶ᠋ᠢᠨ ᠠᠵᠢᠯᠯᠠᠬᠤ ᠴᠠᠭ ᠨᠢ ᠬᠤᠳᠠᠯᠳᠤᠭᠠᠨ᠎ᠤ ᠲᠣᠭᠣᠷᠢᠭ᠎ᠤᠨ ᠡᠵᠡᠩᠨᠡᠯᠲᠡ᠎ᠶ᠋ᠢᠨ ᠴᠠᠭ᠎ᠲᠠᠶ ᠵᠣᠯᠭᠠᠯᠳᠤᠵᠤ᠂ ᠬᠤᠳᠠᠯᠳᠤᠭᠠᠨ᠎ᠤ ᠡᠷᠦᠬᠡ ᠵᠢᠨ ᠪᠥᠬᠥ᠌ ᠦᠶᠡᠯᠡᠯ᠎ᠳᠦ ᠠᠩᠬᠠᠷᠤᠯ᠎ᠢᠶᠠᠨ ᠲᠥᠪᠯᠡᠷᠡᠭᠦᠯᠦᠨ᠂ ᠬᠤᠳᠠᠯᠳᠤᠭᠠᠨ᠎ᠤ ᠶᠠᠪᠤᠳᠠᠯ᠎ᠤᠨ ᠳᠡᠩᠰᠡᠯᠡᠯᠲᠡ᠂ ᠠᠵᠢᠯᠴᠢᠨ ᠡᠯᠰᠡᠬᠦ᠌᠂ ᠬᠠᠤᠯᠢ ᠴᠠᠭᠠᠵᠠ᠂ ᠮᠥᠩᠭᠥᠨ ᠭᠦᠶ᠋ᠯᠭᠡᠭᠡ ᠵᠡᠷᠭᠡ ᠦᠶ᠋ᠯᠡᠴᠢᠯᠡᠭᠡ ᠬᠠᠩᠭᠠᠵᠤ᠂ ᠬᠠᠮᠢᠶᠠᠷᠤᠯᠳᠠ ᠵᠢᠨ ᠦᠶ᠋ᠯᠡᠴᠢᠯᠡᠭᠡ᠂ ᠪᠣᠯᠵᠣᠭᠠᠲᠤ ᠦᠶ᠋ᠯᠡᠴᠢᠯᠡᠭᠡ᠂ ᠬᠡᠷ᠎ᠲᠦᠨᠢ ᠬᠥᠷᠬᠥ᠌ ᠦᠶ᠋ᠯᠡᠴᠢᠯᠡᠭᠡ᠎ᠪᠡᠷ ᠬᠤᠳᠠᠯᠳᠤᠭᠠᠴᠢᠨ ᠡᠷᠦᠬᠡ᠎ᠯᠦᠭᠡ᠎ᠶ᠋ᠢᠨ ᠵᠠᠶ᠎ᠶ᠋ᠢ ᠣᠢᠷᠠᠲᠤᠭᠤᠯᠤᠨ᠎ᠠ》 ᠭᠡᠵᠦ᠍ ᠴᠢᠩᠱᠠᠨ ᠲᠣᠭᠣᠷᠢᠭ᠎ᠤᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠬᠢᠭᠡᠳ ᠲᠣᠭ᠎ᠠ ᠪᠠᠷᠢᠮᠲᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠳᠠᠷᠤᠭ᠎ᠠ ᠯᠢ ᠵᠧᠩ ᠶᠠᠷᠢᠨ᠎ᠠ᠃
ᠦᠢᠯᠡᠴᠢᠯᠡᠭᠡᠨ᠎ᠦ ᠶᠠᠰᠤ ᠴᠢᠨᠠᠷ᠎ᠤᠨ ᠪᠠᠲᠤᠯᠠᠭ᠎ᠠ ᠨᠢ ᠨᠠᠮ᠎ᠤᠨ ᠭᠡᠱᠢᠭᠦᠨ᠎ᠦ ᠭᠣᠣᠯᠯᠠᠭ᠍ᠴᠢ ᠬᠦᠴᠦᠨ᠎ᠦ ᠡᠮᠦᠨ᠎ᠡ ᠨᠢ ᠭᠠᠪᠰᠢᠭᠠᠢᠯᠠᠬᠤ ᠡᠴᠨ ᠰᠠᠯᠵᠤ ᠴᠢᠳᠠᠬᠤ ᠦᠭᠡᠢ ᠶᠤᠮ᠃ ᠴᠢᠩᠱᠠᠨ ᠲᠣᠭᠣᠷᠢᠭ 《ᠭᠤᠷᠪᠠᠨ ᠵᠠᠮ᠎ᠢᠶᠠᠷ ᠠᠵᠢᠯᠯᠠᠬᠤ》 ᠦᠶ᠋ᠯᠡᠴᠢᠯᠡᠭᠡᠨ᠎ᠦ ᠵᠠᠭ᠍ᠪᠤᠷ ᠤ᠋ᠨ ᠱᠢᠨ᠎ᠡ᠎ᠶ᠋ᠢ ᠡᠭᠦᠳᠪᠡ᠄ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠭᠤᠤᠯᠯᠠᠭ᠍ᠴᠢ ᠬᠦᠴᠦᠨ ᠪᠠ ᠬᠤᠳᠠᠯᠳᠤᠭᠠᠨ᠎ᠤ ᠲᠣᠭᠣᠷᠢᠭ᠎ᠤᠨ ᠬᠣᠯᠪᠣᠭᠠᠴᠢᠨ᠎ᠤ ᠪᠠᠢᠩᠭᠤ ᠰᠠᠭᠤᠬᠤ ᠴᠤᠩᠬᠤᠪᠴᠢ ᠭᠠᠷᠭᠠᠵᠤ᠂ 《ᠨᠠᠮ᠎ᠤᠨ ᠭᠡᠱᠢᠭᠦᠨ᠎ᠦ ᠵᠢᠱ᠌ᠢᠶ᠎ᠡ ᠦᠵᠡᠭᠦᠯᠬᠦ᠌ ᠠᠵᠢᠯ᠎ᠤᠨ ᠪᠠᠢᠷᠢ》 ᠭᠠᠷᠭᠠᠵᠤ᠂ ᠪᠠᠷᠢᠮᠵᠢᠶᠠᠵᠢᠭᠤᠯᠤᠭ᠍ᠰᠠᠨ ᠡᠳᠦᠷ ᠲᠤᠲᠤᠮ᠎ᠤᠨ ᠦᠶ᠋ᠯᠡᠴᠢᠯᠡᠭᠡ ᠬᠠᠩᠭᠠᠪᠠ; 《ᠬᠤᠳᠠᠯᠳᠤᠭᠠᠨ᠎ᠤ ᠲᠣᠭᠣᠷᠢᠭ᠎ᠤᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠱᠢᠭᠤᠳ ᠨᠡᠪᠲᠡᠷᠡᠬᠦ᠌ ᠲᠡᠷᠭᠡ》᠎ᠶ᠋ᠢᠨ ᠪᠦᠯᠬᠦᠮ ᠨᠡᠢᠲᠡ ᠲᠣᠭ᠍ᠲᠠᠭ᠍ᠰᠠᠨ ᠬᠤᠭᠤᠴᠠᠭ᠎ᠠ᠎ᠲᠠᠶ᠎ᠪᠠᠷ ᠴᠡᠭ᠎ᠲᠦ ᠰᠠᠭᠤᠵᠤ᠂ ᠲᠤᠬᠠᠢᠯᠠᠭ᠍ᠰᠠᠨ ᠠᠵᠢᠯ᠎ᠤᠨ ᠣᠷᠭᠢᠯ᠎ᠤᠨ ᠬᠤᠭᠤᠴᠠᠭᠠᠨ᠎ᠤ ᠲᠥᠪᠯᠡᠷᠡᠭᠦᠯᠦᠨ ᠬᠢᠨᠠᠨ ᠵᠥᠪᠱᠢᠶᠡᠷᠡᠬᠦ᠌᠎ᠶ᠋ᠢ ᠥᠷᠨᠢᠭᠦᠯᠵᠦ᠍᠂ ᠨᠠᠷᠢᠨ ᠪᠤᠳᠤᠯᠢᠶᠠᠨᠲᠠᠶ ᠲᠤᠰᠭᠠᠶ ᠮᠡᠷᠭᠡᠵᠢᠯ᠎ᠦᠨ ᠠᠰᠠᠭᠤᠳᠠᠯ᠎ᠢ ᠱᠢᠶ᠋ᠳᠪᠦᠷᠢᠯᠡᠨ᠎ᠡ; ᠬᠠᠪᠰᠤᠷᠤᠨ ᠭᠦᠶ᠋ᠴᠡᠳᠭᠡᠬᠦ᠌ ᠣᠷᠣᠯᠠᠨ ᠭᠦᠶ᠋ᠴᠡᠳᠭᠡᠭ᠌ᠴᠢ᠎ᠶ᠋ᠢ ᠳᠣᠭᠢᠷᠠᠭᠤᠯᠤᠨ ᠵᠢᠵᠢᠭ ᠪᠢᠴᠢᠯ ᠠᠵᠤ ᠠᠬᠤᠢᠯᠠᠯ᠂ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠎ᠳᠦ 《ᠨᠢᠬᠡ ᠵᠢ ᠨᠢᠬᠡ᠎ᠳᠦ ᠬᠠᠷᠠᠭᠠᠯᠵᠠᠭᠤᠯᠤᠨ》 ᠳᠣᠲᠣᠨᠣ ᠵᠢᠯᠣᠭᠣᠳᠣᠯᠭ᠎ᠠ ᠬᠠᠩᠭᠠᠵᠤ᠂ ᠮᠠᠲ᠋ᠧᠷᠢᠶᠠᠯ᠎ᠤᠨ ᠪᠡᠯᠡᠳᠭᠡᠯ᠂ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠌ ᠵᠡᠷᠭᠡ ᠭᠦᠶ᠋ᠴᠡᠳᠭᠡᠬᠦ᠌ ᠴᠤᠪᠤᠷᠠᠯ ᠳ᠋ᠸ᠋ᠨᠢ ᠬᠠᠮᠵᠢᠨ᠂ ᠦᠶ᠋ᠯᠡᠴᠢᠯᠡᠭᠡᠨ᠎ᠦ ᠪᠠᠷᠢᠮᠵᠢᠶ᠎ᠠ᠎ᠶ᠋ᠢ ᠵᠠᠰᠠᠭ᠎ᠤᠨ ᠶᠠᠪᠤᠳᠠᠯ᠎ᠤᠨ ᠶᠡᠬᠡ ᠲᠠᠩᠬᠢᠮ᠎ᠲᠡᠶ 《ᠠᠳᠠᠯᠢ ᠶᠠᠰᠤ ᠴᠢᠨᠠᠷᠲᠠᠶ᠂ ᠠᠳᠠᠯᠢ ᠦᠷ᠎ᠡ ᠪᠦᠲᠦᠮᠵᠢᠲᠡᠶ》 ᠪᠠᠢᠯᠭᠠᠬᠤ᠎ᠶ᠋ᠢ ᠦᠨᠡᠨ ᠬᠦ᠌ ᠪᠠᠲᠤᠯᠠᠨ᠂ ᠬᠤᠳᠠᠯᠳᠤᠭᠠᠨ᠎ᠤ ᠡᠷᠦᠬᠡᠬᠢᠭᠡᠳ ᠬᠣᠲᠠ᠎ᠶ᠋ᠢᠨ ᠠᠷᠠᠳ ᠴᠢᠨᠠᠷ ᠰᠠᠢᠲᠠᠶ ᠪᠡᠶᠡᠴᠢᠯᠡᠨ ᠣᠢᠯᠠᠭᠠᠯᠲᠠ᠎ᠶ᠋ᠢ ᠬᠦᠷᠲᠡᠭᠡᠨ᠎ᠡ᠃
ᠠᠵᠢᠯ᠎ᠤᠨ ᠪᠦᠲᠦᠮᠵᠢ᠎ᠶ᠋ᠢᠨ ᠰᠠᠢ᠌ᠨ ᠮᠠᠭᠤ᠎ᠳᠦ ᠤᠯᠠᠨ ᠲᠦᠮᠡᠨ ᠡᠵᠡᠨ ᠮᠡᠳᠡᠨ᠎ᠡ᠃ ᠨᠡᠬᠡᠮᠡᠯ ᠨᠡᠢᠭᠡᠮ ᠲᠣᠭᠣᠷᠢᠭ᠎ᠤᠨ ᠨᠠᠮ᠎ᠤᠨ ᠬᠣᠷᠢᠶᠠᠨ᠎ᠤ ᠢᠳᠡᠪᠬᠢᠲᠡᠶ ᠳᠠᠢᠴᠢᠯᠠᠯᠲᠠ ᠳᠤᠤᠷ᠎ᠠ᠂ ᠲᠦᠷᠦᠭᠦᠦ ᠪᠦᠯᠦᠭ᠎ᠦᠨ ᠬᠤᠳᠠᠯᠳᠤᠭᠠᠨ᠎ᠤ ᠡᠷᠦᠬᠡ᠎ᠶ᠋ᠢᠨ ᠲᠥᠯᠥᠭᠡᠯᠡᠭ᠌ᠴᠢ᠂ ᠠᠵᠤ ᠠᠬᠤᠢᠯᠠᠯ᠎ᠤᠨ ᠬᠠᠷᠢᠭᠤᠴᠠᠯᠭᠠᠲᠠᠨ ᠨᠠᠷ᠎ᠤᠨ ᠡᠭᠦᠷᠭᠡᠯᠡᠵᠦ᠍ ᠪᠠᠢᠭ᠎ᠠ 《ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢ ᠪᠡᠶᠡᠴᠢᠯᠡᠨ ᠣᠢᠯᠠᠭᠠᠬᠤ ᠲᠤᠱᠢᠶᠠᠯᠲᠠᠨ》 ᠵᠢᠩᠬᠢᠨᠢ᠎ᠪᠡᠷ ᠠᠵᠢᠯ᠎ᠤᠨ ᠪᠠᠢᠷᠢ᠎ᠳᠤ ᠭᠠᠷᠴᠤ᠌᠂ ᠬᠡᠷᠡᠭ᠌ᠯᠡᠭ᠌ᠴᠢ᠎ᠶ᠋ᠢᠨ ᠬᠠᠷᠠᠭᠠᠰᠤᠡᠴᠨ ᠦᠶ᠋ᠯᠡᠴᠢᠯᠡᠭᠡᠨ ᠡᠴᠨ 《ᠦ ᠰᠠᠪ ᠡᠷᠢᠬᠦ᠌》᠂ 《ᠰᠤᠳᠠᠯ ᠪᠠᠷᠢᠬᠤ》 ᠪᠣᠯᠪᠠ᠃ 《ᠪᠡᠶᠡᠴᠢᠯᠡᠨ ᠣᠢᠯᠠᠭᠠᠬᠴᠢ》 ᠵᠢᠨ ᠬᠠᠷᠢᠭᠤ ᠳᠤᠰᠬᠠᠬᠰᠠᠨ ᠠᠰᠠᠭᠤᠳᠠᠯ ᠪᠠ ᠰᠠᠨᠠᠯ᠎ᠢ ᠰᠢᠭᠤᠳ ᠵᠠᠰᠠᠭ᠎ᠤᠨ ᠶᠠᠪᠤᠳᠠᠯ᠎ᠤᠨ ᠰᠠᠯᠠᠭ᠎ᠠ ᠮᠦᠴᠢᠷ᠎ᠲᠦ ᠬᠦᠷᠭᠡᠵᠦ᠂ 《ᠠᠰᠠᠭᠤᠳᠠᠯ᠎ᠢ ᠢᠯᠡᠷᠡᠬᠦᠯᠬᠦ — ᠬᠠᠯᠠᠨ ᠰᠠᠢᠵᠢᠷᠠᠭᠤᠯᠵᠦ ᠳᠡᠭᠡᠭᠰᠢᠯᠡᠬᠦᠯᠬᠦ — ᠬᠠᠷᠢᠭᠤ ᠳᠤᠰᠬᠠᠨ ᠦᠨᠡᠯᠡᠬᠦ》 ᠪᠢᠳᠡᠭᠦᠤ ᠴᠠᠭᠠᠷᠢᠭ᠎ᠳᠦ ᠳᠤᠬᠳᠠᠴᠠ ᠵᠢ ᠪᠦᠷᠢᠯᠳᠦᠭᠦᠯᠪᠡ᠃
《ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ ᠡᠩ᠎ᠦᠨ ᠦᠶ᠎ᠡ᠎ᠳᠦ ᠬᠤᠳᠠᠯᠳᠤᠭᠠᠨ ᠤ᠋ ᠡᠷᠦᠬᠡ᠎ᠲᠡᠶ ᠨᠡᠯᠢᠶᠡᠳ ᠣᠯᠠᠨ ᠬᠠᠷᠢᠯᠴᠠᠳᠠᠭ᠂ ᠡᠨᠡ ᠤᠳᠠᠭ᠎ᠠ ᠨᠠᠮᠠᠶ᠋ᠢ 〈ᠪᠡᠶᠡᠴᠢᠯᠡᠨ ᠣᠢᠯᠠᠭᠠᠭ᠍ᠴᠢ〉 ᠪᠣᠯᠭᠠᠬᠤ᠎ᠪᠠᠷ ᠲᠠᠨᠢᠯᠴᠠᠭᠤᠯᠤᠭ᠍ᠰᠠᠨ᠎ᠳᠤ ᠪᠢ ᠬᠡᠳᠦᠨ ᠰᠠᠨᠠᠭᠤᠯᠭ᠎ᠠ ᠳᠤᠷᠠᠳᠤᠭ᠍ᠰᠠᠨ ᠶᠤᠮ᠂ ᠤᠳᠠᠯ ᠥᠬᠡᠶ ᠬᠠᠷᠢᠭᠤ ᠲᠤᠰᠭᠠᠯ ᠭᠠᠷᠴᠠᠶ᠃ ᠨᠠᠮ᠎ᠤᠨ ᠵᠣᠬᠢᠶᠠᠨ ᠪᠠᠢᠭᠤᠯᠤᠯᠲᠠ ᠪᠢᠳᠡᠨ᠎ᠦ ᠤᠴᠢᠷ᠎ᠢ ᠦᠨᠡᠬᠡᠷ ᠰᠠᠨᠠᠭᠠᠨᠳ᠋ᠠᠭᠠᠨ ᠠᠪᠴᠠᠢ》 ᠭᠡᠵᠦ᠍ ᠨᠢᠭᠡᠨ ᠪᠡᠶᠡᠴᠢᠯᠡᠨ ᠤᠢᠯᠠᠭᠠᠬᠴᠢ ᠵᠢᠨ ᠲᠤᠰᠢᠶᠠᠯ ᠢ ᠡᠬᠦᠷᠭᠡᠯᠡᠭᠰᠡᠨ ᠬᠤᠳᠠᠯᠳᠤᠭᠠᠴᠢᠨ ᠬᠡᠯᠡᠨ᠎ᠡ᠃
《ᠪᠡᠶᠡᠴᠢᠯᠡᠨ ᠤᠢᠯᠠᠭᠠᠬᠴᠢ》 ᠵᠢᠨ ᠲᠦᠷᠢᠮ᠎ᠡᠴᠡ ᠭᠠᠳᠠᠨ᠎ᠠ᠂ ᠨᠡᠬᠡᠮᠡᠯᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ ᠪᠠᠰᠠ 《ᠰᠦᠯᠵᠢᠶᠡᠨ ᠲᠡᠭᠡᠷᠡᠬᠢ + ᠪᠤᠳᠠᠳᠤ ᠴᠤᠬᠴᠠ》 ᠵᠢᠨ ᠳᠠᠪᠬᠤᠷ ᠬᠢᠨᠠᠯᠲᠠ ᠲᠠᠯᠪᠢᠬᠤ ᠲᠠᠪᠴᠠᠩ᠎ᠢ ᠪᠠᠢᠭᠤᠯᠪᠠ᠄ ᠰᠦᠯᠵᠢᠶᠡᠨ ᠳᠡᠭᠡᠷ᠎ᠡ ᠨᠡᠢᠭᠡᠮ ᠲᠣᠭᠣᠷᠢᠭ᠎ᠤᠨ ᠵᠢᠷᠬᠢᠶ᠎ᠡ ᠵᠢᠨ ᠬᠤᠯᠪᠤᠭ᠎ᠠ᠂ ᠬᠤᠳᠠᠯᠳᠤᠭᠠᠨ᠎ᠤ ᠡᠷᠦᠬᠡ᠎ᠶ᠋ᠢᠨ ᠦᠶ᠋ᠯᠡᠴᠢᠯᠡᠭᠡᠨ᠎ᠦ ᠬᠤᠯᠪᠤᠭᠠᠳᠤ ᠲᠦᠱᠢᠭ᠌ᠯᠡᠨ 《ᠬᠢᠨᠠᠯᠲᠠ ᠲᠠᠯᠪᠢᠬᠤ ᠦᠭᠡ ᠦᠯᠡᠳᠡᠭᠡᠬᠦ᠌ ᠰᠠᠮᠪᠠᠷ᠎ᠠ》 ᠭᠠᠷᠭᠠᠵᠤ᠂ ᠬᠤᠳᠠᠯᠳᠤᠭᠠᠨ ᠤ᠋ ᠡᠷᠦᠬᠡ ᠴᠠᠭ ᠲᠤᠬᠠᠶ᠎ᠳᠤᠨᠢ ᠠᠰᠠᠭᠤᠳᠠᠯ᠎ᠢ ᠬᠠᠷᠢᠭᠤ ᠲᠤᠰᠭᠠᠵᠤ ᠪᠣᠯᠤᠨ᠎ᠠ; ᠪᠤᠳᠠᠳᠤ ᠴᠤᠬᠴᠠ ᠳ᠋ᠸ᠋ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠥᠷᠲᠡᠭᠡ᠎ᠳᠦ ᠰᠠᠨᠠᠯ᠎ᠤᠨ ᠬᠠᠢᠷᠴᠠᠭ ᠲᠣᠬᠢᠷᠠᠭᠤᠯᠵᠤ᠂ ᠨᠠᠮ᠎ᠤᠨ ᠭᠡᠱᠢᠭᠦᠨ ᠰᠠᠢᠨ ᠳᠤᠷᠠᠴᠤᠳ ᠡᠴᠨ ᠲᠣᠭ᠍ᠲᠠᠮᠠᠯ ᠬᠤᠭᠤᠴᠠᠭ᠎ᠠ᠎ᠲᠠᠶ᠎ᠪᠠᠷ ᠴᠤᠭ᠍ᠯᠠᠭᠤᠯᠤᠨ ᠡᠮᠬᠢᠯᠡᠵᠦ᠍᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ ᠵᠢ 《ᠤᠴᠢᠷ ᠪᠣᠯᠭᠠᠨ᠎ᠳᠤ ᠬᠠᠷᠢᠭᠤᠯᠲᠠ᠎ᠲᠠᠶ》 ᠪᠠᠢᠬᠤ᠎ᠶ᠋ᠢ ᠦᠨᠡᠨ ᠬᠦ᠌ ᠪᠠᠳᠤᠯᠠᠵᠠᠢ᠃ ᠣᠳᠣᠬᠠᠨ ᠪᠣᠯᠲᠠᠯ᠎ᠠ᠂ ᠡᠯ᠎ᠡ ᠲᠥᠷᠥᠯ᠎ᠦᠨ ᠦᠨᠡᠯᠡᠯᠲᠡ᠎ᠶ᠋ᠢᠨ ᠰᠠᠨᠠᠭᠤᠯᠭ᠎ᠠ᠎ᠶ᠋ᠢ ᠨᠡᠢᠲᠡ 40 ᠭᠠᠷᠤᠶ ᠵᠤᠷᠪᠤᠰ ᠴᠤᠭ᠍ᠯᠠᠭᠤᠯᠵᠤ᠂ ᠦᠶ᠋ᠯᠡᠴᠢᠯᠡᠭᠡᠨ᠎ᠦ ᠬᠠᠨᠤᠮᠵᠢ᠎ᠶ᠋ᠢᠨ ᠬᠡᠮᠵᠢᠶ᠎ᠡ 95%ᠡᠴᠨ ᠳᠡᠭᠡᠭ᠌ᠰᠢ᠎ᠳᠦ ᠬᠦᠷᠴᠡᠶ᠃ 《ᠬᠢᠨᠠᠨ ᠵᠥᠪᠱᠢᠶᠡᠷᠡᠬᠦ᠌ ᠵᠢ ᠬᠦᠯᠢᠶᠡᠵᠦ ᠰᠠᠭᠤᠬᠤ》 ᠡᠴᠡ 《ᠬᠡᠷ᠎ᠲᠦᠨᠢ ᠬᠦᠷᠴᠦ᠍ ᠦᠢᠯᠡᠴᠢᠯᠡᠬᠦ᠌》 ᠬᠦᠷᠲᠡᠯ᠎ᠡ᠂ 《ᠲᠣᠭ᠍ᠲᠠᠮᠠᠯ ᠴᠤᠩᠬᠤᠪᠴᠢ》 ᠡᠴᠡ 《ᠨᠡᠭᠦᠳᠡᠯ ᠦᠷᠳᠡᠬᠡ》 ᠬᠦᠷᠲᠡᠯ᠎ᠡ᠂ ᠴᠢᠩᠱᠠᠨ ᠲᠣᠭᠣᠷᠢᠭ ᠸᠠᠨ ᠳ᠋ᠠ ᠬᠤᠳᠠᠯᠳᠤᠭᠠᠨ᠎ᠤ ᠲᠣᠭᠣᠷᠢᠭ᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠦᠷᠳᠡᠬᠡ᠎ᠪᠡᠷ ᠲᠥᠯᠥᠭᠡᠯᠡᠭᠦᠯᠦᠭ᠌ᠰᠡᠨ 《ᠨᠠᠮ᠎ᠤᠨ ᠪᠠᠢᠭᠤᠯᠤᠯᠲᠠ + ᠬᠤᠳᠠᠯᠳᠤᠭᠠᠨ᠎ᠤ ᠲᠤᠭᠤᠷᠢᠬ + ᠵᠠᠰᠠᠭ᠎ᠤᠨ ᠶᠠᠪᠤᠳᠠᠯ》 ᠤ᠋ᠨ ᠦᠢᠯᠡᠴᠢᠯᠡᠭᠡᠨ᠎ᠦ ᠵᠠᠭ᠍ᠪᠤᠷ᠎ᠢ ᠳᠠᠰᠤᠷᠠᠯᠳᠠ ᠦᠬᠡᠢ ᠤᠷᠲᠤᠳᠭᠠᠨ ᠳᠡᠰ ᠳᠡᠪᠱᠢᠭᠦᠯᠵᠦ᠍᠂ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌᠎ᠶ᠋ᠢ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠪᠦᠬᠦ᠌ ᠶᠠᠪᠤᠴᠠ᠎ᠳᠤ ᠲᠤᠭᠤᠰᠢᠯᠠᠭᠤᠯᠵᠦ ᠪᠤᠢ᠃