《〈ᠠᠨᠠᠷ᠎ᠤᠨ ᠬᠡᠯᠬᠢᠶ᠎ᠡ〉 ᠳᠤᠭᠠᠴᠢᠯᠠᠯᠳᠠ ᠤᠶᠤᠨᠴᠢᠯᠠᠯᠳᠠ ᠵᠢ ᠬᠠᠮᠳᠤᠳᠬᠠᠨ ᠬᠦᠬᠡᠬᠤᠳᠠ᠎ᠳᠦ ᠬᠠᠮᠳᠤ ᠠᠭᠤᠰᠤᠯᠴᠠᠶ᠎ᠠ — ᠬᠥᠬᠡᠬᠣᠲᠠ᠎ᠶ᠋ᠢᠨ 2026 ᠣᠨ᠎ᠤ 〈ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ〉》 ᠶ᠋ᠢᠨ ᠠᠵᠢᠯᠯᠠᠭ᠎ᠠ ᠶᠠᠪᠤᠭᠳᠠᠪᠠ
2026-05-11 09:30:30
ᠵᠣᠬᠢᠶᠠᠭ᠍ᠴᠢ᠄
ᠯᠢ ᠼᠦᠨ ᠱᠢᠶᠠ
ᠣᠩᠱᠢᠭ᠍ᠰᠠᠨ ᠣᠳᠠᠭ᠎ᠠ᠄
★★★☆☆

ᠬᠦᠦᠳᠠᠭᠤᠯᠠ ᠣᠷᠣᠯᠴᠠᠪᠠ


5 ᠰᠠᠷ᠎ᠠ᠎ᠶ᠋ᠢᠨ 9 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠤᠷᠢᠶ᠎ᠠ ᠡᠴᠡ ᠵᠢᠭᠠᠨ ᠵᠢᠯᠣᠭᠣᠳᠴᠤ᠌᠂ ᠤᠯᠠᠨ ᠨᠢᠭᠡᠴᠢ ᠬᠠᠮᠲᠤᠷᠠᠨ ᠥᠷᠨᠢᠭᠦᠯᠦᠭ᠌ᠰᠡᠨ 《〈ᠠᠨᠠᠷ᠎ᠤᠨ ᠬᠡᠯᠬᠢᠶ᠎ᠡ〉 ᠲᠤᠭᠠᠴᠢᠯᠠᠯᠳᠠ ᠤᠶᠤᠨᠴᠢᠯᠠᠯᠳᠠ ᠪᠡᠷ ᠬᠦᠴᠦᠨ ᠤᠯᠭᠤᠵᠤ ᠠᠭᠤᠰᠤᠯᠴᠠᠯ᠎ᠢ ᠠᠬᠢᠭᠤᠯᠤᠶ᠎ᠠ — ᠬᠥᠬᠡᠬᠣᠲᠠ᠎ᠶ᠋ᠢᠨ 2026 ᠣᠨ᠎ᠤ 〈ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ〉》 ᠵᠢᠨ ᠠᠵᠢᠯᠯᠠᠭ᠎ᠠ ᠬᠥᠬᠡᠬᠣᠲᠠ᠎ᠶ᠋ᠢᠨ ᠵᠦᠯᠭᠡᠳᠦ ᠴᠡᠴᠡᠷᠯᠢᠭ᠎ᠲᠦ ᠶᠠᠪᠤᠭ᠍ᠳᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠬᠦᠦᠳᠠᠭᠤᠯᠠ ᠣᠷᠣᠯᠴᠠᠭ᠍ᠰᠠᠨ ᠪᠥᠭᠡᠳ 《ᠬᠥᠬᠡᠬᠣᠲᠠ ᠠᠭᠤᠰᠤᠯᠴᠠᠯ᠎ᠤᠨ ᠳᠠᠢᠯᠤᠮᠵᠢ》 ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠠᠢᠯᠤᠮᠵᠢ ᠬᠢᠬᠦ᠌ ᠪᠦᠯᠬᠦᠮ᠎ᠦᠨ ᠲᠥᠯᠥᠭᠡᠯᠡᠭ᠌ᠴᠢᠳ᠎ᠲᠦ ᠨᠤᠮ ᠪᠡᠯᠡᠭᠯᠡᠪᠡ᠃

ᠲᠣᠰ ᠤᠳᠠᠭ᠎ᠠ᠎ᠶ᠋ᠢᠨ ᠠᠵᠢᠯᠯᠠᠭ᠎ᠠ᠎ᠨᠢ ᠬᠣᠶᠠᠷ ᠡᠳᠦᠷ᠎ᠦᠨ ᠬᠤᠭᠤᠴᠠᠭ᠎ᠠ᠎ᠲᠠᠶ ᠶᠠᠪᠤᠭ᠍ᠳᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠤᠬᠠᠭᠤᠯᠭ᠎ᠠ᠎ᠶ᠋ᠢᠨ ᠭᠤᠤᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠤᠯᠢ ᠵᠢᠨ ᠮᠡᠳᠡᠯᠬᠡ ᠵᠢ ᠲᠦᠭᠡᠮᠡᠯᠵᠢᠭᠦᠯᠬᠦ᠌ ᠤᠬᠠᠭᠤᠯᠭ᠎ᠠ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠲᠠᠢᠯᠤᠮᠵᠢ᠂ ᠰᠣᠶᠣᠯ᠎ᠤᠨ ᠤᠬᠠᠭᠤᠯᠭ᠎ᠠ ᠬᠥᠮᠦᠵᠢᠯ ᠬᠢᠭᠡᠳ ᠠᠷᠠᠳ᠎ᠲᠤ ᠠᠱᠢᠭ ᠬᠦᠷᠲᠡᠭᠡᠬᠦ᠌ ᠦᠶ᠋ᠯᠡᠴᠢᠯᠡᠭᠡ᠎ᠶ᠋ᠢ ᠨᠢᠭᠡ ᠴᠣᠭ᠍ᠴᠠᠵᠢᠭᠤᠯᠵᠤ᠂ 《ᠠᠬᠤᠢ ᠳᠠᠯᠠᠪᠠᠢ ᠵᠢᠨ ᠬᠦᠨᠵᠡᠬᠡᠢ ᠪᠡᠶᠡᠴᠢᠯᠠᠨ ᠣᠢᠯᠠᠭᠠᠯᠳᠠ + ᠲᠤᠭᠠᠴᠢᠯᠠᠭᠰᠠᠨ ᠬᠠᠷᠢᠯᠴᠠᠨ ᠬᠦᠳᠡᠯᠦᠯᠴᠡᠬᠦ》 ᠵᠠᠭ᠍ᠪᠤᠷ᠎ᠢ ᠬᠡᠷᠡᠭ᠌ᠯᠡᠵᠦ᠍᠂ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠢ ᠥᠷᠭᠡᠨ ᠣᠯᠠᠨ ᠲᠦᠮᠡᠨ᠎ᠦ ᠦᠵᠡᠵᠦ᠍ ᠰᠣᠨᠢᠷᠬᠠᠬᠤ ᠳᠤᠷᠠᠲᠠᠶ ᠦᠶ᠋ᠯᠡᠳᠦᠯᠭᠡ᠎ᠶ᠋ᠢᠨ ᠠᠵᠢᠯᠯᠠᠭ᠎ᠠ᠎ᠳᠤ ᠠᠭᠤᠰᠤᠯᠴᠠᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠰᠤᠷᠤᠯᠴᠠᠨ ᠤᠬᠠᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号