ᠲᠦᠷᠦᠬᠦᠭᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ 2026 ᠣᠨ᠎ᠤ ᠪᠥᠬᠥ᠌ ᠤᠯᠤᠰ᠎ᠤᠨ ᠶᠠᠰᠤ ᠴᠢᠨᠠᠷ᠎ᠤᠨ ᠬᠡᠪ ᠳᠠᠭᠤᠷᠢᠶᠠᠯ᠎ᠤᠨ ᠨᠡᠢᠲᠡᠯᠢᠭ ᠵᠢᠱ᠌ᠢᠶ᠎ᠡ᠎ᠶ᠋ᠢ ᠱᠢᠯᠢᠨ ᠰᠣᠩᠭᠣᠬᠤ ᠠᠵᠢᠯ᠎ᠢ ᠡᠬᠢᠯᠡᠭᠦᠯᠵᠦ᠍᠂ ᠦᠶ᠋ᠯᠡᠳᠬᠦ᠌᠂ ᠪᠠᠷᠢᠯᠭ᠎ᠠ᠂ ᠦᠶ᠋ᠯᠡᠴᠢᠯᠡᠭᠡᠨ᠎ᠦ ᠬᠦᠷᠢᠶᠡᠨ᠎ᠳᠡᠬᠢ ᠡᠯ᠎ᠡ ᠲᠥᠷᠥᠯ᠎ᠦᠨ ᠠᠵᠤ ᠠᠬᠤᠢᠯᠠᠯ᠎ᠢ ᠭᠤᠤᠯᠳᠠᠯᠭ᠎ᠠ᠎ᠲᠠᠶ ᠱᠢᠯᠢᠨ ᠰᠣᠩᠭᠣᠵᠠᠢ᠃
ᠶᠠᠰᠤ ᠴᠢᠨᠠᠷ᠎ᠤᠨ ᠬᠡᠪ ᠳᠠᠭᠤᠷᠢᠶᠠᠯ᠎ᠤᠨ ᠨᠡᠢᠲᠡᠯᠢᠭ ᠵᠢᠱ᠌ᠢᠶ᠎ᠡ ᠪᠣᠯ ᠠᠵᠤ ᠠᠬᠤᠢᠯᠠᠯ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠬᠠᠮᠢᠶᠠᠷᠤᠯᠲᠠ᠎ᠶ᠋ᠢᠨ ᠱᠢᠨ᠎ᠡ᠎ᠶ᠋ᠢ ᠡᠭᠦᠳᠬᠦ᠌ ᠪᠠ ᠬᠤᠳᠠᠯᠳᠤᠭᠠᠨ᠎ᠤ ᠵᠠᠭ᠍ᠪᠤᠷ᠎ᠤᠨ ᠱᠢᠨ᠎ᠡ᠎ᠶ᠋ᠢ ᠡᠭᠦᠳᠬᠦ᠌᠎ᠪᠡᠷ ᠳᠠᠮᠵᠢᠭᠤᠯᠤᠨ᠂ ᠲᠡᠷᠢᠭᠦᠨ᠎ᠦ ᠬᠡᠷᠡᠭ᠌ᠯᠡᠭᠡᠨ᠎ᠦ ᠶᠠᠰᠤ ᠴᠢᠨᠠᠷ᠎ᠤᠨ ᠬᠠᠮᠢᠶᠠᠷᠤᠯᠲᠠ᠎ᠶ᠋ᠢᠨ ᠠᠷᠭ᠎ᠠ ᠪᠠ ᠶᠠᠰᠤ ᠴᠢᠨᠠᠷ᠎ᠤᠨ ᠢᠨᠵᠧᠨᠧᠷᠢᠩ᠎ᠦᠨ ᠮᠡᠷᠭᠡᠵᠢᠯ᠎ᠢ ᠬᠡᠷᠡᠭ᠌ᠯᠡᠨ᠂ ᠦᠶ᠋ᠯᠡᠳᠬᠦᠨ ᠪᠠ ᠦᠶ᠋ᠯᠡᠴᠢᠯᠡᠭᠡᠨ᠎ᠦ ᠶᠠᠰᠤ ᠴᠢᠨᠠᠷ᠎ᠢ ᠱᠢᠰᠲ᠋ᠧᠮ᠎ᠲᠡᠶ ᠳᠡᠭᠡᠭ᠌ᠰᠢᠯᠡᠭᠦᠯᠬᠦ᠌ ᠦᠶ᠋ᠯᠡᠳᠦᠯᠭᠡ᠎ᠶ᠋ᠢᠨ ᠶᠠᠪᠤᠴᠠ᠎ᠳᠤ ᠪᠣᠶ ᠪᠣᠯᠤᠭ᠍ᠰᠠᠨ ᠵᠢᠱ᠌ᠢᠶ᠎ᠡ ᠦᠵᠡᠭᠦᠯᠬᠦ᠌ ᠦᠶ᠋ᠯᠡᠳᠦᠯ ᠪᠦᠬᠦᠢ ᠯᠠᠪᠯᠠᠯᠲᠠ ᠪᠣᠯᠭᠠᠵᠤ ᠪᠣᠯᠬᠤ ᠳᠡᠯᠭᠡᠷᠡᠭᠦᠯᠵᠦ᠍ ᠪᠣᠯᠬᠤ ᠨᠡᠢᠲᠡᠯᠢᠭ ᠵᠢᠱ᠌ᠢᠶ᠎ᠡ ᠪᠣᠯᠤᠨ᠎ᠠ᠃ ᠡᠨᠡ ᠵᠢᠯ᠎ᠦᠨ ᠱᠢᠯᠢᠨ ᠰᠣᠩᠭᠣᠬᠤ ᠭᠤᠤᠯᠳᠠᠯᠭ᠎ᠠ᠎ᠲᠠᠶ ᠬᠦᠷᠢᠶᠡᠨ᠎ᠳᠦ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠶ᠋ᠢ ᠠᠬᠢᠭᠤᠯᠬᠤ᠂ ᠱᠢᠨ᠎ᠡ᠎ᠪᠡᠷ ᠬᠥᠭ᠌ᠵᠢᠭ᠌ᠰᠡᠨ ᠠᠵᠤ ᠦᠶ᠋ᠯᠡᠰ᠎ᠦᠨ ᠬᠥᠭ᠌ᠵᠢᠨ ᠪᠤᠵᠠᠭᠠᠢᠷᠠᠬᠤ᠎ᠶ᠋ᠢ ᠲᠦᠷᠭᠡᠳᠭᠡᠬᠦ᠌᠂ ᠢᠷᠡᠭᠡᠳᠦᠶ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠪᠠᠢᠷᠢᠱᠢᠯ᠎ᠢ ᠴᠢᠩᠭᠠᠳᠭᠠᠬᠤ ᠪᠠ ᠠᠵᠤ ᠦᠶ᠋ᠯᠡᠰ᠎ᠦᠨ ᠬᠡᠯᠬᠢᠶ᠎ᠡ᠎ᠶ᠋ᠢᠨ ᠪᠡᠶ᠎ᠡ᠎ᠪᠡᠨ ᠳᠠᠭᠠᠭᠠᠵᠤ ᠡᠵᠡᠮᠳᠡᠵᠦ᠍ ᠪᠣᠯᠬᠤ ᠬᠢᠷᠢ ᠲᠦᠪᠱᠢᠨ᠎ᠢ ᠳᠡᠭᠡᠭ᠌ᠰᠢᠯᠡᠭᠦᠯᠬᠦ᠌ ᠵᠡᠷᠭᠡ ᠳᠥᠷᠪᠡᠨ ᠲᠠᠯ᠎ᠠ᠎ᠶ᠋ᠢᠨ ᠨᠡᠢᠲᠡᠯᠢᠭ ᠵᠢᠱ᠌ᠢᠶ᠎ᠡ ᠪᠠᠭ᠍ᠲᠠᠨ᠎ᠠ᠃
ᠨᠢᠭᠡ᠎ᠳᠦ᠂ ᠶᠠᠰᠤ ᠴᠢᠨᠠᠷ᠎ᠤᠨ ᠪᠦᠬᠦ᠌ ᠲᠠᠯ᠎ᠠ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠬᠤ᠎ᠪᠠᠷ ᠳᠠᠮᠵᠢᠭᠤᠯᠤᠨ᠂ ᠭᠠᠷᠮᠠᠭᠠᠢ ᠠᠮᠵᠢᠯᠲᠠ ᠪᠦᠲᠦᠮᠵᠢ᠎ᠶ᠋ᠢᠨ ᠵᠠᠭ᠍ᠪᠤᠷ᠂ ᠶᠠᠰᠤ ᠴᠢᠨᠠᠷ᠎ᠤᠨ ᠬᠠᠮᠢᠶᠠᠷᠤᠯᠲᠠ᠎ᠶ᠋ᠢᠨ ᠳᠤᠭᠤᠢᠯᠠᠩ᠂ ᠲᠤᠬᠠᠢ᠎ᠶ᠋ᠢᠨ ᠲᠠᠯᠠᠪᠤᠷ᠎ᠤᠨ ᠨᠠᠷᠢᠯᠢᠭ ᠬᠠᠮᠢᠶᠠᠷᠤᠯᠲᠠ᠂ ᠡᠭᠡᠯᠵᠢ ᠳᠤᠭᠤᠢᠯᠠᠩ᠎ᠤᠨ ᠪᠠᠢᠭᠤᠯᠤᠯᠲᠠ ᠵᠡᠷᠭᠡ ᠲᠡᠷᠢᠭᠦᠨ᠎ᠦ ᠬᠡᠷᠡᠭ᠌ᠯᠡᠭᠡᠨ᠎ᠦ ᠶᠠᠰᠤ ᠴᠢᠨᠠᠷ᠎ᠤᠨ ᠬᠠᠮᠢᠶᠠᠷᠤᠯᠲᠠ᠎ᠶ᠋ᠢᠨ ᠣᠢᠯᠠᠭᠠᠭ᠍ᠳᠠᠬᠤᠨ᠂ ᠠᠷᠭ᠎ᠠ ᠪᠠ ᠪᠠᠭᠠᠵᠢ᠎ᠶ᠋ᠢ ᠭᠦᠨᠵᠡᠭᠡᠢ ᠬᠡᠷᠡᠭ᠌ᠯᠡᠨ᠂ ᠪᠤᠯᠤᠳ ᠲᠡᠮᠤᠷ᠂ ᠴᠢᠯᠠᠭᠤᠨ ᠲᠤᠰᠤ ᠬᠢᠮᠢ᠂ ᠣᠩᠭᠣᠴᠠ ᠰᠠᠯ᠂ ᠡᠯᠧᠺᠲ᠋ᠷᠣᠨ ᠮᠡᠳᠡᠭᠡ ᠵᠠᠩᠭᠢ᠂ ᠮᠧᠬᠠᠨᠢᠭ ᠲᠣᠨᠣᠭ᠍ᠯᠠᠯ᠂ ᠬᠦᠨᠭ᠌ᠭᠡᠨ ᠠᠵᠤ ᠦᠢᠯᠡᠳᠪᠦᠷᠢ᠂ ᠨᠡᠬᠡᠮᠡᠯ ᠵᠡᠷᠭᠡ ᠭᠣᠣᠯᠳᠠᠯᠭ᠎ᠠ᠎ᠲᠠᠶ ᠠᠵᠤ ᠦᠢᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠡᠰ ᠳᠡᠪᠱᠢᠭᠦᠯᠬᠦ᠌ᠨᠡᠢᠲᠡᠯᠢᠭ ᠵᠢᠱ᠌ᠢᠶ᠎ᠡ᠎ᠶ᠋ᠢ ᠠᠬᠢᠭᠤᠯᠤᠨ᠎ᠠ᠃ ᠬᠣᠶᠠᠷ᠎ᠲᠤ᠂ ᠶᠠᠰᠤ ᠴᠢᠨᠠᠷ᠎ᠤᠨ ᠢᠨᠵᠧᠨᠧᠷᠢᠩ᠎ᠦᠨ ᠮᠡᠷᠭᠡᠵᠢᠯ᠂ ᠲᠣᠭᠠᠴᠢᠯᠠᠭ᠍ᠰᠠᠨ ᠮᠡᠷᠭᠡᠵᠢᠯ ᠵᠡᠷᠭᠡ ᠮᠡᠷᠭᠡᠵᠢᠯ᠎ᠦᠨ ᠠᠷᠭ᠎ᠠ᠎ᠪᠠᠷ ᠴᠢᠬᠤᠯᠠ ᠶᠡᠬᠡ ᠶᠠᠰᠤ ᠴᠢᠨᠠᠷ᠎ᠤᠨ ᠬᠠᠮᠢᠶᠠᠷᠤᠯᠲᠠ᠎ᠶ᠋ᠢᠨ ᠱᠢᠪᠲᠤᠯᠤᠯᠲᠠ᠎ᠶ᠋ᠢ ᠪᠡᠶᠡᠯᠡᠭᠦᠯᠵᠦ᠍᠂ ᠱᠢᠨ᠎ᠡ ᠨᠢᠭᠡ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠣᠶᠤᠨᠴᠢ ᠰᠦᠯᠵᠢᠶᠡᠨ᠎ᠦ ᠱᠢᠨ᠎ᠡ ᠡᠨᠧᠷᠭᠢ᠎ᠶ᠋ᠢᠨ ᠮᠠᠱᠢᠨ ᠲᠡᠷᠭᠡ᠂ ᠮᠠᠱᠢᠨ ᠬᠥᠮᠦᠨ᠂ ᠠᠮᠢᠳᠤ ᠪᠣᠳᠠᠰ᠎ᠤᠨ ᠡᠮ ᠡᠮᠨᠡᠯᠭᠡ᠂ ᠳᠡᠭᠡᠳᠦ ᠲᠡᠰ᠎ᠤᠨ ᠲᠣᠨᠣᠭ᠍ᠯᠠᠯ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ ᠵᠡᠷᠭᠡ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ ᠬᠥᠭ᠌ᠵᠢᠯᠲᠡ ᠪᠤᠵᠠᠭᠠᠢᠷᠠᠯᠲᠠᠶ᠋ᠢᠨ ᠨᠡᠢᠲᠡᠯᠢᠭ ᠵᠢᠱ᠌ᠢᠶ᠎ᠡ᠎ᠶ᠋ᠢ ᠲᠦᠷᠭᠡᠳᠭᠡᠨ᠎ᠡ᠃ ᠭᠤᠷᠪᠠ᠎ᠳᠤ᠂ 5G᠂ ᠵᠣᠬᠢᠶᠠᠮᠠᠯ ᠣᠶᠤᠨ ᠴᠢᠳᠠᠪᠤᠷᠢ᠂ ᠬᠡᠰᠡᠭ ᠪᠦᠯᠦᠭ᠎ᠦᠨ ᠬᠡᠯᠬᠢᠶ᠎ᠡ᠂ ᠲᠣᠮᠣ ᠳ᠋ᠠᠢᠲ᠋ᠠ᠂ ᠡᠳ᠋ ᠪᠠᠷᠠᠭᠠᠨ᠎ᠤ ᠮᠡᠳᠡᠭᠡ ᠵᠠᠩᠭᠢ᠎ᠶ᠋ᠢᠨ ᠰᠦᠯᠵᠢᠶ᠎ᠡ ᠵᠡᠷᠭᠡ ᠮᠡᠷᠭᠡᠵᠢᠯ ᠬᠢᠭᠡᠳ ᠵᠣᠬᠢᠶᠠᠨ ᠪᠠᠢᠭᠤᠯᠤᠯᠲᠠ᠎ᠶ᠋ᠢᠨ ᠶᠠᠰᠤ ᠴᠢᠨᠠᠷ᠎ᠤᠨ ᠬᠠᠮᠢᠶᠠᠷᠤᠯᠲᠠ᠎ᠶ᠋ᠢ ᠠᠭᠤᠰᠤᠯᠴᠠᠭᠤᠯᠤᠨ ᠬᠡᠷᠡᠭ᠌ᠯᠡᠬᠦ᠌᠎ᠪᠡᠷ ᠳᠠᠮᠵᠢᠭᠤᠯᠤᠨ᠂ ᠺᠸᠠᠨ᠋ᠲ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠠᠮᠢᠳᠤ ᠪᠣᠳᠠᠰ᠎ᠤᠨ ᠦᠶ᠋ᠯᠡᠳᠭᠡᠯ᠂ ᠤᠰᠤᠲᠥ᠋ᠷᠥᠭ᠌ᠴᠢ ᠡᠨᠧᠷᠭᠢ ᠪᠠ ᠴᠥᠮ᠎ᠡ᠎ᠶ᠋ᠢᠨ ᠨᠡᠢᠯᠡᠯᠲᠡᠶ᠋ᠢᠨ ᠡᠨᠧᠷᠭᠢ᠂ ᠵᠢᠷᠭᠤᠳᠤᠭᠠᠷ ᠦᠶ᠎ᠡ᠎ᠶ᠋ᠢᠨ ᠱᠢᠯᠵᠢᠮᠡᠯ ᠮᠡᠳᠡᠭᠡ ᠬᠣᠯᠪᠣᠭ᠎ᠠ ᠵᠡᠷᠭᠡ ᠢᠷᠡᠭᠡᠳᠦᠶ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠪᠠᠢᠷᠢᠱᠢᠭᠤᠯᠤᠯᠲᠠ᠎ᠶ᠋ᠢᠨ ᠨᠡᠢᠲᠡᠯᠢᠭ ᠵᠢᠱ᠌ᠢᠶ᠎ᠡ᠎ᠶ᠋ᠢ ᠴᠢᠩᠭᠠᠷᠠᠭᠤᠯᠤᠨ᠎ᠠ᠃ ᠳᠥᠷᠪᠡ᠎ᠳᠦ᠂ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠶᠠᠰᠤ ᠴᠢᠨᠠᠷ᠎ᠢ ᠬᠠᠮᠢᠶᠠᠷᠤᠨ ᠡᠵᠡᠮᠳᠡᠬᠦ᠌ ᠵᠠᠭ᠍ᠪᠤᠷ᠎ᠲᠤ ᠱᠢᠨ᠎ᠡ᠎ᠶ᠋ᠢ ᠡᠭᠦᠳᠬᠦ᠌᠎ᠪᠡᠷ ᠳᠠᠮᠵᠢᠭᠤᠯᠤᠨ᠂ ᠳᠡᠭᠡᠳᠦ ᠳᠤᠤᠷᠠᠳᠤ ᠬᠡᠯᠬᠢᠶ᠎ᠡ᠎ᠲᠡᠶ ᠬᠠᠮᠵᠢᠯᠴᠠᠨ ᠶᠠᠰᠤ ᠴᠢᠨᠠᠷ᠎ᠤᠨ ᠪᠣᠭᠣᠮᠢ᠎ᠶ᠋ᠢᠨ ᠠᠰᠠᠭᠤᠳᠠᠯ᠎ᠢ ᠵᠠᠳᠠᠯᠬᠤ᠂ ᠶᠠᠰᠤ ᠴᠢᠨᠠᠷ᠎ᠤᠨ ᠨᠡᠢᠲᠡᠯᠢᠭ ᠴᠢᠨᠠᠷᠲᠠᠶ ᠮᠡᠷᠭᠡᠵᠢᠯ᠎ᠦᠨ ᠪᠣᠭᠣᠮᠲᠠ ᠱᠢᠪᠲᠤᠯᠬᠤ ᠵᠡᠷᠭᠡ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠮᠤᠷ ᠲᠦᠪᠱᠢᠨ᠎ᠦ ᠲᠦᠭ᠌ᠰᠢᠭᠦᠷᠢ᠎ᠶ᠋ᠢ ᠦᠨᠡᠯᠡᠨ ᠵᠢᠱ᠌ᠢᠬᠦ᠌ ᠪᠠ ᠠᠷᠭᠠᠴᠠᠭᠠᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠪᠡᠶ᠎ᠡ᠎ᠪᠡᠨ ᠳᠠᠭᠠᠭᠠᠵᠤ ᠡᠵᠡᠮᠳᠡᠵᠦ᠍ ᠪᠣᠯᠬᠤ ᠬᠢᠷᠢ ᠲᠦᠪᠱᠢᠨ᠎ᠤ ᠨᠡᠢᠲᠡᠯᠢᠭ ᠵᠢᠱ᠌ᠢᠶ᠎ᠡ ᠵᠢ ᠳᠡᠭᠡᠭ᠌ᠰᠢᠯᠡᠭᠦᠯᠦᠨ᠎ᠠ᠃