ᠲᠦᠷᠤᠬᠦᠤ ᠤᠯᠠᠷᠢᠯ᠎ᠳᠤ ᠬᠥᠬᠡᠬᠣᠲᠠ᠎ᠪᠣᠭᠣᠮᠲᠠ᠎ᠶ᠋ᠢᠨ ᠬᠠᠷᠢᠶᠠᠨ᠎ᠳᠤ 451 ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ ᠱᠢᠨ᠎ᠡ᠎ᠪᠡᠷ ᠨᠡᠮᠡᠭ᠌ᠳᠡᠪᠡ
2026-05-11 10:43:13
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

ᠲᠦᠷᠤᠬᠦᠤ ᠤᠯᠠᠷᠢᠯ᠎ᠳᠤ᠂ ᠬᠥᠬᠡᠬᠣᠲᠠ ᠪᠣᠭᠣᠮᠲᠠ᠎ᠶ᠋ᠢᠨ ᠬᠠᠷᠢᠶᠠᠨ᠎ᠳᠤ 451 ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ ᠱᠢᠨ᠎ᠡ᠎ᠪᠡᠷ ᠨᠡᠮᠡᠭ᠌ᠳᠡᠵᠦ᠍᠂ ᠠᠳᠠᠯᠢ ᠬᠤᠭᠤᠴᠠᠭᠠᠨ᠎ᠤ᠎ᠬᠢ᠎ᠡᠴᠡ 11.4%᠎ᠪᠠᠷ ᠨᠡᠮᠡᠭ᠌ᠳᠡᠵᠦ᠍᠂  3  ᠰᠠᠷ᠎ᠠ᠎ᠶ᠋ᠢᠨ ᠡᠴᠦᠰ ᠪᠣᠯᠲᠠᠯ᠎ᠠ ᠭᠠᠳᠠᠭᠠᠳᠤ ᠠᠷᠠᠯᠵᠢᠶᠠᠨ᠎ᠤ ᠭᠤᠤᠯ ᠴᠣᠭ᠍ᠴᠠ 1.5 ᠲᠦᠮᠡ᠎ᠳᠦ ᠬᠦᠷᠴᠦ᠍᠂ ᠠᠳᠠᠯᠢ  ᠬᠤᠭᠤᠴᠠᠭᠠᠨ᠎ᠤ᠎ᠬᠢ᠎ᠡᠴᠡ 18.7% ᠪᠠᠷ ᠨᠡᠮᠡᠭ᠌ᠳᠡᠪᠡ᠃

ᠡᠨᠡ ᠵᠢᠯ᠎ᠡᠴᠡ ᠨᠠᠭᠠᠰᠢ᠂  ᠬᠥᠬᠡᠬᠣᠲᠠ ᠪᠣᠭᠣᠮᠲᠠ  ᠡᠴᠡ ᠪᠣᠭᠣᠮᠲᠠ ᠬᠢᠭᠡᠳ ᠠᠵᠤ ᠠᠬᠤᠢᠯᠠᠯ᠎ᠤᠨ ᠨᠡᠪᠲᠡᠷᠡᠯᠴᠡᠭᠡ᠎ᠶ᠋ᠢᠨ ᠪᠠᠢᠩᠭᠤᠵᠢᠭ᠍ᠰᠠᠨ ᠲᠣᠭ᠍ᠲᠠᠴᠠ᠎ᠶ᠋ᠢ ᠪᠠᠢᠭᠤᠯᠵᠤ᠂ ᠭᠤᠤᠯᠳᠠᠯᠭ᠎ᠠ᠎ᠲᠠᠶ ᠠᠵᠤ ᠠᠬᠤᠢᠯᠠᠯ᠎ᠤᠨ 《ᠨᠢᠭᠡ ᠥᠷᠲᠡᠭᠡᠴᠢᠯᠡᠭᠰᠡᠨ ᠮᠠᠶᠢᠭ᠎ᠤᠨ ᠦᠶ᠋ᠯᠡᠴᠢᠯᠡᠭᠡ 》 ᠵᠢ ᠱᠢᠯᠢᠳᠡᠭ᠌ᠵᠢᠭᠦᠯᠵᠦ᠍᠂ ᠪᠣᠭᠣᠮᠲᠠ᠎ᠶ᠋ᠢᠨ ᠣᠷᠣᠨ᠎ᠤ AEO ᠭᠡᠷᠡᠴᠢᠯᠡᠯ᠎ᠦᠨ ᠠᠵᠤ ᠠᠬᠤᠢᠯᠠᠯ᠎ᠤᠨ ᠪᠠᠭ᠍ᠲᠠᠭᠠᠮᠵᠢ᠎ᠪᠠᠨ ᠥᠷᠭᠡᠳᠭᠡᠨ ᠶᠠᠰᠤ ᠴᠢᠨᠠᠷ᠎ᠢᠶᠠᠨ ᠳᠡᠭᠡᠭ᠌ᠰᠢᠯᠡᠭᠦᠯᠬᠦ᠌᠎ᠶ᠋ᠢ ᠲᠦᠷᠭᠡᠳᠭᠡᠨ ᠠᠬᠢᠭᠤᠯᠵᠤ᠂ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠪᠡ᠃

ᠪᠣᠭᠣᠮᠲᠠ ᠬᠢᠭᠡᠳ ᠠᠵᠤ ᠠᠬᠤᠢᠯᠠᠯ᠎ᠤᠨ ᠬᠡᠪᠱᠢᠭ᠌ᠰᠡᠨ ᠠᠵᠢᠯ᠎ᠤᠨ ᠲᠣᠭ᠍ᠲᠠᠴᠠ᠎ᠶ᠋ᠢ ᠪᠠᠢᠭᠤᠯᠵᠤ᠂ ᠭᠤᠤᠯᠳᠠᠯᠭ᠎ᠠ᠎ᠲᠠᠶ ᠠᠵᠤ ᠠᠬᠤᠢᠯᠠᠯ᠎ᠤᠨ 《ᠨᠢᠭᠡ ᠥᠷᠲᠡᠭᠡᠴᠢᠯᠡᠭᠰᠡᠨ ᠮᠠᠶᠢᠭ᠎ᠤᠨ ᠦᠶ᠋ᠯᠡᠴᠢᠯᠡᠭᠡ》 ᠎ᠵᠢ ᠱᠢᠯᠢᠳᠡᠭ᠌ᠵᠢᠭᠦᠯᠵᠠᠢ᠃ 《ᠪᠣᠭᠣᠮᠲᠠ᠎ᠶ᠋ᠢᠨ ᠳᠠᠷᠤᠭ᠎ᠠ᠎ᠡᠴᠠ  ᠲᠥᠷᠥ᠎ᠶ᠋ᠢᠨ ᠪᠣᠳᠣᠯᠭ᠎ᠠ᠎ᠶ᠋ᠢ ᠲᠠᠢᠯᠪᠤᠷᠢᠯᠠᠬᠤ》᠂ ᠭᠤᠤᠯᠳᠠᠯᠭ᠎ᠠ᠎ᠲᠠᠶ ᠠᠵᠤ ᠠᠬᠤᠢᠯᠠᠯ᠎ᠤᠨ 《ᠨᠢᠭᠡ ᠥᠷᠲᠡᠭᠡᠴᠢᠯᠡᠭᠰᠡᠨ ᠮᠠᠶᠢᠭ᠎ᠤᠨ ᠦᠶ᠋ᠯᠡᠴᠢᠯᠡᠭᠡ》᠂ 《ᠪᠣᠭᠣᠮᠲᠠ ᠬᠢᠭᠡᠳ ᠠᠵᠤ ᠠᠬᠤᠢᠯᠠᠯ᠎ᠤᠨ ᠶᠠᠷᠢᠯᠴᠠᠭᠠᠨ᠎ᠤ ᠬᠤᠷᠠᠯ》᠂ 《ᠳᠤᠮᠳᠠᠳᠤ ᠤᠯᠤᠰ᠎ᠤᠨ ᠪᠣᠭᠣᠮᠲᠠ᠎ᠶ᠋ᠢᠨ ᠢᠲᠡᠭᠡᠮᠵᠢ᠎ᠶ᠋ᠢᠨ ᠬᠠᠮᠢᠶᠠᠷᠤᠯᠲᠠ᠎ᠶ᠋ᠢᠨ ᠦᠶ᠋ᠯᠡᠴᠢᠯᠡᠭᠡᠨ᠎ᠦ ᠲᠠᠪᠴᠠᠩ 》 ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ᠂ ᠪᠣᠭᠣᠮᠲᠠ ᠬᠢᠭᠡᠳ ᠠᠵᠤ ᠠᠬᠤᠢᠯᠠᠯ᠎ᠤᠨ ᠬᠠᠮᠲᠤᠷᠠᠯᠴᠠᠬᠤ ᠵᠠᠭ᠍ᠪᠤᠷ᠎ᠢ ᠱᠢᠯᠢᠳᠡᠭ᠌ᠵᠢᠭᠦᠯᠵᠦ᠍᠂ ᠨᠢᠭᠡᠳᠦᠭᠡᠷ ᠤᠯᠠᠷᠢᠯ᠎ᠳᠤ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠬᠤ᠂ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠬᠢᠬᠦ᠂ ᠪᠣᠭᠣᠮᠲᠠ ᠬᠢᠭᠡᠳ ᠠᠵᠤ ᠠᠬᠤᠢᠯᠠᠯ᠎ᠤᠨ ᠶᠠᠷᠢᠯᠴᠠᠬᠤ ᠬᠤᠷᠠᠯ ᠬᠢᠬᠦ᠌ ᠵᠡᠷᠭᠡ ᠱᠢᠷᠢᠰ ᠠᠵᠢᠯᠯᠠᠭ᠎ᠠ᠎ᠶ᠋ᠢ ᠨᠡᠢᠲᠡ 36 ᠤᠳᠠᠭ᠎ᠠ ᠬᠤᠷᠠᠯᠳᠤᠭᠤᠯᠵᠤ᠂ 320 ᠠᠵᠤ ᠠᠬᠤᠢᠯᠠᠯ᠎ᠢ ᠬᠠᠮᠤᠷᠤᠨ᠂ ᠠᠵᠤ ᠠᠬᠤᠢᠯᠠᠯ᠎ᠤᠨ 54 ᠬᠦᠴᠢᠷ ᠠᠰᠠᠭᠤᠳᠠᠯ᠎ᠢ ᠱᠢᠶ᠋ᠳᠪᠦᠷᠢᠯᠡᠪᠡ᠃

ᠠᠵᠤ ᠠᠬᠤᠢᠯᠠᠯ᠎ᠤᠨ ᠠᠵᠢᠯ ᠲᠥᠷᠥᠯ᠎ᠦᠨ ᠴᠢᠨᠠᠷᠲᠠᠶ ᠬᠦᠴᠢᠷ ᠲᠦᠪᠡᠭ᠌ᠲᠡᠶ ᠠᠰᠠᠭᠤᠳᠠᠯ᠎ᠢ ᠱᠢᠶ᠋ᠳᠪᠦᠷᠢᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠥᠪᠥᠷ ᠮᠣᠩᠭᠣᠯ᠎ᠤᠨ ᠣᠨᠴᠠᠯᠢᠭ᠍ᠲᠤ ᠳᠠᠪᠠᠭᠤᠯᠢᠭ ᠠᠵᠤ ᠦᠶ᠋ᠯᠡᠰ᠎ᠦᠨ ᠬᠥᠭ᠌ᠵᠢᠯᠲᠡ᠎ᠶ᠋ᠢ ᠳᠡᠮᠵᠢᠪᠡ᠃ ᠪᠥᠬᠥ᠌ ᠤᠯᠤᠰ᠎ᠤᠨ ᠠᠩᠬᠠᠳᠠᠭ᠍ᠴᠢ ᠴᠠᠭᠠᠨ ᠢᠳᠡᠭᠡᠨ᠎ᠦ ᠮᠡᠷᠭᠡᠵᠢᠯ᠎ᠦᠨ ᠴᠢᠨᠠᠷᠲᠠᠶ ᠠᠷᠠᠯᠵᠢᠶᠠᠨ᠎ᠤ ᠠᠷᠭ᠎ᠠ ᠬᠡᠮᠵᠢᠶ᠎ᠡ᠎ᠶ᠋ᠢ ᠰᠤᠳᠤᠯᠤᠨ ᠦᠨᠡᠯᠡᠬᠦ᠌ ᠰᠠᠭᠤᠷᠢᠨ᠎ᠢ ᠵᠥᠪᠱᠢᠶᠡᠷᠡᠨ ᠲᠤᠷᠱᠢᠨ ᠠᠵᠢᠯᠯᠠᠭᠤᠯᠬᠤ᠎ᠶ᠋ᠢ ᠠᠬᠢᠭᠤᠯᠵᠤ᠂ ᠴᠠᠭᠠᠨ ᠢᠳᠡᠭᠡᠨ᠎ᠦ ᠠᠵᠤ ᠠᠬᠤᠢᠯᠠᠯ᠎ᠤᠨ  ᠣᠯᠠᠨ ᠤᠯᠤᠰ᠎ᠤᠨ ᠵᠠᠬ᠎ᠠ  ᠳᠡᠯᠭᠡᠭᠦᠷ᠎ᠢ ᠤᠯᠠᠮ ᠨᠢᠭᠡ ᠠᠯᠬᠤᠮ ᠨᠡᠭᠡᠭᠡᠬᠦ᠌᠎ᠳᠦ ᠬᠦᠴᠦᠨ ᠨᠡᠮᠡᠷᠢᠯᠡᠪᠡ᠃ ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ᠎ᠲᠠᠶ ᠣᠨᠣᠪᠴᠢᠲᠠᠶ ᠵᠣᠯᠭᠠᠭᠤᠯᠵᠤ᠂ ᠮᠧᠩ ᠨᠢᠤ᠂ ᠢᠯᠢ ᠺᠣᠮᠫᠠᠨᠢ᠎ᠶ᠋ᠢᠨ ᠢᠨᠳᠣᠨᠧᠱᠢᠶ᠎ᠠ᠎ᠵᠡᠷᠭᠡ ᠬᠢᠯᠢ᠎ᠶ᠋ᠢᠨ ᠭᠠᠳᠠᠨ᠎ᠠ ᠪᠠᠲᠤᠯᠠᠨ ᠲᠠᠨᠢᠯᠴᠠᠭᠤᠯᠵᠤ ᠳᠠᠩᠰᠠᠯᠠᠭᠤᠯᠬᠤ ᠠᠬᠢᠴᠠ᠎ᠶ᠋ᠢ ᠲᠦᠷᠭᠡᠳᠭᠡᠨ ᠠᠬᠢᠭᠤᠯᠵᠤ᠂ ᠲᠠᠷᠢᠮᠠᠯ᠎ᠤᠨ ᠦᠷ᠎ᠡ ᠴᠢᠬᠢ ᠵᠡᠷᠭᠡ 26 ᠵᠦᠶ᠋ᠯ᠎ᠦᠨ ᠰᠢᠨ᠎ᠠ ᠰᠣᠷᠭᠣᠭ ᠲᠠᠷᠢᠶᠠᠯᠠᠩ᠎ᠤᠨ ᠪᠦᠲᠦᠭᠡᠭ᠌ᠳᠡᠬᠦᠨ᠎ᠢ ᠭᠠᠳᠠᠭᠠᠳᠤ᠎ᠳᠤ ᠭᠠᠷᠭᠠᠬᠤ 《ᠰᠠᠭᠠᠳ ᠥᠬᠡᠶ ᠨᠡᠪᠲᠡᠷᠡᠬᠦ᠌ ᠵᠠᠮ》 ᠤ᠋ᠨ ᠬᠡᠪᠴᠢᠶᠡᠨ᠎ᠳᠦ ᠣᠷᠣᠭᠤᠯᠵᠤ᠂ ᠣᠶᠤᠨᠴᠢ ᠬᠢᠨᠠᠯᠲᠠ ᠬᠠᠮᠢᠶᠠᠷᠤᠯᠲᠠ ᠵᠢ ᠨᠠᠢᠳᠠᠪᠤᠷᠢᠵᠢᠭᠤᠯᠵᠤ᠂ ᠠᠵᠤ ᠠᠬᠤᠢᠯᠠᠯ᠎ᠤᠨ ᠥᠪᠡᠷ᠎ᠦᠨ ᠥᠷᠲᠡᠭ᠎ᠢ  ᠪᠠᠭᠤᠷᠠᠭᠤᠯᠪᠠ᠃

ᠭᠤᠤᠯᠳᠠᠯᠭ᠎ᠠ᠎ᠲᠠᠶ ᠠᠵᠤ ᠠᠬᠤᠢᠯᠠᠯ᠎ᠢ AEO ᠬᠡᠷᠡᠴᠢᠯᠡᠯ ᠲᠠᠢ ᠠᠵᠤ ᠠᠬᠤᠢᠯᠠᠯ ᠪᠤᠯᠭᠠᠨ ᠪᠣᠢᠵᠢᠭᠤᠯᠬᠤ ᠬᠥᠮᠥᠷᠭᠡ᠎ᠪᠠᠢᠭᠤᠯᠵᠤ᠂ 30 ᠭᠠᠷᠤᠶ ᠤᠳᠠᠭ᠎ᠠ ᠨᠢᠭᠤᠷᠳᠠᠨ ᠵᠢᠯᠤᠭᠤᠳᠤᠯᠭ᠎ᠠ ᠦᠵᠡᠬᠦᠯᠬᠦ ᠪᠡᠷ ᠲᠠᠮᠵᠢᠨ᠂ 6 ᠠᠵᠤ ᠠᠬᠤᠢᠯᠠᠯ ᠨᠢᠭᠡᠨᠲᠡ AEO ᠎ᠶ᠋ᠢᠨ ᠭᠡᠷᠡᠴᠢᠯᠡᠭᠡ᠎ᠶ᠋ᠢ ᠥᠩᠭᠡᠷᠡᠭᠡᠵᠦ᠍᠂ ᠪᠣᠭᠣᠮᠲᠠ᠎ᠶ᠋ᠢᠨ ᠣᠷᠣᠨ᠎ᠤ 32AEO ᠎ᠶ᠋ᠢᠨ ᠠᠵᠤ ᠠᠬᠤᠢᠯᠠᠯ᠎ᠤᠨ ᠠᠷᠠᠯᠵᠢᠶᠠᠨ᠎ᠤ  ᠦᠷᠳᠡᠭ 192 ᠳ᠋ᠦᠩᠱᠢᠭᠤᠷ ᠲᠥᠭᠥᠷᠢᠭ᠎ᠲᠦ ᠣᠢᠷᠠᠳᠴᠤ᠌᠂ ᠪᠣᠭᠣᠮᠲᠠ᠎ᠶ᠋ᠢᠨ ᠣᠷᠣᠨ᠎ᠤ ᠠᠵᠤ ᠠᠬᠤᠢᠯᠠᠯ᠎ᠤᠨ ᠠᠷᠠᠯᠵᠢᠶᠠᠨ᠎ᠤ ᠶᠡᠷᠦᠩᠬᠡᠶ ᠦᠷᠳᠡᠭ᠎ᠤᠨ 44.5% ᠎ᠶ᠋ᠢ ᠡᠵᠡᠯᠡᠵᠦ᠍᠂ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠴᠦ᠍᠂ AEO ᠠᠵᠤ ᠠᠬᠤᠢᠯᠠᠯ᠎ᠤᠨ ᠭᠠᠳᠠᠭᠠᠳᠤ ᠠᠷᠠᠯᠵᠢᠶᠠᠨ᠎ᠤ 《ᠲᠣᠭ᠍ᠲᠠᠪᠤᠷᠢᠵᠢᠭᠤᠯᠤᠭ᠍ᠴᠢ》 ᠶ᠋ᠢᠨ ᠦᠢᠯᠡᠳᠦᠯ ᠨᠠᠩ ᠲᠣᠪᠣᠢᠮ᠎ᠠ ᠪᠣᠯᠪᠠ᠃ ᠲᠦᠷᠤᠬᠦᠤ ᠤᠯᠠᠷᠢᠯ᠎ᠳᠤ᠂ ᠨᠡᠢ᠌ᠳᠡ 1002 ᠤᠳᠠᠭ᠎ᠠ AEO ᠠᠵᠤ ᠠᠬᠤᠢᠯᠠᠯ᠎ᠤᠨ ᠪᠣᠭᠣᠮᠲᠠ᠎ᠳᠤ ᠮᠡᠳᠡᠭᠦᠯᠬᠦ᠌ ᠬᠠᠭᠤᠳᠠᠰᠤ ᠵᠢ ᠤᠷᠢᠳ ᠵᠢᠡᠷ ᠰᠢᠢᠳᠪᠤᠷᠢᠯᠡᠪᠡ᠃

ᠬᠥᠬᠡᠬᠣᠲᠠ ᠪᠣᠭᠣᠮᠲᠠ ᠪᠠᠰᠠ ᠬᠤᠳᠠᠯᠳᠤᠭᠠᠨ᠎ᠤ ᠶᠠᠪᠤᠳᠠᠯ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠂ ᠮᠥᠩᠭᠥᠨ ᠭᠦᠶ᠋ᠯᠭᠡᠭᠡᠨ᠂ ᠭᠠᠳᠠᠭᠠᠳᠤ ᠭᠤᠪᠢᠭᠤᠯᠭ᠎ᠠ ᠵᠡᠷᠭᠡ ᠰᠠᠯᠠᠭ᠎ᠠ ᠮᠥᠴᠢᠷ ᠨᠢᠭᠡᠴᠢ᠎ᠲᠡᠶ ᠬᠣᠯᠪᠣᠭᠠᠯᠠᠨ ᠬᠥᠳᠡᠯᠦᠯᠴᠡᠵᠦ᠍ ᠠᠵᠤ ᠠᠬᠤᠢᠯᠠᠯ᠎ᠢ ᠲᠤᠰᠠᠯᠠᠬᠤ᠂ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠥᠭᠡᠷᠡᠴᠢᠯᠡᠯᠲᠡ᠎ᠶ᠋ᠢᠨ ᠲᠥᠷᠥ᠎ᠶ᠋ᠢᠨ ᠪᠣᠳᠣᠯᠭ᠎ᠠ᠂ ᠳᠤᠮᠳᠠ ᠪᠠᠭ᠎ᠠ ᠠᠵᠤ ᠠᠬᠤᠢᠯᠠᠯ᠎ᠢ AEO ᠲᠡᠢᠰᠢ ᠪᠣᠢᠵᠢᠭᠤᠯᠬᠤ ᠵᠡᠷᠭᠡ ᠬᠠᠮᠲᠤᠷᠠᠭ᠍ᠰᠠᠨ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠥᠷᠨᠢᠭᠦᠯᠵᠦ᠍᠂ ᠮᠥᠩᠭᠥᠨ ᠭᠦᠶ᠋ᠯᠭᠡᠭᠡᠨ᠎ᠦ ᠬᠦᠷᠢᠶᠡᠨ᠎ᠳᠡᠬᠢ AEO ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠬᠦ᠌ ᠠᠷᠭ᠎ᠠ ᠬᠡᠮᠵᠢᠶ᠎ᠡ᠎ᠶ᠋ᠢ ᠲᠣᠭ᠍ᠲᠠᠭᠠᠵᠤ᠂ ᠣᠯᠠᠨ ᠰᠠᠯᠠᠭ᠎ᠠ ᠮᠥᠴᠢᠷ  ᠬᠠᠮᠳᠤᠷᠠᠨ ᠬᠦᠴᠦᠯᠡᠵᠦ᠍᠂ ᠭᠠᠳᠠᠭᠠᠳᠤ ᠠᠷᠠᠯᠵᠢᠶᠠᠨ᠎ᠤ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号