ᠪᠥᠬᠥ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ ᠬᠢᠨ ᠵᠠᠰᠠᠭ ᠤ᠋ᠨ ᠠᠵᠢᠯ᠎ᠤᠨ ᠪᠦᠲᠦᠮᠵᠢ ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠬᠤ ᠪᠠ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍ ᠪᠣᠶ
ᠣᠳᠣᠬᠠᠨ᠎ᠳᠤ᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠬᠤ ᠪᠠ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠶᠠᠭ ᠪᠥᠬᠥ᠌ ᠣᠷᠣᠨ ᠳᠠᠶᠠᠭᠠᠷ᠎ᠲᠤ ᠭᠦᠨᠵᠡᠭᠡᠶ ᠯᠠᠪᠳᠠᠭᠤᠨ ᠪᠠᠲᠤᠲᠠᠶ ᠥᠷᠨᠢᠭᠦᠯᠵᠦ᠍ ᠪᠤᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ᠎ᠬᠢᠨ ᠰᠤᠷᠤᠯᠴᠠᠯᠭ᠎ᠠ ᠬᠥᠮᠦᠵᠢᠯ᠎ᠦᠨ《ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠌᠂ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠦᠨᠡᠨ ᠬᠦ᠌ ᠠᠳᠭᠤᠨ ᠪᠣᠳᠠᠲᠠᠶ ᠠᠵᠢᠯᠯᠠᠬᠤ》 ᠶᠡᠷᠦᠩᠬᠡᠶ ᠱᠠᠭᠠᠷᠳᠠᠯᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠪᠣᠳᠠᠲᠠᠶ ᠠᠵᠢᠯᠯᠠᠬᠤ ᠪᠣᠳᠠᠲᠤ ᠠᠮᠵᠢᠯᠲᠠ ᠪᠦᠲᠦᠮᠵᠢ ᠪᠣᠳᠠᠲᠤ ᠦᠷ᠎ᠡ ᠪᠦᠲᠦᠮᠵᠢ᠎ᠪᠡᠷ ᠠᠷᠠᠳ ᠲᠦᠮᠡᠨ᠎ᠦ ᠵᠣᠭ᠍ᠰᠣᠯᠲᠠ ᠳ᠋ᠦ ᠪᠠᠳᠤ ᠵᠤᠬᠰᠤᠵᠦ᠂ ᠬᠠᠷᠢᠭᠤᠴᠠᠯᠭ᠎ᠠ ᠡᠭᠦᠷᠭᠡᠯᠡᠯ᠎ᠢᠶᠡᠨ ᠦᠶ᠋ᠯᠡᠳᠦᠯᠭᠡᠵᠢᠭᠦᠯᠵᠦ᠍᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠤ ᠪᠤᠢ᠃
ᠥᠪᠡᠷᠲᠡᠭᠡᠨ ᠵᠠᠰᠠᠬᠤ ᠣᠷᠣᠨ᠎ᠤ ᠪᠠᠢᠭᠤᠯᠭ᠎ᠠ᠎ᠶ᠋ᠢᠨ ᠶᠠᠪᠤᠳᠠᠯ᠎ᠤᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠦᠨ ᠬᠢᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠬᠤ ᠪᠠ ᠦᠶ᠋ᠯᠡᠳᠦᠯᠭᠡᠵᠢᠭᠦᠯᠬᠦ᠌᠎ᠶ᠋ᠢ ᠦᠨᠡᠨ ᠬᠦ᠌ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠨ ᠴᠢᠩᠭ᠎ᠠ ᠠᠳᠭᠤᠨ ᠪᠣᠳᠠᠲᠠᠶ ᠠᠳᠭᠤᠵᠤ᠂ ᠰᠤᠷᠤᠯᠴᠠᠯᠭ᠎ᠠ ᠬᠥᠮᠦᠵᠢᠯ᠎ᠦᠨ ᠬᠡᠷᠡᠭ᠌ᠵᠢᠭᠦᠯᠬᠦ᠌ ᠲᠥᠰᠦᠯ᠎ᠢ ᠲᠡᠷᠡ ᠳᠠᠷᠤᠶ ᠳᠤᠨᠢ ᠰᠤᠳᠤᠯᠤᠨ ᠲᠣᠭ᠍ᠲᠠᠭᠠᠵᠤ᠂《ᠳᠥᠷᠪᠡᠨ ᠭᠦᠨᠵᠡᠭᠡᠶ ᠰᠤᠷᠤᠯᠴᠠᠯᠭ᠎ᠠ 》 ᠶ᠋ᠢ ᠦᠷᠭᠦᠯᠵᠢᠯᠡᠨ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠦᠨ ᠲᠤᠰᠭᠠᠶ ᠰᠡᠳᠦᠪᠲᠦ ᠨᠣᠮ ᠤᠩᠱᠢᠬᠤ ᠠᠩᠭᠢ ᠡᠷᠭᠢᠯᠡᠬᠦ᠌᠂ ᠭᠤᠤᠯ ᠳᠤᠭᠤᠢᠯᠠᠩ᠎ᠤᠨ ᠲᠤᠰᠭᠠᠶ ᠰᠡᠳᠦᠪᠲᠦ ᠰᠤᠷᠤᠯᠴᠠᠯᠭ᠎ᠠ ᠶᠠᠷᠢᠯᠴᠠᠯᠭ᠎ᠠ ᠬᠢᠬᠦ᠌ ᠵᠡᠷᠭᠡ ᠬᠡᠯᠪᠡᠷᠢ᠎ᠪᠡᠷ ᠳᠠᠮᠵᠢᠭᠤᠯᠤᠨ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭ᠌ᠰᠢᠯᠡᠭᠦᠯᠵᠦ᠍᠂ ᠦᠵᠡᠯ ᠰᠠᠨᠠᠭᠠᠨ᠎ᠤ ᠰᠠᠭᠤᠷᠢ᠎ᠪᠠᠨ ᠪᠡᠬᠢᠵᠢᠭᠦᠯᠪᠡ᠃ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠡᠳ᠋ ᠬᠥᠷᠥᠩᠭᠡ᠎ᠶ᠋ᠢ ᠠᠮᠢᠳᠤᠯᠢᠭᠵᠢᠭᠤᠯᠬᠤ᠂ ᠠᠯᠪᠠᠨ᠎ᠤ ᠲᠡᠷᠭᠡ᠎ᠶ᠋ᠢᠨ ᠬᠠᠮᠢᠶᠠᠷᠤᠯᠲᠠ᠂ ᠣᠯᠠᠨ ᠨᠡᠢᠲᠡ᠎ᠶ᠋ᠢᠨ ᠪᠠᠢᠭᠤᠯᠤᠮᠵᠢ ᠶ᠋ᠢᠨ ᠡᠨᠧᠷᠭᠢ ᠠᠷᠪᠢᠯᠠᠬᠤ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠭᠦᠨᠵᠡᠭᠡᠶ ᠬᠠᠷᠭᠤᠭᠤᠯᠤᠨ ᠪᠠᠢᠴᠠᠭᠠᠨ ᠳᠡᠯᠭᠡᠵᠦ᠍᠂ ᠴᠡᠭ᠌ᠴᠡᠯᠡᠨ ᠰᠠᠢᠵᠢᠷᠠᠭᠤᠯᠬᠤ ᠠᠵᠢᠯ ᠢ ᠵᠦᠶ᠋ᠯ ᠳᠠᠷᠠᠭᠠᠯᠠᠨ ᠠᠬᠢᠭᠤᠯᠵᠤ᠂ ᠠᠵᠢᠯ ᠤᠨ ᠨᠠᠢᠳᠠᠪᠤᠷᠢᠵᠢᠭᠤᠯᠤᠯᠲᠠ ᠶ᠋ᠢ ᠴᠢᠩᠭ᠎ᠠ ᠠᠩᠬᠠᠷᠪᠠ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ᠎ᠤ ᠵᠠᠰᠠᠭ ᠵᠠᠬᠢᠷᠭ᠎ᠠ ᠠᠵᠢᠯ ᠦᠶ᠋ᠯᠡᠰ ᠦᠨ᠎ᠬᠢᠨ ᠦ ᠬᠡᠷ ᠭᠠᠵᠠᠷ ᠤ᠋ᠨ ᠬᠥᠷᠥᠩᠭᠡ᠎ᠶ᠋ᠢᠨ ᠢᠯᠭᠠᠷᠠᠭᠤᠯᠤᠨ ᠪᠠᠢᠴᠠᠭᠠᠬᠤ᠎ᠶ᠋ᠢ ᠵᠣᠬᠢᠶᠠᠨ ᠪᠠᠢᠭᠤᠯᠤᠨ ᠥᠷᠨᠢᠭᠦᠯᠬᠦ᠌᠂ ᠠᠯᠪᠠᠨ ᠶᠠᠪᠤᠳᠠᠯ᠎ᠳᠤ ᠬᠡᠷᠡᠭ᠌ᠯᠡᠬᠦ᠌ ᠲᠡᠷᠭᠡ᠎ᠶ᠋ᠢ ᠲᠥᠪᠯᠡᠷᠡᠭᠦᠯᠦᠨ ᠨᠢᠭᠡᠳᠦᠯᠲᠡᠶ ᠬᠠᠮᠢᠶᠠᠷᠬᠤ᠎ᠶ᠋ᠢ ᠲᠦᠷᠭᠡᠳᠭᠡᠨ ᠠᠬᠢᠭᠤᠯᠬᠤ᠂ ᠭᠡᠷᠡᠲᠦ ᠡᠨᠧᠷᠭᠢ᠎ᠶ᠋ᠢᠨ ᠬᠠᠮᠢᠶᠠᠷᠤᠯᠲᠠ᠎ᠶ᠋ᠢᠨ ᠳᠠᠯᠳᠠ ᠬᠦᠴᠦᠨ᠎ᠢ ᠭᠦᠨᠵᠡᠭᠡᠶ ᠠᠭᠤᠳᠠᠯᠬᠤ ᠵᠡᠷᠭᠡ ᠪᠣᠳᠠᠲᠠᠶ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠣᠳᠠᠲᠤ ᠶᠠᠪᠤᠳᠠᠯ ᠬᠢᠬᠦ᠌᠂ ᠬᠦᠴᠢᠷ ᠠᠰᠠᠭᠤᠳᠠᠯ ᠢ ᠱᠢᠶ᠋ᠳᠪᠦᠷᠢᠯᠡᠬᠦ᠌ ᠪᠣᠳᠠᠲᠠᠶ ᠠᠵᠢᠯᠯᠠᠭ᠎ᠠ ᠪᠣᠯᠭᠠᠨ ᠬᠤᠪᠢᠷᠠᠭᠤᠯᠵᠤ᠂ ᠦᠨᠡᠨ ᠬᠦ᠌ ᠪᠠᠢᠴᠠᠭᠠᠨ ᠪᠤᠳᠠᠳᠠᠢ ᠰᠠᠢᠵᠢᠷᠠᠭᠤᠯᠬᠤ ᠳᠤᠮᠳᠠ ᠠᠵᠢᠯ᠎ᠤᠨ ᠦᠷ᠎ᠡ ᠠᠰᠢᠭ ᠵᠢᠡᠨ ᠳᠡᠭᠡᠭ᠌ᠰᠢᠯᠡᠭᠦᠯᠦᠨ᠂ ᠦᠶ᠋ᠯᠡᠴᠢᠯᠡᠭᠡ᠎ᠶ᠋ᠢ ᠪᠠᠲᠤᠯᠠᠬᠤ ᠳᠤᠮᠳᠠ ᠠᠵᠢᠯ᠎ᠤᠨ ᠦᠷ᠎ᠡ ᠪᠦᠲᠦᠮᠵᠢ᠎ᠶ᠋ᠢ ᠱᠢᠯᠭᠠᠨ ᠪᠠᠢᠴᠠᠭᠠᠪᠠ᠃
ᠥᠪᠥᠷ ᠮᠣᠩᠭᠣᠯ᠎ᠤᠨ ᠶᠡᠬᠡ ᠰᠤᠷᠭᠠᠭᠤᠯᠢ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠶ᠋ᠢ ᠨᠢᠭᠡ ᠴᠣᠭ᠍ᠴᠠᠵᠢᠭᠤᠯᠤᠨ ᠠᠬᠢᠭᠤᠯᠤᠨ ᠨᠠᠢᠳᠠᠪᠤᠷᠢᠵᠢᠭᠤᠯᠬᠤ ᠲᠣᠭ᠍ᠲᠠᠴᠠ᠎ᠶ᠋ᠢ ᠰᠢᠨ᠎ᠡ ᠵᠢ ᠡᠬᠦᠳᠦᠨ ᠪᠠᠢᠭᠤᠯᠵᠤ᠂ ᠰᠤᠷᠤᠯᠴᠠᠯᠭ᠎ᠠ ᠬᠥᠮᠦᠵᠢᠯ ᠦᠨ ᠦᠷ᠎ᠡ ᠪᠦᠲᠦᠮᠵᠢ ᠣᠯᠵᠤ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃ ᠨᠢᠭᠡ᠎ᠳᠦ 《ᠵᠢᠷᠭᠤᠭ᠎ᠠ᠎ᠶ᠋ᠢ ᠨᠢᠭᠡ ᠴᠣᠭ᠍ᠴᠠᠵᠢᠭᠤᠯᠤᠨ ᠠᠬᠢᠭᠤᠯᠬᠤ 》 ᠠᠵᠢᠯ᠎ᠤᠨ ᠪᠠᠢᠷᠢᠱᠢᠯ᠎ᠢ ᠪᠠᠢᠭᠤᠯᠪᠠ᠃ ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ᠎ᠢ ᠪᠠᠢᠴᠠᠭᠠᠨ ᠳᠡᠯᠭᠡᠬᠦ᠌᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠂ ᠡᠭᠦᠳᠡ᠎ᠪᠡᠨ ᠨᠡᠭᠡᠭᠡᠨ ᠬᠥᠮᠦᠵᠢᠯ ᠦᠷᠨᠢᠭᠦᠯᠬᠦ᠂ ᠲᠦᠷᠢᠮ ᠲᠣᠭ᠍ᠲᠠᠭᠠᠯ ᠲᠣᠭ᠍ᠲᠠᠭᠠᠬᠤ᠂ ᠪᠡᠬᠢᠵᠢᠭᠦᠯᠦᠨ ᠣᠨᠳᠣᠣᠱᠢᠭᠤᠯᠬᠤ᠎ᠶ᠋ᠢ ᠣᠷᠭᠠᠨᠢᠭ᠎ᠢᠶᠠᠷ ᠨᠡᠪᠲᠡᠷᠡᠭᠦᠯᠵᠦ᠍᠂ ᠨᠢᠭᠡ ᠴᠤᠬ᠍ᠴᠠᠵᠢᠭᠤᠯᠤᠨ ᠪᠠᠢᠷᠢᠯᠠᠭᠤᠯᠵᠤ᠂ ᠰᠤᠷᠤᠯᠴᠠᠪᠠᠯ ᠭᠦᠨᠴᠡ᠎ᠲᠡᠶ᠂ ᠪᠠᠢᠴᠠᠭᠠᠪᠠᠯ ᠣᠨᠣᠪᠴᠢᠲᠠᠶ᠂ ᠰᠠᠢᠵᠢᠷᠠᠭᠤᠯᠪᠠᠯ ᠡᠷᠴᠢᠮᠲᠡᠶ ᠪᠠᠢᠬᠤ᠎ᠶ᠋ᠢ ᠪᠠᠲᠤᠯᠠᠪᠠ᠃ ᠬᠣᠶᠠᠷ᠎ᠲᠤ 《ᠭᠤᠷᠪᠠᠨ ᠨᠢᠭᠡ 》 ᠶ᠋ᠢᠨ ᠠᠵᠢᠯ᠎ᠤᠨ ᠵᠠᠭ᠍ᠪᠤᠷ᠎ᠢ ᠬᠡᠷᠡᠭ᠌ᠵᠢᠭᠦᠯᠪᠡ᠃ 《ᠰᠠᠷ᠎ᠠ ᠪᠦᠷᠢ ᠭᠣᠣᠯ ᠰᠡᠳᠦᠪ᠎ᠲᠡᠶ᠂ ᠤᠴᠢᠷ ᠪᠣᠯᠭᠠᠨ᠎ᠳᠤ ᠬᠠᠷᠢᠭᠤᠯᠲᠠ᠎ᠲᠠᠶ᠂ ᠶᠠᠪᠤᠳᠠᠯ ᠪᠣᠯᠭᠠᠨ᠎ᠳᠤ ᠨᠠᠢᠳᠠᠪᠤᠷᠢᠵᠢᠭᠤᠯᠤᠯᠲᠠ᠎ᠲᠠᠶ 》 ᠪᠠᠢᠬᠤ ᠠᠵᠢᠯ᠎ᠤᠨ ᠱᠠᠭᠠᠷᠳᠠᠯᠭ᠎ᠠ ᠶᠣᠰᠣᠭᠠᠷ᠂ ᠨᠢᠭᠡ ᠰᠠᠷ᠎ᠠ᠎ᠳᠤ ᠨᠢᠭᠡ ᠲᠦᠷᠦᠯ᠎ᠦᠨ ᠭᠣᠣᠯᠳᠠᠯᠭ᠎ᠠ᠎ᠲᠠᠶ ᠬᠥᠮᠦᠰ᠎ᠢ ᠠᠩᠬᠠᠷᠴᠤ᠌᠂ ᠨᠢᠭᠡ ᠪᠦᠯᠦᠭ ᠠᠰᠠᠭᠤᠳᠠᠯ᠎ᠢ ᠱᠢᠢᠳᠪᠦᠷᠢᠯᠡᠵᠦ᠍᠂ ᠨᠢᠭᠡ ᠪᠦᠯᠦᠭ ᠪᠣᠳᠠᠲᠠᠢ ᠶᠠᠪᠤᠳᠠᠯ᠎ᠢ ᠰᠠᠢᠲᠤᠷ ᠬᠢᠵᠦ᠍᠂ ᠪᠠᠭ᠍ᠰᠢ ᠰᠤᠷᠤᠭ᠍ᠴᠢ᠂ ᠠᠵᠢᠯ᠎ᠡᠴᠡ᠎ᠪᠠᠨ ᠳᠠᠷᠬᠠᠯᠠᠭ᠍ᠳᠠᠭ᠍ᠰᠠᠨ ᠠᠵᠢᠯ᠎ᠡᠴᠡ᠎ᠪᠠᠨ ᠠᠮᠠᠷᠠᠭ᠍ᠰᠠᠨ ᠪᠠᠭ᠍ᠰᠢ ᠠᠵᠢᠯᠳᠠᠨ ᠠᠵᠢᠯᠴᠢᠨ᠂ ᠨᠠᠮ᠎ᠤᠨ ᠭᠠᠳᠠᠨᠠᠬᠢ ᠬᠥᠮᠦᠰ᠂ ᠰᠤᠷᠭᠠᠭᠤᠯᠢ᠎ᠶ᠋ᠢᠨ ᠠᠨᠳᠠ᠎ᠶ᠋ᠢᠨ ᠲᠥᠯᠥᠭᠡᠯᠡᠭ᠌ᠴᠢ ᠬᠥᠮᠦᠰ ᠵᠡᠷᠭᠡ ᠠᠳᠠᠯᠢ ᠪᠤᠰᠤ ᠬᠥᠮᠦᠰ᠎ᠦᠨ ᠵᠦᠷᠢᠶᠡᠴᠢᠯᠡᠭ᠌ᠰᠡᠨ᠂ ᠥᠪᠡᠷᠮᠢᠴᠡ ᠬᠦᠰᠡᠯ ᠱᠠᠭᠠᠷᠳᠠᠯᠭ᠎ᠠ ᠳ᠋ᠤ ᠪᠦᠲᠦᠮᠵᠢᠲᠡᠢ ᠬᠠᠷᠢᠭᠤᠯᠲᠠ ᠦᠭᠴᠦ᠂ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ ᠨᠢ ᠪᠦᠲᠦᠮᠵᠢᠲᠡᠢ ᠱᠢᠢᠳᠪᠦᠷᠢᠯᠡᠭ᠌ᠳᠡᠬᠦ᠌ᠶ᠋ᠢ ᠦᠨᠡᠨ ᠬᠦ᠌ ᠪᠠᠲᠤᠯᠠᠪᠠ᠃ ᠭᠤᠷᠪᠠ᠎ᠳᠤ᠂ 《ᠰᠠᠨᠠᠯ ᠬᠤᠷᠢᠶᠠᠬᠤ —ᠠᠰᠠᠭᠤᠳᠠᠯ᠎ᠢ ᠪᠠᠢᠴᠠᠭᠠᠨ ᠳᠡᠯᠭᠡᠬᠦ᠌ — ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ — ᠬᠠᠷᠢᠭᠤ ᠲᠤᠰᠭᠠᠵᠤ ᠳᠡᠭᠡᠭ᠌ᠰᠢᠯᠡᠭᠦᠯᠬᠦ᠌》 ᠪᠥᠬᠥ᠌ ᠬᠡᠯᠬᠢᠶᠡᠨ᠎ᠦ ᠪᠢᠲᠡᠭᠦᠦ ᠴᠠᠭᠠᠷᠢᠭᠲᠦ ᠲᠣᠭ᠍ᠲᠡᠴᠡ᠎ᠶ᠋ᠢ ᠪᠠᠢᠭᠤᠯᠤᠨ ᠪᠦᠷᠢᠨᠱᠢᠭᠦᠯᠪᠡ᠃ ᠠᠰᠠᠭᠤᠳᠠᠯ᠎ᠢ ᠨᠠᠷᠢᠯᠢᠭ ᠣᠨᠣᠴᠠᠲᠠᠶ᠎ᠪᠠᠷ ᠢᠯᠡᠷᠡᠭᠦᠯᠬᠦ᠌᠂ ᠥᠨᠳᠥᠷ ᠪᠦᠲᠦᠮᠵᠢᠲᠡᠶ ᠪᠡᠷ ᠴᠡᠭ᠌ᠴᠡᠯᠡᠨ ᠰᠠᠢᠵᠢᠷᠠᠭᠤᠯᠬᠤ᠂ ᠪᠠᠢᠨᠭᠭᠤᠵᠢᠭᠤᠯᠤᠨ ᠱᠢᠶ᠋ᠳᠪᠦᠷᠢᠯᠡᠬᠦ᠌᠎ᠶ᠋ᠢ ᠠᠬᠢᠭᠤᠯᠵᠤ᠂ ᠠᠷᠭ᠎ᠠ ᠬᠡᠮᠵᠢᠶ᠎ᠡ ᠨᠢᠭᠡᠪᠦᠷᠢ᠎ᠶ᠋ᠢ ᠴᠥᠮ ᠬᠦᠰᠡᠯ ᠡᠷᠡᠮᠡᠯᠵᠡᠯ᠎ᠲᠡᠶ ᠨᠠᠷᠢᠯᠢᠭ ᠣᠨᠣᠴᠠᠲᠠᠶ᠎ᠪᠠᠷ ᠵᠣᠯᠭᠠᠭᠤᠯᠵᠤ᠂ ᠴᠡᠭ᠌ᠴᠡᠯᠡᠨ ᠰᠠᠢᠵᠢᠷᠠᠭᠤᠯᠬᠤ ᠪᠦᠷᠢ ᠴᠥᠮ ᠦᠨᠡᠨ ᠬᠦ᠌ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠪᠡ᠃ ᠥᠪᠥᠷ ᠮᠣᠩᠭᠣᠯ᠎ᠤᠨ ᠶᠡᠬᠡ ᠰᠤᠷᠭᠠᠭᠤᠯᠢ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠪᠡᠷ ᠡᠯ᠎ᠡ ᠵᠦᠢᠯ᠎ᠦᠨ ᠠᠵᠢᠯ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠡ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠶᠡᠬᠡ ᠳᠡᠭᠡᠳᠦ ᠰᠤᠷᠭᠠᠭᠤᠯᠢ᠎ᠶ᠋ᠢᠨ ᠬᠦᠴᠦᠨ ᠴᠢᠳᠠᠯ᠎ᠢᠶᠠᠨ ᠡᠷᠭᠦᠪᠠ᠃
ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶ᠎ᠠ 《 ᠪᠥᠬᠥ᠌ ᠣᠷᠣᠨ᠎ᠤ ᠴᠠᠭ ᠠᠭᠤᠷ᠎ᠤᠨ ᠰᠠᠯᠠᠭ᠎ᠠ ᠮᠥᠴᠢᠷ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠵᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠶ᠋ᠢᠨ ᠬᠡᠷᠡᠭ᠌ᠵᠢᠭᠦᠯᠬᠦ᠌ ᠲᠥᠰᠦᠯ 》 ᠢ᠋ ᠳᠠᠷᠤᠮᠠᠯᠯᠠᠨ ᠲᠠᠷᠬᠠᠭᠠᠵᠤ᠂ ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ᠎ᠢ ᠪᠠᠢᠴᠠᠭᠠᠨ ᠳᠡᠯᠭᠡᠬᠦ᠌᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠂ ᠲᠦᠷᠢᠮ ᠲᠣᠭ᠍ᠲᠠᠭᠠᠯ ᠲᠣᠭ᠍ᠲᠠᠭᠠᠬᠤ᠂ ᠠᠷᠠᠳ᠎ᠲᠤ ᠪᠣᠳᠠᠲᠤ ᠶᠠᠪᠤᠳᠠᠯ ᠬᠢᠵᠦ᠍ ᠥᠭ᠌ᠬᠦ ᠲᠠᠪᠤᠨ ᠵᠦᠶ᠋ᠯ᠎ᠦᠨ ᠭᠤᠤᠯᠳᠠᠯᠭ᠎ᠠ᠎ᠲᠠᠶ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠍᠂ ᠪᠥᠬᠥ᠌ ᠣᠷᠣᠨ᠎ᠤ ᠴᠠᠭ ᠠᠭᠤᠷ᠎ᠤᠨ ᠱᠢᠰᠲ᠋ᠧᠮ᠎ᠦᠨ ᠰᠤᠷᠤᠯᠴᠠᠯᠭ᠎ᠠ ᠬᠥᠮᠦᠵᠢᠯ᠎ᠦᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠪᠠ᠃ ᠨᠠᠮ ᠤᠨ ᠤᠳᠤᠷᠢᠳᠭᠤ ᠳᠤᠭᠤᠢᠯᠠᠩ᠎ᠤᠨ ᠬᠤᠷᠠᠯ᠂ ᠣᠨᠣᠯ ᠰᠤᠷᠤᠯᠴᠠᠬᠤ ᠭᠤᠤᠯ ᠳᠤᠭᠤᠢᠯᠠᠩ ᠤᠨ ᠰᠤᠷᠤᠯᠴᠠᠯᠭ᠎ᠠ ᠪᠠ ᠲᠤᠰᠭᠠᠶ ᠰᠡᠳᠦᠪᠵᠢᠡᠷ ᠰᠤᠳᠤᠯᠤᠨ ᠶᠠᠷᠢᠯᠴᠠᠬᠤ ᠵᠡᠷᠭᠡ ᠬᠡᠯᠪᠡᠷᠢ᠎ᠪᠡᠷ ᠳᠠᠮᠵᠢᠭᠤᠯᠤᠨ᠂ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ᠂ ᠴᠠᠭ ᠠᠭᠤᠷ᠎ᠤᠨ ᠠᠵᠢᠯ᠎ᠤᠨ ᠲᠤᠬᠠᠶ ᠴᠢᠬᠤᠯᠠ ᠥᠭᠦᠯᠡᠯᠲᠡ ᠵᠢᠴᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠂ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ ᠵᠡᠷᠭᠡ ᠴᠢᠬᠤᠯᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠨᠠᠷᠢᠨ ᠣᠢᠯᠠᠭᠠᠵᠤ᠂ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠰᠠᠨᠠᠭᠤᠯᠭ᠎ᠠ 》 ᠲᠠᠢ ᠤᠶᠠᠯᠳᠤᠭᠤᠯᠤᠨ ᠰᠤᠷᠤᠯᠴᠠᠯᠭ᠎ᠠ᠎ᠶ᠋ᠢ ᠱᠢᠰᠲ᠋ᠧᠮ᠎ᠲᠡᠶ ᠥᠷᠨᠢᠭᠦᠯᠵᠦ᠍᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠦᠨᠡᠨ ᠬᠦ᠌ ᠠᠵᠢᠯ ᠬᠢᠵᠦ᠍ ᠦᠶ᠋ᠯᠡᠰ ᠪᠤᠰᠬᠠᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠪᠠ᠃ ᠡᠭᠦᠨ᠎ᠦ ᠬᠠᠮᠲᠤ᠂ ᠪᠥᠬᠥ᠌ ᠣᠷᠣᠨ᠎ᠤ ᠡᠯ᠎ᠡ ᠭᠠᠵᠠᠷ᠎ᠤᠨ ᠴᠠᠭ ᠠᠭᠤᠷ ᠤᠨ ᠰᠠᠯᠠᠭ᠎ᠠ ᠮᠥᠴᠢᠷ ᠰᠤᠷᠤᠯᠴᠠᠨ ᠦᠶ᠋ᠯᠡᠳᠦᠯᠭᠡᠵᠢᠭᠦᠯᠬᠦ᠌᠎ᠶ᠋ᠢ ᠵᠡᠷᠭᠡ᠎ᠪᠡᠷ ᠭᠦᠨᠵᠡᠭᠡᠢᠷᠡᠭᠦᠯᠵᠦ᠍᠂ 10 ᠠᠢᠮᠠᠭ ᠬᠣᠲᠠ᠎ᠶ᠋ᠢᠨ ᠴᠠᠭ ᠠᠭᠤᠷ᠎ᠤᠨ ᠲᠣᠪᠴᠢᠶ᠎ᠠ ᠨᠣᠮ ᠤᠩᠱᠢᠬᠤ ᠠᠩᠭᠢ ᠡᠷᠭᠢᠯᠡᠵᠦ᠍᠂ ᠺᠠᠳ᠋ᠷ ᠠᠵᠢᠯᠲᠠᠨ ᠠᠵᠢᠯᠴᠢᠨ᠎ᠢ ᠵᠣᠬᠢᠶᠠᠨ ᠪᠠᠢᠭᠤᠯᠵᠤ ᠣᠭ ᠪᠦᠲᠦᠭᠡᠯ᠎ᠢ᠎ᠨᠢ ᠰᠤᠳᠤᠯᠤᠨ ᠤᠩᠱᠢᠵᠤ᠂ ᠣᠭ ᠶᠣᠰᠣ᠎ᠶ᠋ᠢ᠎ᠨᠢ ᠨᠠᠷᠢᠨ ᠬᠢᠨᠠᠮᠠᠭᠠᠶ ᠣᠢᠯᠠᠭᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠲᠠᠷᠢᠬᠢᠨ᠎ᠳᠠᠭᠠᠨ ᠬᠠᠳᠠᠩᠱᠢᠭᠤᠯᠬᠤ᠎ᠶ᠋ᠢ ᠠᠬᠢᠭᠤᠯᠪᠠ᠃
ᠤᠢ᠍ᠢᠷ᠎ᠠ᠎ᠶ᠋ᠢᠨ ᠡᠳᠦᠷ᠎ᠦᠳ᠎ᠲᠦ᠂ ᠲᠦᠩᠯᠢᠶᠣᠤ ᠬᠤᠳᠠ᠎ᠶ᠋ᠢᠨ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠳᠠᠷᠤᠢ ᠲᠦᠷᠭᠡᠨ ᠴᠤᠤᠷᠢᠶᠠᠲᠤᠨ ᠲᠠᠭᠠᠵᠤ᠂ ᠨᠠᠷᠢᠨ ᠨᠢᠭ᠍ᠲᠠ ᠪᠠᠢᠷᠢᠯᠠᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠨᠠᠮ᠎ᠤᠨ ᠭᠡᠱᠢᠭᠦᠨ ᠺᠠᠳ᠋ᠷ᠎ᠢ ᠬᠦᠳᠦᠯᠦᠨ ᠵᠢᠯᠣᠭᠣᠳᠴᠤ᠌ ᠪᠠᠢᠭᠠᠳ ᠵᠠᠰᠠᠭ ᠤᠨ ᠠᠵᠢᠯ᠎ᠤᠨ ᠪᠦᠲᠦᠮᠵᠢ᠎ᠶ᠋ᠢᠨ ᠤᠷᠤᠨ ᠪᠠᠢᠷᠢ ᠵᠢ ᠤᠨᠤᠪᠴᠢᠳᠠᠢ ᠤᠯᠬᠤ᠂ ᠰᠤᠷᠤᠯᠴᠠᠯᠭ᠎ᠠ ᠶ᠋ᠢᠨ ᠦᠷ᠎ᠡ ᠪᠦᠲᠦᠮᠵᠢ᠎ᠶ᠋ᠢ ᠤᠯᠠᠨ ᠲᠦᠮᠡᠨ᠎ᠳᠦ ᠦᠢᠯᠡᠴᠢᠯᠡᠬᠦ᠌᠂ ᠬᠥᠭ᠌ᠵᠢᠯᠲᠡ᠎ᠶ᠋ᠢ ᠠᠬᠢᠭᠤᠯᠬᠤ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ ᠶ᠋ᠢᠨ ᠭᠠᠷᠤᠭ᠎ᠠ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ ᠲᠦᠩᠯᠢᠶᠣᠤ ᠬᠣᠲᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ 《ᠬᠡᠨ ᠦ ᠲᠥᠯᠥᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ》ᠵᠡᠷᠭᠡ ᠦᠨᠳᠦᠰᠦᠨ ᠴᠢᠨᠠᠷᠲᠠᠶ ᠠᠰᠠᠭᠤᠳᠠᠯ᠎ᠢ ᠭᠦᠨᠵᠡᠭᠡᠶ ᠰᠤᠷᠤᠯᠴᠠᠨ ᠨᠠᠷᠢᠨ ᠣᠢᠯᠠᠭᠠᠵᠤ᠂ ᠬᠢᠳᠤᠭᠠᠨ ᠢᠷ ᠢ ᠳᠣᠲᠣᠭ᠍ᠰᠢᠬᠠᠨᠳᠤᠭᠤᠯᠤᠨ ᠪᠠᠢᠴᠠᠭᠠᠨ ᠳᠡᠯᠭᠡᠵᠦ᠍ ᠴᠡᠭ᠌ᠴᠡᠯᠡᠨ ᠰᠠᠢᠵᠢᠷᠠᠭᠤᠯᠬᠤ᠎ᠶ᠋ᠢ ᠪᠠᠷᠢᠮᠲᠠᠯᠠᠵᠤ᠂ ᠲᠦᠷᠢᠮ ᠲᠣᠭ᠍ᠲᠠᠭᠠᠯ ᠲᠣᠭ᠍ᠲᠠᠭᠠᠨ ᠦᠷ᠎ᠡ ᠪᠦᠲᠦᠮᠵᠢ᠎ᠶ᠋ᠢ ᠪᠡᠬᠢᠵᠢᠭᠦᠯᠬᠦ᠌᠎ᠪᠡᠷ ᠳᠠᠮᠵᠢᠭᠤᠯᠤᠨ᠂《ᠲᠥᠯᠥᠪᠵᠢᠭᠦᠯᠭᠡ ᠵᠢ ᠬᠡᠷᠡᠭ᠌ᠵᠢᠭᠦᠯᠬᠦ ᠬᠢᠨᠠᠯᠲᠠ ᠲᠠᠯᠪᠢᠬᠤ ᠣᠨ》 ᠤ᠋ ᠠᠵᠢᠯᠯᠠᠭ᠎ᠠ᠎ᠶ᠋ᠢ ᠱᠢᠨ᠎ᠡ᠎ᠶ᠋ᠢ ᠡᠭᠦᠳᠦᠨ ᠥᠷᠨᠢᠭᠦᠯᠵᠦ᠍᠂ ᠰᠤᠷᠤᠯᠴᠠᠯᠭ᠎ᠠ ᠬᠥᠮᠦᠵᠢᠯ ᠬᠢᠭᠡᠳ ᠰᠤᠷᠲᠠᠯ ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ᠌᠎ᠶ᠋ᠢ ᠭᠦᠨᠵᠡᠭᠡᠶ ᠠᠭᠤᠰᠤᠯᠴᠠᠭᠤᠯᠬᠤ᠎ᠶ᠋ᠢ ᠠᠬᠢᠭᠤᠯᠵᠤ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭ᠌ᠵᠢᠭᠦᠯᠬᠦ᠌ ᠬᠠᠤᠯᠢ ᠬᠡᠷᠡᠭ᠌ᠵᠢᠭᠦᠯᠬᠦ᠌ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃ ᠬᠣᠲᠠ᠎ᠶ᠋ᠢᠨ ᠲᠣᠭ᠎ᠠ ᠪᠦᠷᠢᠳᠭᠡᠯ᠎ᠦᠨ ᠲᠣᠪᠴᠢᠶ᠎ᠠ ᠨᠠᠮ ᠵᠠᠰᠠᠭ᠎ᠤᠨ ᠱᠢᠶ᠋ᠳᠪᠦᠷᠢᠲᠦ ᠪᠣᠳᠣᠯᠭ᠎ᠠ ᠬᠢᠭᠡᠳ ᠠᠷᠠᠳ ᠤᠨ ᠠᠮᠢᠳᠤᠷᠠᠯ ᠤᠨ ᠬᠠᠯᠠᠮᠱᠢᠯ ᠠᠰᠠᠭᠤᠳᠠᠯ᠎ᠢ ᠴᠢᠩᠭ᠎ᠠ ᠠᠩᠬᠠᠷᠴᠤ᠌᠂ ᠦᠶ᠋ᠯᠡᠴᠢᠯᠡᠭᠡ᠎ᠪᠡᠨ ᠴᠢᠩᠭᠠᠳᠭᠠᠬᠤ᠂ ᠦᠷ᠎ᠡ ᠪᠦᠲᠦᠮᠵᠢ ᠪᠡᠨ ᠳᠡᠭᠡᠭ᠌ᠰᠢᠯᠡᠭᠦᠯᠬᠦ᠌᠂ ᠰᠤᠷᠲᠠᠯ᠎ᠢᠶᠠᠨ ᠰᠠᠢᠵᠢᠷᠠᠭᠤᠯᠬᠤ ᠳᠡᠭᠡᠷ᠎ᠡ ᠬᠦᠴᠦ᠍ ᠲᠠᠯᠪᠢᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠲᠣᠭ᠎ᠠ ᠪᠦᠷᠢᠳᠭᠡᠯ᠎ᠦᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠪᠠ᠃ ᠬᠣᠲᠠ᠎ᠶ᠋ᠢᠨ ᠬᠢᠨᠠᠨ ᠪᠤᠳᠤᠬᠤ ᠲᠣᠪᠴᠢᠶ᠎ᠠ ᠪᠠᠢᠨᠭᠭᠤᠵᠢᠭᠰᠠᠨ ᠬᠢᠨᠠᠯᠲᠠ ᠪᠠ ᠨᠠᠷᠢᠯᠢᠭ ᠣᠨᠣᠪᠴᠢᠲᠠᠶ ᠬᠠᠷᠢᠭᠤᠴᠠᠯᠭ᠎ᠠ ᠲᠤᠯᠭᠠᠬᠤ ᠶ᠋ᠢ ᠴᠢᠩᠭᠠᠳᠭᠠᠵᠤ᠂ ᠤᠳᠤᠷᠢᠳᠭᠤ ᠺᠠᠳ᠋ᠷ᠎ᠢ ᠭᠡᠳᠡᠷᠭᠦ᠌ ᠱᠢᠬᠠᠮᠳᠠᠭᠤᠯᠵᠤ ᠪᠠᠢᠭᠠᠳ ᠵᠥᠪ ᠡᠷᠬᠡ᠎ᠶ᠋ᠢᠨ ᠦᠵᠡᠯᠲᠡ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ᠂ ᠠᠵᠢᠯ ᠦᠶ᠋ᠯᠡᠰ ᠦᠨ ᠦᠵᠡᠯᠲᠡ᠎ᠶ᠋ᠢ ᠪᠠᠲᠤ ᠪᠣᠶ ᠪᠣᠯᠭᠠᠵᠤ᠂ ᠬᠦᠴᠦᠲᠡᠶ ᠪᠥᠭᠡᠳ ᠪᠦᠲᠦᠮᠵᠢᠲᠡᠶ ᠬᠢᠨᠠᠨ ᠪᠤᠳᠤᠬᠤ ᠬᠢᠨᠠᠯᠲᠠ ᠪᠠᠷ ᠣᠯᠠᠨ ᠲᠦᠮᠡᠨ᠎ᠦ ᠠᠱᠢᠭ ᠲᠤᠰᠠ᠎ᠶ᠋ᠢ ᠬᠠᠮᠠᠭᠠᠯᠠᠨ᠂ ᠠᠶᠤᠯ ᠲᠦᠭ᠌ᠰᠢᠭᠦᠷᠢ ᠬᠡᠮ ᠰᠤᠭᠤᠬ ᠢ ᠰᠡᠷᠭᠡᠢᠯᠡᠵᠦ᠍᠂ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠬᠠᠮᠠᠭᠠᠯᠠᠪᠠ᠃