ᠬᠡᠯᠪᠡᠷᠢ ᠪᠡᠨ ᠬᠤᠪᠢᠷᠠᠭᠤᠯᠤᠨ ᠳᠡᠰ ᠳᠡᠪᠰᠢᠬᠦᠯᠬᠦ ᠶ᠋ᠢ ᠳᠦᠷᠭᠡᠳᠭᠡᠵᠤ ᠮᠠᠯ ᠠᠵᠤ ᠠᠬᠤᠢ ᠲᠠᠷᠢᠶᠠᠯᠠᠩ ᠢ᠋ ᠬᠦᠴᠦᠷᠬᠡᠭᠵᠢᠭᠦᠯᠦᠨ ᠰᠠᠭᠤᠷᠢ ᠵᠢ ᠪᠠᠬᠢᠵᠢᠭᠦᠯᠦᠨ᠎ᠠ
2026-05-11 09:40:07
ᠵᠣᠬᠢᠶᠠᠭ᠍ᠴᠢ᠄
ᠬᠠᠨ ᠰᠢᠤᠸᠠᠢ ᠷᠦ
ᠣᠩᠱᠢᠭ᠍ᠰᠠᠨ ᠣᠳᠠᠭ᠎ᠠ᠄
★★★☆☆

ᠮᠠᠯ ᠠᠵᠤ ᠠᠬᠤᠢ ᠲᠠᠷᠢᠶᠠᠯᠠᠩ ᠤ᠋ᠨ ᠪᠦᠬᠦ ᠠᠵᠤ ᠦᠢᠯᠡᠰ ᠤ᠋ᠨ ᠬᠡᠯᠬᠢᠶ᠎ᠠ ᠶ᠋ᠢ ᠴᠤᠭᠴᠠᠯᠠᠬᠤ ᠡᠴᠡ ᠦᠪᠦᠷ ᠮᠤᠩᠭᠤᠯ ᠤ᠋ᠨ ᠠᠵᠤ ᠠᠬᠤᠢ ᠶ᠋ᠢᠨ ᠴᠢᠨᠠᠷ ᠰᠠᠢᠳᠠᠢ ᠬᠦᠭᠵᠢᠯᠳᠠ ᠶ᠋ᠢ ᠠᠬᠢᠭᠤᠯᠬᠤ ᠎ᠶᠢ ᠬᠠᠷᠠᠬᠤᠢ


ᠦᠪᠤᠷ ᠮᠤᠩᠭᠤᠯ ᠪᠤᠯ ᠤᠯᠤᠰ ᠤ᠋ᠨ ᠴᠢᠬᠤᠯᠠ 《ᠠᠮᠤ ᠶ᠋ᠢᠨ ᠰᠠᠩ》᠂  《ᠮᠢᠬᠠᠨ ᠤ᠋ ᠬᠦᠮᠦᠷᠭᠡ》᠂  《ᠰᠦ ᠶ᠋ᠢᠨ ᠬᠦᠨᠦᠭ》᠂  《ᠨᠤᠤᠯᠤᠭᠤᠷ ᠤ᠋ᠨ ᠬᠤᠳᠠ》 ᠪᠠᠢᠵᠤ᠂ ᠮᠠᠯ ᠠᠵᠤ ᠠᠬᠤᠢ ᠲᠠᠷᠢᠶᠠᠯᠠᠩ ᠨᠢ ᠪᠦᠬᠦ ᠤᠷᠤᠨ ᠤ᠋ ᠠᠵᠤ ᠠᠬᠤᠢ ᠶ᠋ᠢᠨ ᠬᠦᠭᠵᠢᠯᠳᠡ ᠶ᠋ᠢᠨ ᠰᠠᠭᠤᠷᠢ ᠴᠢᠯᠠᠭᠤ ᠪᠠ ᠢᠳᠡᠭᠡᠯ ᠬᠦᠴᠦᠨ ᠪᠤᠯᠤᠭᠰᠠᠭᠠᠷ ᠢᠷᠡᠵᠠᠢ᠃

2026 ᠤᠨ ᠤ᠋ ᠲᠦᠷᠦᠭᠦᠦ ᠤᠯᠠᠷᠢᠯ ᠳ᠋ᠤ᠂ ᠪᠦᠬᠦ ᠤᠷᠤᠨ ᠤ᠋ ᠮᠠᠯ ᠠᠵᠤ ᠠᠬᠤᠢ ᠲᠠᠷᠢᠶᠠᠯᠠᠩ ᠤᠢ ᠰᠢᠭᠤᠢ ᠵᠢᠭᠠᠰᠤᠨ ᠤ᠋ ᠦᠢᠯᠡᠰ ᠤ᠋ᠨ ᠨᠡᠮᠡᠭᠳᠡᠯ ᠦᠷᠳᠡᠭ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 5.6% ᠪᠡᠷ ᠨᠡᠮᠡᠭᠳᠡᠪᠡ᠃ ᠦᠷᠨᠢᠬᠦᠨ ᠬᠦᠭᠵᠢᠯᠳᠡ ᠵᠢ ᠬᠠᠷᠠᠭᠤᠯᠤᠭᠰᠠᠨ ᠡᠨᠡ ᠬᠦ᠌ ᠲᠤᠭ᠎ᠠ ᠪᠠᠷᠢᠮᠳᠠ ᠳ᠋ᠤ ᠭᠠᠷᠤᠯᠳᠠ ᠶ᠋ᠢᠨ ᠨᠡᠢᠯᠡᠪᠤᠷᠢ ᠪᠠᠢᠬᠤ ᠡᠴᠡ  ᠭᠠᠳᠠᠨ᠎ᠠ ᠨᠡᠩ ᠴᠢᠬᠤᠯᠠ ᠨᠢ 《ᠲᠠᠷᠢᠶ᠎ᠠ ᠪᠡᠨ ᠰᠠᠢᠨ ᠲᠠᠷᠢᠬᠤ 》 ᠡᠴᠡ 《 ᠭᠠᠷᠤᠯᠳᠠ ᠪᠡᠨ ᠰᠢᠯᠢᠳᠡᠭᠵᠢᠭᠦᠯᠬᠦ》 ᠪᠤᠯᠤᠭᠰᠠᠨ᠂ 《ᠲᠦᠬᠦᠭᠡᠢ ᠮᠠᠲᠧᠷᠢᠶᠠᠯ ᠬᠤᠳᠠᠯᠳᠤᠬᠤ》 ᠡᠴᠡ 《ᠲᠦᠷᠦᠯ ᠲᠡᠮᠳᠡᠭ ᠡᠭᠦᠳᠬᠦ》 ᠪᠤᠯᠤᠭᠰᠠᠨ ᠭᠦᠨᠵᠡᠭᠡᠢ ᠬᠤᠪᠢᠰᠤᠯᠳᠠ ᠤᠷᠤᠰᠢᠵᠤ ᠪᠠᠢᠨ᠎ᠠ᠃

ᠲᠦᠩᠯᠢᠶᠤᠤ ᠬᠤᠳᠠ ᠪᠤᠯ ᠪᠦᠬᠦ ᠤᠯᠤᠰ ᠤ᠋ᠨ ᠠᠩᠬᠠᠳᠠᠭᠴᠢ ᠪᠦᠬᠦ ᠬᠤᠳᠠ ᠪᠡᠷ ᠶ᠋ᠢᠡᠨ ᠡᠷᠳᠡᠨᠢ ᠰᠢᠰᠢ ᠶ᠋ᠢᠨ ᠮᠤ᠌ ᠨᠢᠭᠡᠴᠢ ᠶ᠋ᠢᠨ ᠤᠨᠠᠯᠳᠠ ᠶ᠋ᠢ ᠳᠡᠭᠡᠭᠰᠢᠯᠡᠭᠦᠯᠬᠦ ᠶ᠋ᠢ ᠠᠬᠢᠭᠤᠯᠬᠤ ᠲᠤᠰᠬᠠᠢ ᠤᠷᠤᠨ ᠤ᠋ ᠳᠡᠰ ᠤ᠋ᠨ ᠬᠤᠳᠠ ᠪᠠᠢᠵᠤ᠂ ᠪᠦᠬᠦ ᠤᠯᠤᠰ ᠤ᠋ᠨ ᠠᠮᠤ ᠪᠤᠳᠠᠭᠠᠨ ᠤ᠋ ᠭᠠᠷᠤᠯᠳᠠ ᠶ᠋ᠢᠨ ᠭᠤᠤᠯ ᠤᠷᠤᠨ ᠤ᠋ ᠲᠤᠳᠤᠷ᠎ᠠ ᠡᠩ ᠲᠡᠷᠢᠭᠦᠨ ᠳ᠋ᠤ 208 ᠲᠦᠮᠡᠨ ᠮᠤ᠌ ᠶ᠋ᠢᠨ ᠬᠡᠪᠴᠢᠶ᠎ᠠ ᠪᠦᠬᠦᠢ 《ᠲᠤᠨ ᠤ᠋ ᠤᠨᠠᠯᠳᠠᠳᠤ ᠲᠠᠷᠢᠶ᠎ᠠ》 ᠶ᠋ᠢ ᠪᠠᠢᠭᠤᠯᠵᠠᠢ᠃ ᠡᠨᠡ ᠵᠢᠯ ᠲᠦᠩᠯᠢᠶᠤᠤ ᠬᠤᠳᠠ ᠪᠠᠷᠤᠭ 2000 ᠲᠦᠮᠡᠨ ᠮᠤ᠌ ᠡᠷᠳᠡᠨᠢ ᠰᠢᠰᠢ ᠲᠠᠷᠢᠵᠤ᠂ 400 ᠲᠦᠮᠡᠨ ᠮᠤ᠌ ᠶ᠋ᠢᠨ 《ᠲᠤᠨ ᠤ᠋ ᠤᠨᠠᠯᠳᠠᠳᠤ ᠲᠠᠷᠢᠶ᠎ᠠ》 ᠶ᠋ᠢ ᠪᠠᠢᠭᠤᠯᠬᠤ ᠪᠡᠷ ᠲᠦᠯᠦᠪᠯᠡᠨ᠂ 1200 ᠲᠦᠮᠡᠨ ᠮᠤ᠌ ᠶ᠋ᠢᠨ ᠲᠠᠷᠢᠶᠠᠨ ᠭᠠᠵᠠᠷ ᠲᠤ᠌ ᠮᠤ᠌ ᠨᠢᠭᠡᠴᠢ ᠶ᠋ᠢᠨ ᠤᠨᠠᠯᠳᠠ ᠶ᠋ᠢ ᠳᠡᠭᠡᠭᠰᠢᠯᠡᠭᠦᠯᠬᠦ ᠮᠡᠷᠭᠡᠵᠢᠯ ᠢ᠋ ᠳᠡᠯᠭᠡᠷᠡᠭᠦᠯᠬᠦ ᠪᠡᠷ ᠪᠤᠢ᠃

ᠮᠤ᠌ ᠨᠢᠭᠡᠴᠢ ᠶ᠋ᠢᠨ ᠤᠨᠠᠯᠳᠠ ᠶ᠋ᠢ ᠳᠡᠭᠡᠭᠰᠢᠯᠡᠭᠦᠯᠬᠦ ᠪᠤᠯ ᠠᠮᠤ ᠪᠤᠳᠠᠭᠠᠨ ᠤ᠋ ᠤᠨᠠᠯᠳᠠ ᠶ᠋ᠢ ᠨᠡᠮᠡᠭᠳᠡᠭᠦᠯᠬᠦ ᠶ᠋ᠢᠨ 《ᠭᠤᠤᠯᠳᠠᠯᠭ᠎ᠠ ᠶ᠋ᠢᠨ ᠲᠤᠳᠤᠷᠠᠬᠢ ᠭᠤᠤᠯᠳᠠᠯᠭ᠎ᠠ》  ᠪᠤᠯᠤᠨ᠎ᠠ᠃ ᠲᠠᠷᠢᠶᠠᠨ ᠭᠠᠵᠠᠷ ᠤ᠋ᠨ ᠲᠠᠯᠠᠪᠠᠢ ᠪᠠ ᠤᠰᠤᠨ ᠤ᠋ ᠡᠬᠢ ᠪᠠᠶᠠᠯᠢᠭ ᠤ᠋ᠨ ᠬᠢᠵᠠᠭᠠᠷᠯᠠᠯ ᠡᠴᠡ ᠪᠤᠯᠵᠤ᠂ ᠮᠠᠨ ᠤ᠋ ᠤᠷᠤᠨ ᠲᠠᠷᠢᠮᠠᠯ ᠤ᠋ᠨ ᠲᠠᠯᠠᠪᠠᠢ ᠶ᠋ᠢ ᠦᠷᠭᠡᠳᠭᠡᠬᠦ ᠪᠡᠷ ᠳᠠᠮᠵᠢᠨ ᠠᠮᠤ ᠪᠤᠳᠠᠭᠠᠨ ᠤ᠋ ᠤᠨᠠᠯᠳᠠ ᠶ᠋ᠢ ᠨᠡᠮᠡᠭᠳᠡᠭᠦᠯᠬᠦ ᠪᠤᠯᠤᠮᠵᠢ ᠮᠠᠰᠢ ᠬᠢᠵᠠᠭᠠᠷ ᠲᠠᠢ ᠪᠠᠢᠵᠤ᠂ ᠠᠮᠤ ᠪᠤᠳᠠᠭᠠᠨ ᠤ᠋ ᠤᠨᠠᠯᠳᠠ ᠶ᠋ᠢ ᠵᠢᠯ ᠳᠠᠷᠠᠭᠠᠯᠠᠨ ᠨᠡᠮᠡᠭᠳᠡᠭᠦᠯᠬᠦ ᠶ᠋ᠢᠨ ᠭᠤᠤᠯᠳᠠᠯᠭ᠎ᠠ ᠶ᠋ᠢ ᠡᠷᠬᠡᠪᠰᠢ ᠶᠡᠬᠡ ᠬᠡᠪᠴᠢᠶ᠎ᠠ ᠪᠡᠷ ᠲᠠᠷᠢᠭᠰᠠᠨ ᠲᠠᠷᠢᠮᠠᠯ ᠤ᠋ᠨ ᠮᠤ᠌ ᠨᠢᠭᠡᠴᠢ ᠶ᠋ᠢᠨ ᠤᠨᠠᠯᠳᠠ ᠶ᠋ᠢ ᠳᠡᠭᠡᠭᠰᠢᠯᠡᠭᠦᠯᠬᠦ ᠳᠡᠭᠡᠷ᠎ᠠ ᠲᠠᠯᠪᠢᠬᠤ ᠴᠢᠬᠤᠯᠠ ᠲᠠᠢ ᠪᠤᠯᠵᠠᠢ᠃ ᠦᠪᠦᠷ ᠮᠤᠩᠭᠤᠯ 《ᠲᠠᠷᠢᠶᠠᠨ ᠭᠠᠵᠠᠷ ᠤ᠋ᠨ ᠠᠮᠤ ᠪᠤᠳᠠᠭᠠᠨ ᠤ᠋ ᠦᠢᠯᠡᠳᠪᠤᠷᠢᠯᠡᠯ ᠤ᠋ᠨ ᠴᠢᠳᠠᠪᠤᠷᠢ ᠵᠢ ᠪᠠᠳᠤᠯᠠᠵᠤ᠂ ᠮᠡᠷᠬᠡᠵᠢᠯ ᠵᠢᠡᠷ ᠠᠮᠤ ᠪᠤᠳᠠᠭᠠᠨ ᠤ᠋ ᠤᠨᠠᠯᠳᠠ ᠵᠢ ᠨᠡᠮᠡᠭᠳᠡᠬᠦᠯᠬᠦ ᠪᠠᠢᠯᠳᠤᠬᠤ ᠪᠤᠳᠤᠯᠭ᠎ᠠ》  ᠶ᠋ᠢ ᠭᠦᠨᠵᠡᠭᠡᠢ ᠬᠡᠷᠡᠭᠵᠢᠭᠦᠯᠦᠨ᠂ ᠰᠠᠢᠨ ᠲᠠᠷᠢᠶ᠎ᠠ᠂ ᠰᠠᠢᠨ ᠦᠷ᠎ᠠ᠂ ᠰᠠᠢᠨ ᠮᠠᠰᠢᠨ᠂ ᠰᠠᠢᠨ ᠠᠷᠭ᠎ᠠ ᠮᠡᠷᠭᠡᠵᠢᠯ ᠵᠡᠷᠭᠡ 《ᠳᠦᠷᠪᠡᠨ ᠰᠠᠢᠨ 》 ᠢ᠋ ᠤᠶᠠᠯᠳᠤᠭᠤᠯᠬᠤ ᠶ᠋ᠢ ᠪᠠᠷᠢᠮᠳᠠᠯᠠᠵᠤ᠂ ᠶᠡᠬᠡ ᠬᠡᠪᠴᠢᠶ᠎ᠠ ᠪᠡᠷ ᠲᠠᠷᠢᠭᠰᠠᠨ ᠲᠠᠷᠢᠮᠠᠯ ᠤ᠋ᠨ ᠮᠤ᠌ ᠨᠢᠭᠡᠴᠢ ᠶ᠋ᠢᠨ ᠤᠨᠠᠯᠳᠠ ᠶ᠋ᠢ ᠳᠡᠭᠡᠭᠰᠢᠯᠡᠭᠦᠯᠬᠦ ᠶ᠋ᠢ ᠪᠦᠬᠦ ᠬᠦᠴᠦᠨ ᠶ᠋ᠢᠡᠷ ᠠᠬᠢᠭᠤᠯᠤᠨ᠂ ᠠᠮᠤ ᠪᠤᠳᠠᠭᠠᠨ ᠤ᠋ ᠠᠮᠦᠷ ᠲᠦᠪᠰᠢᠨ ᠤ᠋ ᠰᠠᠭᠤᠷᠢ ᠶ᠋ᠢ ᠪᠠᠳᠤ ᠴᠤᠭᠴᠠᠯᠠᠪᠠ᠃

ᠰᠢᠯᠢ ᠶ᠋ᠢᠨ ᠭᠤᠤᠯ ᠠᠢᠮᠠᠭ ᠲᠤ᠌ ᠨᠢᠭᠡᠯᠬᠡᠨ ᠬᠤᠨᠢ ᠶ᠋ᠢ ᠨᠠᠷᠢᠯᠢᠭ ᠬᠡᠰᠡᠭᠯᠡᠨ ᠰᠠᠯᠭᠠᠬᠤ ᠪᠡᠷ ᠳᠠᠮᠵᠢᠨ ᠵᠠᠭᠤᠭᠠᠳ ᠲᠦᠷᠦᠯ ᠤ᠋ᠨ ᠪᠦᠲᠦᠭᠡᠭᠳᠡᠭᠦᠨ ᠤ᠋ ᠦᠷᠳᠡᠭ ᠨᠡᠮᠡᠭᠳᠡᠯ ᠢ᠋ ᠪᠡᠶᠡᠯᠡᠭᠦᠯᠵᠤ ᠪᠤᠢ᠃ ᠳᠠ ᠵᠤᠸᠠᠩ ᠶᠤᠸᠠᠨ ᠮᠢᠬᠠᠨ ᠤ᠋ ᠦᠢᠯᠡᠰ ᠤ᠋ᠨ ᠬᠢᠵᠠᠭᠠᠷᠳᠦ ᠺᠤᠮᠫᠠᠨᠢ ᠶ᠋ᠢᠨ ᠦᠢᠯᠡᠳᠪᠤᠷᠢ ᠶ᠋ᠢᠨ ᠲᠠᠰᠤᠭ ᠲᠤ᠌ ᠦᠢᠯᠡᠳᠪᠤᠷᠢᠯᠡᠯ ᠤ᠋ᠨ ᠱᠤᠭᠤᠮ ᠡᠮᠬᠢ ᠵᠢᠷᠦᠮ ᠲᠠᠢ ᠤᠷᠴᠢᠵᠤ᠂ ᠦᠢᠯᠡᠳᠪᠤᠷᠢ ᠶ᠋ᠢᠨ ᠠᠵᠢᠯᠴᠢᠳ ᠬᠤᠨᠢᠨ ᠮᠢᠬ᠎ᠠ ᠶ᠋ᠢ ᠨᠠᠷᠢᠯᠢᠭ ᠬᠡᠰᠡᠭᠯᠡᠨ ᠰᠠᠯᠭᠠᠵᠤ ᠪᠠᠢᠯ᠎ᠠ᠃ ᠨᠠᠷᠢᠯᠢᠭ ᠬᠡᠰᠡᠭᠯᠡᠭᠰᠡᠨ ᠬᠤᠨᠢᠨ ᠮᠢᠬ᠎ᠠ ᠨᠢ ᠢᠯᠭᠠᠨ ᠰᠠᠯᠭᠠᠬᠤ᠂ ᠵᠢᠩᠯᠡᠬᠦ ᠪᠠ ᠪᠤᠭᠤᠳᠠᠯᠯᠠᠬᠤ ᠵᠡᠷᠭᠡ ᠶᠠᠪᠤᠴᠠ ᠪᠡᠷ ᠳᠠᠮᠵᠢᠨ ᠭᠦᠢᠳᠡᠨ ᠬᠡᠯᠬᠢᠶᠡᠳᠦ ᠡᠳ᠋ ᠪᠠᠷᠠᠭᠠᠨ ᠤ᠋ ᠭᠦᠢᠯᠭᠡᠭᠡ ᠪᠡᠷ ᠪᠦᠬᠦ ᠤᠯᠤᠰ ᠤ᠋ᠨ ᠡᠯ᠎ᠠ ᠭᠠᠵᠠᠷ ᠤ᠋ᠨ ᠲᠤᠮᠤ ᠲᠤᠮᠤ ᠬᠤᠳᠠᠯᠳᠤᠭᠠᠨ ᠤ᠋ ᠭᠠᠵᠠᠷ᠂ ᠬᠠᠮ ᠳᠡᠯᠭᠡᠭᠦᠷ ᠪᠤᠶᠤ ᠰᠦᠯᠵᠢᠶᠡᠨ ᠤ᠋ ᠵᠠᠬᠢᠶᠠᠯᠠᠭ᠎ᠠ ᠪᠡᠷ ᠬᠡᠷᠡᠭᠯᠡᠭᠴᠢ ᠶ᠋ᠢᠨ ᠭᠠᠷ ᠲᠤ᠌ ᠬᠦᠷᠬᠦ ᠪᠤᠯᠤᠨ᠎ᠠ᠃

ᠡᠢᠨ ᠬᠦ᠌ ᠨᠠᠷᠢᠯᠢᠭ ᠬᠡᠰᠡᠭᠯᠡᠨ ᠰᠠᠯᠭᠠᠬᠤ ᠨᠢ ᠠᠵᠤ ᠦᠢᠯᠡᠰ ᠤ᠋ᠨ ᠬᠡᠯᠬᠢᠶ᠎ᠠ ᠶ᠋ᠢᠨ ᠦᠷᠳᠡᠭ ᠨᠡᠮᠡᠭᠳᠡᠯ ᠤ᠋ᠨ ᠰᠢᠨ᠎ᠠ ᠤᠷᠤᠨ ᠵᠠᠢ ᠶ᠋ᠢ ᠪᠤᠢ ᠪᠤᠯᠭᠠᠪᠠ᠃ ᠲᠤᠰ ᠺᠤᠮᠫᠠᠨᠢ ᠪᠠᠰᠠ ᠤᠷᠢᠳ ᠬᠤᠵᠢᠳ ᠳᠦᠷᠭᠡᠨ ᠪᠤᠯᠭᠤᠭᠠᠵᠤ ᠪᠤᠯᠬᠤ ᠪᠡᠯᠡᠨ ᠢᠳᠡᠭᠡᠨ᠂ ᠰᠤᠯᠠ ᠢᠳᠡᠭᠡᠨ᠂ ᠪᠤᠯᠪᠠᠰᠤᠷᠠᠭᠤᠯᠤᠭᠰᠠᠨ ᠢᠳᠡᠭᠡᠨ᠂ ᠰᠢᠨ᠎ᠠ ᠰᠤᠷᠭᠤᠭ ᠮᠢᠬᠠᠨ ᠤ᠋  ᠪᠦᠲᠦᠭᠡᠭᠳᠡᠭᠦᠨ ᠵᠡᠷᠭᠡ 100 ᠭᠠᠷᠤᠢ ᠵᠤᠢᠯ ᠤ᠋ᠨ ᠨᠠᠷᠢᠯᠢᠭ ᠪᠤᠯᠪᠠᠰᠤᠷᠠᠭᠤᠯᠤᠭᠰᠠᠨ ᠪᠦᠲᠦᠭᠡᠭᠳᠡᠭᠦᠨ ᠭᠠᠷᠭᠠᠵᠤ᠂ ᠪᠦᠲᠦᠭᠡᠭᠳᠡᠭᠦᠨ ᠤ᠋ ᠶᠡᠷᠦᠩᠬᠡᠢ ᠦᠷᠳᠡᠭ ᠵᠢᠡᠨ ᠮᠡᠳᠡᠭᠳᠡᠮ᠎ᠠ ᠳᠡᠭᠡᠭᠰᠢᠯᠡᠭᠦᠯᠪᠠ᠃

ᠰᠢᠯᠢ ᠶ᠋ᠢᠨ ᠭᠤᠤᠯ ᠠᠢᠮᠠᠭ ᠨᠢᠬᠡᠨᠳᠡ ᠠᠮᠢᠳᠤ ᠮᠠᠯ ᠢ᠋ ᠪᠤᠷᠤᠯᠠᠭᠤᠯᠬᠤ᠂ ᠡᠬᠢᠨ ᠤ᠋ ᠦᠢᠯᠡᠳᠭᠦᠨ ᠶ᠋ᠢᠡᠷ ᠭᠤᠤᠯ ᠪᠤᠯᠭᠠᠬᠤ ᠬᠠᠭᠤᠴᠢᠨ ᠵᠠᠮ ᠡᠴᠡ ᠰᠠᠯᠵᠤ᠂ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠭᠦᠨ ᠢ᠋ ᠨᠠᠷᠢᠯᠢᠭ ᠪᠤᠯᠪᠠᠰᠤᠷᠠᠭᠤᠯᠬᠤ᠂ ᠦᠨᠳᠦᠷ ᠨᠡᠮᠡᠯᠳᠡ ᠦᠷᠳᠡᠭ ᠪᠦᠬᠦᠢ ᠪᠦᠲᠦᠭᠡᠭᠳᠡᠭᠦᠨ ᠪᠤᠯᠪᠠᠰᠤᠷᠠᠭᠤᠯᠬᠤ ᠮᠦᠷᠦᠢᠴᠡᠭᠡᠨ ᠤ᠋ ᠵᠠᠮ ᠶ᠋ᠢᠡᠷ ᠢᠳᠡᠭᠡᠯ ᠲᠠᠬᠦᠯᠳᠡᠷ ᠤᠷᠤᠭᠰᠢᠯᠠᠵᠤ ᠪᠤᠢ᠃ ᠤᠳᠤ ᠲᠤᠰ ᠠᠢᠮᠠᠭ ᠲᠦ᠍ ᠬᠤᠨᠢᠨ ᠮᠢᠬᠠᠨ ᠤ᠋ ᠱᠤᠷᠤᠯᠠᠭ᠂ ᠪᠤᠯᠪᠠᠰᠤᠷᠠᠭᠤᠯᠤᠭᠰᠠᠨ ᠢᠳᠡᠭᠡᠨ᠂ ᠬᠠᠭᠠᠰ ᠪᠤᠯᠪᠠᠰᠤᠷᠠᠭᠤᠯᠤᠭᠰᠠᠨ ᠢᠳᠡᠭᠡᠨ ᠵᠡᠷᠭᠡ ᠰᠢᠨ᠎ᠠ ᠬᠡᠯᠪᠡᠷᠢ ᠶ᠋ᠢᠨ ᠪᠦᠲᠦᠭᠡᠭᠳᠡᠭᠦᠨ ᠲᠠᠰᠤᠷᠠᠯᠳᠠ ᠦᠭᠡᠢ ᠢᠯᠡᠷᠡᠵᠦ᠂ ᠲᠠᠯ᠎ᠠ ᠨᠤᠳᠤᠭ ᠤ᠋ᠨ ᠤᠬᠢ ᠰᠠᠢᠨ ᠡᠬᠢ ᠪᠠᠶᠠᠯᠢᠭ ᠢ᠋ ᠵᠠᠬ᠎ᠠ ᠳᠡᠯᠭᠡᠭᠦᠷ ᠤ᠋ᠨ ᠦᠷᠢᠰᠦᠯᠳᠦᠬᠦ ᠬᠦᠴᠦᠨ ᠪᠤᠯᠭᠠᠬᠤ ᠶ᠋ᠢ ᠱᠠᠯᠠᠪᠳᠠᠭᠤᠯᠤᠨ ᠠᠬᠢᠭᠤᠯᠵᠤ ᠪᠠᠢᠨ᠎ᠠ᠃

ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠭᠦᠨ ᠢ᠋ ᠨᠠᠷᠢᠯᠢᠭ ᠪᠤᠯᠪᠠᠰᠤᠷᠠᠭᠤᠯᠬᠤ ᠦᠢᠯᠡᠰ ᠢ᠋ ᠬᠦᠨᠵᠡᠭᠡᠢᠷᠡᠭᠦᠯᠦᠨ ᠬᠦᠭᠵᠢᠭᠦᠯᠬᠦ ᠪᠤᠯ 《ᠲᠤᠮᠤ ᠪᠤᠯᠪᠠᠴᠤ ᠬᠦᠴᠦᠷᠬᠡᠭ ᠪᠢᠰᠢ᠂ ᠤᠯᠠᠨ ᠪᠤᠯᠪᠠᠴᠤ ᠰᠢᠯᠢᠳᠡᠭ ᠪᠢᠰᠢ》  ᠳᠤᠳᠠᠭᠤᠳᠠᠯ ᠶ᠋ᠢᠡᠨ ᠨᠦᠬᠦᠪᠤᠷᠢᠯᠡᠬᠦ ᠶ᠋ᠢᠨ ᠵᠠᠢᠯᠠᠰᠢ ᠦᠭᠡᠢ ᠶᠠᠪᠤᠬᠤ ᠵᠠᠮ ᠮᠦᠨ᠃ ᠦᠪᠦᠷ ᠮᠤᠩᠭᠤᠯ ᠲᠦᠷᠦ ᠶ᠋ᠢᠨ ᠪᠤᠳᠤᠯᠭ᠎ᠠ ᠪᠡᠷ ᠤᠳᠤᠷᠢᠳᠤᠮᠵᠢ ᠪᠤᠯᠭᠠᠬᠤ᠂ ᠲᠦᠷᠦᠯ ᠵᠦᠢᠯ ᠤᠯᠭᠤᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠶ᠋ᠢᠡᠷ ᠬᠦᠳᠡᠯᠭᠡᠬᠦ ᠡᠨᠧᠷᠬᠢ ᠨᠡᠮᠡᠷᠢᠯᠡᠬᠦ᠂ ᠭᠤᠤᠯ ᠴᠤᠭᠴᠠ ᠶ᠋ᠢ ᠪᠤᠢᠵᠢᠭᠤᠯᠬᠤ ᠵᠡᠷᠭᠡ ᠤᠯᠠᠨ ᠡᠰᠢᠳᠦ ᠠᠷᠭ᠎ᠠ ᠵᠠᠮ ᠶ᠋ᠢᠡᠷ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠭᠦᠨ ᠢ᠋ ᠪᠤᠯᠪᠠᠰᠤᠷᠠᠭᠤᠯᠬᠤ ᠦᠢᠯᠡᠰ ᠤ᠋ᠨ 《ᠡᠭᠢᠨ ᠤ᠋ ᠦᠢᠯᠡᠳᠭᠦᠨ ᠶ᠋ᠢᠡᠷ ᠭᠤᠤᠯ ᠪᠤᠯᠭᠠᠬᠤ》ᠡᠴᠡ《ᠨᠠᠷᠢᠯᠢᠭ ᠪᠤᠯᠪᠠᠰᠤᠷᠠᠭᠤᠯᠬᠤ ᠪᠡᠷ ᠤᠳᠤᠷᠢᠳᠤᠮᠵᠢ ᠪᠤᠯᠭᠠᠬᠤ》 ᠳᠠᠪᠠᠯᠳᠠᠳᠤ ᠴᠢᠨᠠᠷᠳᠠᠢ ᠬᠦᠭᠵᠢᠯᠳᠠ ᠶ᠋ᠢ ᠠᠬᠢᠭᠤᠯᠪᠠ᠃ ᠦᠪᠦᠷ ᠮᠤᠩᠭᠤᠯ ᠤᠷᠢᠳ ᠬᠤᠵᠢᠳ ᠠᠯᠢ ᠤᠯᠠᠨ ᠲᠦᠷᠦ ᠶ᠋ᠢᠨ ᠪᠤᠳᠤᠯᠭ᠎ᠠ ᠶ᠋ᠢᠨ ᠴᠢᠨᠠᠷᠳᠠᠢ ᠪᠢᠴᠢᠭ ᠮᠠᠲᠧᠷᠢᠶᠠᠯ ᠭᠠᠷᠭᠠᠨ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠭᠦᠨ ᠢ᠋ ᠴᠠᠭᠠᠨ ᠢᠳᠡᠭᠡᠨ᠂ ᠬᠤᠨᠢ ᠦᠭᠡᠷ ᠤ᠋ᠨ ᠮᠢᠬᠠᠨ ᠤ᠋ ᠪᠦᠲᠦᠭᠡᠭᠳᠡᠭᠦᠨ᠂ ᠰᠤᠯᠠ ᠢᠳᠡᠭᠡᠨ ᠳᠦᠭᠦᠮ ᠢᠳᠡᠭᠡᠨ᠂ ᠤᠨᠴᠠᠯᠢᠭᠳᠤ ᠡᠷᠡᠭᠦᠯᠵᠢᠯ ᠤ᠋ᠨ ᠪᠦᠲᠦᠭᠡᠭᠳᠡᠭᠦᠨ ᠵᠡᠷᠭᠡ ᠨᠠᠷᠢᠯᠢᠭ ᠪᠤᠯᠪᠠᠰᠤᠷᠠᠭᠤᠯᠤᠭᠰᠠᠨ ᠪᠦᠲᠦᠭᠡᠭᠳᠡᠭᠦᠨ ᠳᠡᠢᠰᠢ ᠬᠦᠴᠦᠯᠡᠨ ᠦᠷᠬᠡᠳᠬᠡᠵᠤ᠂ ᠠᠵᠤ ᠦᠢᠯᠡᠰ ᠤ᠋ᠨ ᠬᠦᠭᠵᠢᠯᠳᠡ ᠶ᠋ᠢᠨ ᠵᠠᠮ ᠱᠤᠭᠤᠮ ᠤ᠋ᠨ ᠵᠢᠷᠤᠭ ᠢ᠋ ᠲᠤᠳᠤᠷᠬᠠᠢᠯᠠᠭᠰᠠᠨ ᠪᠠᠢᠨ᠎ᠠ᠃

ᠤᠯᠠᠭᠠᠨᠬᠠᠳᠠ ᠬᠤᠳᠠ ᠶ᠋ᠢᠨ ᠠᠷᠤ ᠬᠤᠷᠴᠢᠨ ᠬᠤᠰᠢᠭᠤᠨ ᠤ᠋ ᠪᠤᠷᠤ ᠴᠠᠷᠭᠠᠰᠤ ᠶ᠋ᠢᠨ ᠰᠠᠭᠤᠷᠢᠨ ᠡᠴᠡ ᠢᠯᠢ ᠶ᠋ᠢᠨ ᠡᠷᠡᠭᠦᠯ ᠮᠡᠨᠳᠦ ᠶ᠋ᠢᠨ ᠬᠦᠨᠳᠡᠢ ᠶ᠋ᠢᠨ ᠰᠢᠩᠭᠡᠨ ᠲᠦᠯᠦᠪᠳᠤ ᠰᠦ ᠶ᠋ᠢᠨ ᠦᠢᠯᠡᠳᠪᠤᠷᠢᠯᠡᠯ ᠤ᠋ᠨ ᠱᠤᠭᠤᠮ ᠬᠦᠷᠳᠡᠯ᠎ᠠ᠂ ᠪᠠᠶᠠᠨᠨᠠᠭᠤᠷ ᠬᠤᠳᠠ ᠶ᠋ᠢᠨ ᠨᠠᠷᠠᠨ ᠬᠤᠸᠠᠷ ᠤ᠋ᠨ ᠦᠷ᠎ᠠ ᠡᠴᠡ ᠤᠯᠤᠰ ᠤ᠋ᠨ ᠲᠤᠳᠤᠭᠠᠳᠤ ᠭᠠᠳᠠᠭᠠᠳᠤ ᠳ᠋ᠤ ᠪᠤᠷᠤᠯᠠᠭᠤᠯᠤᠭᠳᠠᠬᠤ ᠨᠠᠷᠠᠨ ᠬᠤᠸᠠᠷ ᠤ᠋ᠨ ᠦᠷ᠎ᠠ ᠶ᠋ᠢᠨ ᠲᠤᠰᠤ᠂ ᠨᠠᠷᠠᠨ ᠬᠤᠸᠠᠷ ᠤ᠋ᠨ ᠦᠷ᠎ᠠ ᠶ᠋ᠢᠨ ᠰᠢᠷᠢᠰ ᠪᠦᠲᠦᠭᠡᠭᠳᠡᠭᠦᠨ ᠬᠦᠷᠳᠡᠯ᠎ᠠ ᠁ ᠦᠪᠦᠷ ᠮᠤᠩᠭᠤᠯ ᠶᠠᠭ ᠪᠦᠬᠦ ᠠᠵᠤ ᠦᠢᠯᠡᠰ ᠤ᠋ᠨ ᠬᠡᠯᠬᠢᠶ᠎ᠠ ᠶ᠋ᠢᠨ ᠰᠡᠳᠬᠢᠮᠵᠢ ᠪᠡᠷ ᠮᠠᠯ ᠠᠵᠤ ᠠᠬᠤᠢ ᠲᠠᠷᠢᠶᠠᠯᠠᠩ ᠤ᠋ᠨ ᠬᠦᠭᠵᠢᠯᠳᠡ ᠶ᠋ᠢᠨ ᠬᠡᠪ ᠵᠠᠭᠪᠤᠷ ᠢ᠋ ᠳᠠᠬᠢᠨ ᠴᠤᠭᠴᠠᠯᠠᠵᠤ᠂ ᠮᠠᠯ ᠠᠵᠤ ᠠᠬᠤᠢ ᠲᠠᠷᠢᠶᠠᠯᠠᠩ ᠤ᠋ᠨ ᠲᠤᠮᠤ ᠤᠷᠤᠨ ᠡᠴᠡ ᠮᠠᠯ ᠠᠵᠤ ᠠᠬᠤᠢ ᠲᠠᠷᠢᠶᠠᠯᠠᠩ ᠤ᠋ᠨ ᠬᠦᠴᠦᠷᠬᠡᠭ ᠤᠷᠤᠨ ᠪᠤᠯᠭᠠᠬᠤ ᠳᠠᠪᠠᠯᠳᠠᠳᠤ ᠴᠢᠨᠠᠷᠳᠠᠢ ᠬᠦᠭᠵᠢᠬᠦᠯᠬᠦ ᠶ᠋ᠢ ᠠᠬᠢᠭᠤᠯᠤᠨ᠂ ᠠᠵᠤ ᠠᠬᠤᠢ ᠶ᠋ᠢᠨ ᠳᠤᠭᠳᠠᠭᠤᠨ ᠤ᠋ ᠳᠤᠮᠳᠠ ᠰᠠᠢᠵᠢᠷᠠᠬᠤ ᠪᠠᠢᠳᠠᠯ ᠢ᠋ ᠪᠡᠬᠢᠵᠢᠭᠦᠯᠦᠨ ᠦᠷᠭᠡᠳᠭᠡᠬᠦ ᠳ᠋ᠤ ᠪᠠᠳᠤ ᠰᠠᠭᠤᠷᠢ ᠵᠢ ᠲᠠᠯᠪᠢᠪᠡ᠃

ᠰᠡᠵᠢᠭᠯᠡᠰᠢ ᠦᠭᠡᠢ ᠰᠠᠢᠨ ᠴᠢᠨᠠᠷ ᠶ᠋ᠢᠡᠷ ᠰᠢᠯᠢᠳᠡᠭ ᠲᠦᠷᠦᠯ ᠲᠡᠮᠳᠡᠭ ᠢ᠋ ᠴᠤᠭᠴᠠᠯᠠᠵᠤ᠂ ᠰᠢᠯᠢᠳᠡᠭ ᠲᠦᠷᠦᠯ ᠲᠡᠮᠳᠡᠭ ᠶ᠋ᠢᠡᠷ ᠪᠦᠬᠦ ᠤᠯᠤᠰ ᠤ᠋ᠨ ᠵᠠᠬ᠎ᠠ ᠳᠡᠯᠭᠡᠭᠦᠷ ᠢ᠋ ᠨᠡᠭᠡᠭᠡᠨ᠎ᠠ᠃ ᠤᠢᠷ᠎ᠠ ᠶ᠋ᠢᠨ ᠵᠢᠯ ᠳ᠋ᠤ ᠦᠪᠦᠷ ᠮᠤᠩᠭᠤᠯ 《ᠳᠠᠪᠠᠭᠤᠯᠢᠭ ᠠᠵᠤ ᠦᠢᠯᠡᠰ ᠢ᠋ ᠤᠷᠢᠳ ᠶ᠋ᠢᠡᠷ ᠪᠤᠳᠤᠯᠬᠢᠯᠠᠬᠤ᠂ ᠳᠠᠪᠠᠭᠤᠯᠢᠭ  ᠠᠵᠤ ᠠᠬᠤᠢᠯᠠᠯ ᠶ᠋ᠢᠡᠷ ᠤᠳᠤᠷᠢᠳᠤᠮᠵᠢ ᠪᠤᠯᠭᠠᠬᠤ》 ᠵᠠᠷᠴᠢᠮ ᠢ᠋ ᠪᠠᠷᠢᠮᠳᠠᠯᠠᠨ᠂ ᠦᠭᠡᠷ ᠤ᠋ᠨ ᠮᠢᠬ᠎ᠠ᠂ ᠬᠤᠨᠢᠨ ᠮᠢᠬ᠎ᠠ᠂ ᠴᠠᠭᠠᠨ ᠢᠳᠡᠭᠡᠨ᠂ ᠢᠳᠡᠰᠢᠨ ᠨᠤᠭᠤᠭ᠎ᠠ᠂ ᠡᠯᠳᠡᠪ ᠠᠮᠤ᠂ ᠲᠦᠮᠦᠰᠦ ᠵᠡᠷᠭᠡ ᠦᠪᠡᠷᠳᠡᠭᠡᠨ ᠵᠠᠰᠠᠬᠤ ᠤᠷᠤᠨ ᠤ᠋ ᠳᠡᠰ ᠤ᠋ᠨ 6 ᠶᠡᠬᠡ ᠤᠷᠤᠨ ᠪᠦᠰᠡ ᠶ᠋ᠢᠨ ᠨᠡᠢᠳᠡ ᠶ᠋ᠢᠨ ᠬᠡᠷᠡᠭᠯᠡᠭᠡᠨ ᠤ᠋ ᠲᠦᠷᠦᠯ ᠲᠡᠮᠳᠡᠭ ᠢ᠋ ᠬᠦᠴᠦᠷᠬᠡᠭᠵᠢᠭᠦᠯᠵᠦ᠂ ᠪᠦᠬᠦ ᠤᠷᠤᠨ ᠤ᠋ ᠤᠬᠢ ᠰᠠᠢᠨ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠭᠦᠨ ᠤ᠋ ᠡᠬᠢ ᠪᠠᠶᠠᠯᠢᠭ ᠢ᠋ ᠨᠡᠢᠳᠭᠡᠨ᠂ 《ᠤᠷᠤᠨ ᠪᠦᠰᠡ ᠶ᠋ᠢᠨ ᠨᠡᠢᠳᠡ ᠶ᠋ᠢᠨ ᠬᠡᠷᠡᠭᠯᠡᠭᠡᠨ ᠤ᠋ ᠲᠦᠷᠦᠯ ᠲᠡᠮᠳᠡᠭ + ᠠᠵᠤ ᠠᠬᠤᠢᠯᠠᠯ ᠤ᠋ᠨ ᠲᠦᠷᠦᠯ ᠲᠡᠮᠳᠡᠭ + ᠭᠠᠭᠴᠠ ᠪᠦᠲᠦᠭᠡᠭᠳᠡᠭᠦᠨ ᠤ᠋ ᠲᠦᠷᠦᠯ ᠲᠡᠮᠳᠡᠭ》ᠤ᠋ᠨ ᠬᠠᠮᠵᠢᠯᠴᠠᠨ ᠬᠦᠴᠦᠯᠡᠭᠰᠡᠨ᠂ ᠱᠠᠳᠤᠯᠠᠨ ᠬᠦᠭᠵᠢᠭᠰᠡᠨ ᠲᠦᠷᠦᠯ ᠲᠡᠮᠳᠡᠭ ᠤ᠋ᠨ ᠰᠢᠰᠲᠧᠮ ᠢ᠋ ᠴᠤᠭᠴᠠᠯᠠᠪᠠ᠃

ᠲᠦᠷᠦᠯ ᠲᠡᠮᠳᠡᠭ ᠤ᠋ᠨ ᠨᠦᠯᠦᠭᠡ ᠨᠢ  《ᠦᠪᠦᠷ ᠮᠤᠩᠭᠤᠯ ᠤ᠋ᠨ ᠦᠨᠦᠷ ᠠᠮᠳᠠ》  ᠶ᠋ᠢ ᠨᠡᠩ ᠳᠠᠳᠠᠬᠤ ᠬᠦᠴᠦᠨ ᠲᠠᠢ ᠪᠤᠯᠭᠠᠵᠠᠢ᠃ 《ᠠᠷᠪᠠᠨ ᠳᠦᠷᠪᠡᠳᠦᠭᠡᠷ ᠳᠠᠪᠤᠨ ᠵᠢᠯ》  ᠤ᠋ᠨ ᠬᠤᠭᠤᠴᠠᠭᠠᠨ ᠳ᠋ᠤ ᠦᠪᠦᠷ ᠮᠤᠩᠭᠤᠯ ᠤ᠋ᠨ ᠮᠠᠯ ᠠᠵᠤ ᠠᠬᠤᠢ ᠲᠠᠷᠢᠶᠠᠯᠠᠩ ᠤ᠋ᠨ ᠲᠦᠷᠦᠯ ᠲᠡᠮᠳᠡᠭ ᠤ᠋ᠨ ᠲᠦᠷᠤ ᠶ᠋ᠢᠨ ᠪᠤᠳᠤᠯᠭ᠎ᠠ ᠶ᠋ᠢᠨ ᠰᠢᠰᠲ᠋ᠧᠮ᠂ ᠪᠠᠷᠢᠮᠵᠢᠶ᠎ᠠ ᠶ᠋ᠢᠨ ᠰᠢᠰᠲᠧᠮ ᠪᠠ ᠨᠡᠷᠡᠰ ᠤ᠋ᠨ ᠬᠠᠮᠢᠶᠠᠷᠤᠯᠳᠠ ᠶᠠᠪᠤᠬᠤ ᠲᠤᠳᠤᠮ ᠳᠦᠷᠢᠮᠵᠢᠵᠦ᠂ ᠲᠦᠷᠦᠯ ᠲᠡᠮᠳᠡᠭ ᠤ᠋ᠨ ᠵᠢᠭᠰᠠᠭᠠᠯ ᠲᠠᠰᠤᠷᠠᠯᠳᠠ ᠦᠭᠡᠢ ᠪᠤᠵᠠᠭᠠᠢᠷᠠᠪᠠ᠃ ᠤᠳᠤᠬᠠᠨ ᠳ᠋ᠤ 13 ᠲᠦᠷᠦᠯ ᠲᠡᠮᠳᠡᠭ ᠨᠢ ᠬᠦᠳᠡᠭᠡ ᠠᠵᠤ ᠠᠬᠤᠢ ᠬᠦᠳᠡᠭᠡ ᠲᠤᠰᠬᠤᠨ ᠤ᠋ ᠶᠠᠮᠤᠨ ᠤ᠋ ᠰᠤᠳᠤᠨ ᠲᠦᠷᠦᠯ ᠲᠡᠮᠳᠡᠭ ᠢ᠋ ᠪᠤᠢᠵᠢᠭᠤᠯᠬᠤ ᠲᠦᠯᠦᠪᠯᠡᠭᠡ ᠳ᠋ᠤ ᠰᠤᠩᠭᠤᠭᠳᠠᠵᠤ᠂ ᠪᠦᠬᠦ ᠤᠯᠤᠰ ᠲᠤ᠌ ᠬᠤᠶᠠᠳᠤᠭᠠᠷ ᠲᠤ᠌ ᠵᠢᠭᠰᠠᠨ᠂ ᠲᠦᠷᠦᠯ ᠲᠡᠮᠳᠡᠭ ᠤ᠋ᠨ ᠦᠷᠳᠡᠭ ᠳᠤᠭᠳᠠᠭᠤᠨ ᠶ᠋ᠢᠡᠷ ᠳᠡᠭᠡᠭᠰᠢᠯᠡᠪᠡ᠃ ᠡᠭᠦᠨ ᠤ᠋ ᠬᠠᠮᠳᠤ ᠡᠵᠡᠩᠨᠡᠨ ᠪᠤᠷᠤᠯᠠᠭᠤᠯᠬᠤ ᠠᠷᠭ᠎ᠠ ᠵᠠᠮ ᠶ᠋ᠢᠡᠨ ᠪᠦᠬᠦ ᠲᠠᠯ᠎ᠠ ᠪᠡᠷ ᠦᠷᠭᠡᠳᠭᠡᠨ᠂ ᠪᠦᠬᠦ ᠤᠯᠤᠰ ᠲᠤ᠌ ᠬᠠᠮᠳᠤ ᠪᠡᠷ ᠡᠳ᠋ᠯᠡᠬᠦ ᠤᠷᠢᠳᠴᠢᠯᠡᠨ ᠨᠦᠭᠡᠴᠡᠯᠡᠬᠦ ᠬᠦᠮᠦᠷᠭᠡ᠂ ᠡᠵᠡᠩᠨᠡᠨ ᠪᠤᠷᠤᠯᠠᠭᠤᠯᠬᠤ ᠲᠦᠪ ᠢ᠋ ᠪᠠᠢᠷᠢᠰᠢᠭᠤᠯᠬᠤ ᠵᠡᠷᠭᠡ ᠵᠠᠭᠪᠤᠷ ᠶ᠋ᠢᠡᠷ ᠰᠦᠯᠵᠢᠶᠡᠨ ᠳᠡᠭᠡᠷ᠎ᠠ ᠪᠠ ᠪᠤᠳᠠᠳᠤ ᠴᠤᠭᠴᠠ ᠳ᠋ᠤ ᠵᠡᠷᠭᠡ ᠪᠡᠷ ᠬᠦᠴᠦᠯᠡᠨ ᠴᠢᠷᠮᠠᠢᠵᠠᠢ᠃

ᠮᠠᠯ ᠠᠵᠤ ᠠᠬᠤᠢ ᠲᠠᠷᠢᠶᠠᠯᠠᠩ ᠤ᠋ᠨ ᠴᠢᠨᠠᠷ ᠰᠠᠢᠳᠠᠢ ᠬᠦᠭᠵᠢᠯᠳᠡ ᠪᠤᠯ ᠠᠵᠤ ᠠᠬᠤᠢ ᠶ᠋ᠢᠨ ᠴᠢᠨᠠᠷ ᠰᠠᠢᠳᠠᠢ ᠬᠦᠭᠵᠢᠯᠳᠡ ᠶ᠋ᠢᠨ ᠴᠢᠬᠤᠯᠠ ᠪᠦᠷᠢᠯᠳᠦᠭᠦᠨ ᠬᠡᠰᠡᠭ ᠪᠤᠯᠬᠤ ᠪᠦᠭᠡᠳ ᠨᠡᠮᠡᠭᠳᠡᠯ ᠢ᠋ ᠳᠤᠭᠳᠠᠪᠤᠷᠢᠵᠢᠭᠤᠯᠬᠤ᠂   ᠪᠦᠲᠦᠴᠡ ᠶ᠋ᠢ ᠳᠤᠬᠢᠷᠠᠭᠤᠯᠬᠤ᠂ ᠬᠠᠮᠳᠤ ᠪᠡᠷ ᠪᠠᠶᠠᠵᠢᠬᠤ ᠶ᠋ᠢ  ᠠᠬᠢᠭᠤᠯᠬᠤ ᠶ᠋ᠢᠨ ᠪᠠᠳᠤ ᠴᠢᠩᠭ᠎ᠠ ᠳᠤᠯᠭᠠᠭᠤᠷᠢᠯᠠᠯ ᠮᠦᠨ᠃ 《ᠰᠢᠷᠬᠡᠭ  ᠡᠪᠡᠰᠦ 》 ᠡᠴᠡ 《ᠴᠤᠮᠤ ᠰᠦ》 ᠬᠦᠷᠳᠡᠯ᠎ᠠ᠂ 《ᠮᠦᠬᠦᠯᠢᠭ ᠦᠷ᠎ᠠ 》 ᠡᠴᠡ 《ᠠᠶᠠᠭ᠎ᠠ ᠪᠤᠳᠠᠭ᠎ᠠ》 ᠬᠦᠷᠳᠡᠯ᠎ᠠ᠂ ᠦᠪᠦᠷ ᠮᠤᠩᠭᠤᠯ ᠤ᠋ᠨ ᠮᠠᠯ ᠠᠵᠤ ᠠᠬᠤᠢ ᠲᠠᠷᠢᠶᠠᠯᠠᠩ ᠶᠠᠭ ᠡᠳ᠋ᠰᠢᠭᠦᠯᠦᠨ ᠪᠤᠯᠪᠠᠰᠤᠷᠠᠭᠤᠯᠵᠤ ᠦᠷᠳᠡᠭ ᠢ᠋ ᠨᠢ ᠨᠡᠮᠡᠭᠳᠡᠭᠦᠯᠬᠦ᠂ ᠠᠵᠢᠯ ᠤᠯᠭᠤᠨ ᠤᠷᠤᠯᠭ᠎ᠠ ᠶ᠋ᠢ ᠨᠢ ᠨᠡᠮᠡᠭᠳᠡᠭᠦᠯᠬᠦ᠂ ᠡᠯ᠎ᠠ ᠠᠵᠤ ᠦᠢᠯᠡᠰ ᠬᠤᠯᠪᠤᠭᠠᠯᠠᠨ ᠬᠦᠳᠡᠯᠦᠯᠴᠡᠬᠦ ᠳᠡᠢᠰᠢ ᠦᠷᠭᠡᠵᠢᠵᠤ᠂ 《ᠲᠠᠷᠢᠶᠠᠨ ᠦᠵᠦᠭᠦᠷ ᠡᠴᠡ ᠬᠤᠭᠤᠯᠠᠨ ᠰᠢᠷᠡᠭᠡ ᠬᠦᠷᠳᠡᠯᠡᠬᠢ》 ᠠᠵᠤ ᠦᠢᠯᠡᠰ ᠤ᠋ᠨ ᠬᠡᠯᠬᠢᠶ᠎ᠠ ᠶ᠋ᠢ ᠴᠤᠭᠴᠠᠯᠠᠨ᠂ ᠪᠦᠬᠦ ᠤᠷᠤᠨ ᠤ᠋ ᠠᠵᠤ ᠠᠬᠤᠢ ᠶ᠋ᠢᠨ ᠴᠢᠨᠠᠷ ᠰᠠᠢᠳᠠᠢ ᠬᠦᠭᠵᠢᠯᠳᠡ ᠶ᠋ᠢᠨ ᠰᠠᠭᠤᠷᠢ ᠶ᠋ᠢ ᠪᠡᠬᠢᠵᠢᠭᠦᠯᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号