4 ᠰᠠᠷ᠎ᠠ᠎ᠶᠢᠨ 27᠎ᠪ ᠡᠳᠦᠷ ᠪᠣᠯᠲᠠᠯ᠎ᠠ᠂ ᠤᠯᠤᠰ᠎ᠤᠨ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ᠎ᠶᠢᠨ ᠥᠪᠥᠷ ᠮᠣᠩᠭᠣᠯ᠎ᠤᠨ ᠺᠣᠮᠫᠠᠨᠢ᠎ᠶᠢᠨ ᠵᠠᠬᠠᠨᠠᠭᠤᠷ ᠨᠡᠭᠦᠷᠡᠰᠦᠨ ᠠᠭᠤᠷᠬᠠᠢ᠎ᠶᠢᠨ 115 ᠵᠢᠯᠣᠭᠣᠴᠢ ᠦᠭᠡᠢ ᠠᠭᠤᠷᠬᠠᠢ᠎ᠶᠢᠨ ᠠᠴᠢᠶᠠᠨ᠎ᠤ ᠮᠠᠰᠢᠨ᠎ᠤ ᠳᠡᠭᠡᠭᠡᠪᠥᠷᠢᠯᠡᠯᠲᠠ 2045.3 ᠲᠦᠮᠡᠨ ᠪᠣᠰᠣᠭ᠎ᠠ ᠳᠥᠷᠪᠡᠯᠵᠢᠨ ᠮᠧᠲᠷ᠎ᠲᠦ ᠬᠥᠷᠴᠥ᠂ 674 ᠡᠳᠦᠷ ᠠᠮᠤᠷ ᠲᠦᠪᠰᠢᠨ᠎ᠢᠶᠡᠷ ᠠᠵᠢᠯᠯᠠᠨ᠂ 406 ᠲᠦᠮᠡᠨ ᠺᠢᠯᠣᠮᠧᠲᠷ ᠠᠶᠠᠯᠠᠵᠠᠢ᠃ ᠡᠨᠡ ᠨᠢ ᠲᠤᠰ ᠠᠭᠤᠷᠬᠠᠢ ᠵᠢᠨ ᠣᠶᠤᠨᠴᠢᠯᠠᠭᠰᠠᠨ ᠠᠭᠤᠷᠬᠠᠢ᠎ᠶᠢᠨ ᠪᠦᠲᠦᠭᠡᠨ ᠪᠠᠢᠭᠤᠯᠤᠯᠲᠠ ᠲᠤᠮᠤ ᠠᠬᠢᠴᠠ ᠵᠢ ᠪᠡᠶᠡᠯᠡᠭᠦᠯᠦᠭᠰᠡᠨ᠎ᠢ ᠬᠠᠷᠠᠭᠤᠯᠵᠤ᠂ ᠵᠠᠳᠠᠭᠠᠢ ᠨᠡᠭᠦᠷᠡᠰᠦᠨ ᠠᠭᠤᠷᠬᠠᠢ᠎ᠶᠢᠨ ᠬᠡᠪᠴᠢᠶᠡᠵᠢᠭᠰᠡᠨ᠂ ᠣᠶᠤᠨᠴᠢᠯᠠᠭᠰᠠᠨ ᠨᠡᠭᠡᠭᠡᠨ ᠮᠠᠯᠲᠠᠯᠲᠠ᠎ᠳᠤ ᠬᠠᠭᠤᠯᠪᠤᠷᠢᠯᠠᠨ ᠳᠡᠯᠭᠡᠷᠡᠭᠦᠯᠵᠦ ᠪᠣᠯᠬᠤ ᠦᠢᠯᠡᠳᠦᠯᠭᠡ᠎ᠶᠢᠨ ᠥᠯᠢᠭᠡᠷ ᠳᠠᠭᠤᠷᠢᠶᠠᠯ ᠬᠠᠩᠭᠠᠭᠰᠠᠨ ᠪᠠᠢᠨ᠎ᠠ᠃
ᠵᠡᠭᠦᠨ ᠬᠣᠢᠲᠤ ᠣᠷᠣᠨ᠎ᠤ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠴᠢᠬᠤᠯᠠ ᠨᠢᠭᠡᠴᠢ ᠪᠣᠯᠤᠭᠰᠠᠨ ᠵᠠᠬᠠᠨᠠᠭᠤᠷ ᠨᠡᠭᠦᠷᠡᠰᠦᠨ ᠠᠭᠤᠷᠬᠠᠢ ᠬᠠᠬᠢᠷ ᠬᠦᠢᠲᠡᠨ ᠭᠠᠵᠠᠷ ᠣᠷᠣᠨ᠎ᠳᠤ ᠪᠠᠢᠷᠢᠯᠠᠵᠤ᠂ ᠵᠥᠭᠡᠯᠡᠨ ᠴᠢᠯᠠᠭᠤᠯᠢᠭ᠋ ᠳᠠᠪᠬᠤᠷᠭ᠎ᠠ ᠲᠠᠢ ᠮᠥᠷᠳᠡᠭᠡᠨ ᠤᠰᠤ ᠡᠯᠪᠡᠭ᠂ ᠠᠵᠢᠯᠯᠠᠬᠤ ᠣᠷᠴᠢᠨ ᠲᠣᠭᠣᠷᠢᠨ ᠪᠤᠳᠤᠯᠢᠶᠠᠨᠲᠠᠢ ᠵᠡᠷᠭᠡ ᠬᠦᠴᠢᠷ ᠠᠰᠠᠭᠤᠳᠠᠯ᠎ᠳᠤ ᠲᠤᠯᠭᠠᠷᠠᠵᠥ ᠪᠠᠢᠪᠠ᠃ ᠣᠢᠷ᠎ᠠ᠎ᠶᠢᠨ ᠵᠢᠯ᠎ᠡᠴᠡ ᠲᠤᠰ ᠠᠭᠤᠷᠬᠠᠢ ᠨᠢ 《ᠠᠮᠤᠷ ᠲᠦᠪᠰᠢᠨ᠂ ᠣᠶᠤᠨᠴᠢᠯᠠᠭᠰᠠᠨ᠂ ᠪᠣᠬᠢᠷᠲᠤᠯ ᠦᠭᠡᠢ᠂ ᠥᠨᠳᠥᠷ ᠦᠷ᠎ᠡ ᠠᠰᠢᠭ᠋᠎ᠲᠠᠢ》 ᠲᠡᠷᠢᠭᠦᠨ᠎ᠦ ᠵᠠᠳᠠᠭᠠᠢ ᠠᠭᠤᠷᠬᠠᠢ ᠪᠤᠯᠭᠠᠨ ᠪᠥᠲᠥᠭᠡᠨ ᠪᠠᠢᠭᠤᠯᠬᠤ ᠬᠠᠷᠠᠯᠲᠠ᠎ᠶᠢ ᠲᠣᠭᠲᠠᠭᠠᠵᠤ᠂ ᠣᠶᠤᠨᠴᠢᠯᠠᠭᠰᠠᠨ ᠬᠡᠯᠪᠡᠷᠢ ᠵᠢᠨ ᠬᠤᠪᠢᠷᠠᠭᠤᠯᠤᠯᠲᠠ᠎ᠪᠠᠷ ᠬᠥᠳᠡᠯᠭᠡᠭᠦᠷ ᠪᠣᠯᠭᠠᠨ᠂ ᠵᠢᠯᠣᠭᠣᠴᠢ ᠦᠭᠡᠢ ᠠᠭᠤᠷᠬᠠᠢ᠎ᠶᠢᠨ ᠠᠴᠢᠶᠠᠨ᠎ᠤ ᠮᠠᠰᠢᠨ᠎ᠢ ᠬᠡᠪᠴᠢᠶᠡᠵᠢᠭᠦᠯᠦᠨ ᠬᠡᠷᠡᠭᠯᠡᠬᠦ᠎ᠶᠢ ᠪᠦᠬᠦ ᠬᠦᠴᠦᠨ᠎ᠢᠶᠡᠷ ᠠᠬᠢᠭᠤᠯᠵᠤ᠂ ᠳᠠᠯᠠᠢ ᠵᠢᠨ ᠲᠥᠪᠰᠢᠨ ᠥᠨᠳᠥᠷ᠂ ᠬᠦᠢᠲᠡᠨ᠂ ᠤᠰᠤ ᠡᠯᠪᠡᠭ ᠵᠥᠭᠡᠯᠡᠨ ᠴᠢᠯᠠᠭᠤᠯᠢᠭ᠋ ᠳᠠᠪᠬᠤᠷᠭ᠎ᠠ ᠲᠠᠢ ᠨᠥᠬᠥᠴᠡᠯ ᠳᠣᠣᠷᠠᠬᠢ ᠲᠣᠭᠲᠠᠭᠤᠨ ᠪᠥᠭᠡᠳ ᠥᠨᠳᠥᠷ ᠪᠦᠲᠦᠮᠵᠢᠲᠡᠢ ᠠᠵᠢᠯᠯᠠᠭᠠᠨ᠎ᠤ ᠬᠦᠴᠢᠷ ᠠᠰᠠᠭᠤᠳᠠᠯ᠎ᠢ ᠪᠥᠲᠥᠮᠵᠢᠳᠠᠢ ᠰᠢᠢᠳᠪᠦᠷᠢᠯᠡᠪᠡ᠃
ᠮᠡᠷᠭᠡᠵᠢᠯ᠎ᠦᠨ ᠬᠡᠷᠡᠭᠯᠡᠭᠡᠨ᠎ᠦ ᠪᠡᠷᠬᠡ ᠪᠣᠭᠣᠮᠲᠠ᠎ᠶᠢ ᠰᠢᠪᠲᠤᠯᠬᠤ᠎ᠶᠢᠨ ᠲᠥᠯᠥᠭᠡ ᠠᠭᠤᠷᠬᠠᠢ ᠨᠢ ᠲᠤᠰᠬᠠᠢ ᠮᠡᠷᠭᠡᠵᠢᠯ᠎ᠦᠨ ᠪᠦᠯᠬᠦᠮ᠎ᠢ ᠵᠣᠬᠢᠶᠠᠨ ᠪᠠᠢᠭᠤᠯᠵᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠲᠠᠢ ᠬᠠᠮᠲᠤᠷᠠᠨ ᠵᠠᠬᠢᠶᠠᠯᠠᠨ ᠦᠢᠯᠡᠳᠬᠦ ᠪᠠ ᠰᠤᠳᠤᠯᠤᠨ ᠨᠡᠭᠡᠭᠡᠵᠦ᠂ ᠲᠦᠷᠦᠭᠦᠦ ᠪᠦᠯᠦᠭ᠎ᠦᠨ 12 ᠵᠢᠯᠣᠭᠣᠴᠢ ᠦᠭᠡᠢ ᠠᠭᠤᠷᠬᠠᠢ᠎ᠶᠢᠨ ᠠᠴᠢᠶᠠᠨ᠎ᠤ ᠮᠠᠰᠢᠨ᠎ᠢ ᠠᠰᠢᠭ᠍ᠯᠠᠯᠲᠠ᠎ᠳᠤ ᠣᠷᠣᠭᠤᠯᠤᠭᠰᠠᠨᠡᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠲᠠᠩ ᠴᠤᠬᠴᠠ ᠪᠥᠬᠥᠢ ᠠᠭᠤᠷᠬᠠᠢ᠎ᠶᠢᠨ 100 ᠵᠢᠯᠣᠭᠣᠴᠢ ᠦᠭᠡᠢ ᠠᠭᠤᠷᠬᠠᠢ᠎ᠶᠢᠨ ᠠᠴᠢᠶᠠᠨ ᠦ ᠮᠠᠰᠢᠨ᠎ᠢ ᠠᠰᠢᠭ᠍ᠯᠠᠯᠲᠠ᠎ᠳᠤ ᠣᠷᠣᠭᠤᠯᠬᠤ ᠬᠦᠷᠲᠡᠯ᠎ᠡ᠂ ᠠᠴᠢᠶᠠᠨ᠎ᠤ ᠮᠠᠰᠢᠨ᠎ᠤ ᠵᠢᠯᠣᠭᠣᠴᠢ ᠦᠭᠡᠢ ᠰᠢᠰᠲᠧᠮ᠎ᠦᠨ ᠣᠷᠴᠢᠨ ᠲᠣᠭᠣᠷᠢᠨ᠎ᠢ ᠰᠡᠷᠡᠵᠦ ᠮᠡᠳᠡᠷᠡᠬᠦ᠂ ᠵᠠᠮ ᠱᠤᠭᠤᠮ᠎ᠢ ᠲᠥᠯᠥᠪᠵᠢᠭᠦᠯᠬᠦ ᠪᠠ ᠪᠠᠴᠢᠮ ᠪᠠᠢᠳᠠᠯ᠎ᠢ ᠠᠷᠭᠠᠴᠠᠭᠠᠬᠤ ᠴᠢᠳᠠᠪᠤᠷᠢ᠎ᠶᠢ ᠦᠷᠭᠦᠯᠵᠢᠯᠡᠨ ᠰᠢᠯᠢᠳᠡᠭᠵᠢᠭᠦᠯᠵᠦ᠂ ᠠᠴᠢᠶᠠᠨ᠎ᠤ ᠮᠠᠰᠢᠨ᠎ᠦ ᠪᠦᠬᠦ ᠠᠵᠢᠯ᠎ᠤᠨ ᠶᠠᠪᠤᠴᠠ ᠳ᠋ᠤ ᠠᠮᠤᠷ ᠲᠦᠪᠰᠢᠨ ᠪᠥᠭᠡᠳ ᠲᠣᠭᠲᠠᠭᠤᠨ᠎ᠢᠶᠠᠷ ᠠᠵᠢᠯᠯᠠᠬᠤ᠎ᠶᠢ ᠪᠡᠶᠡᠯᠡᠭᠦᠯᠪᠡ᠃
ᠤᠯᠠᠮᠵᠢᠯᠠᠯᠲᠤ ᠵᠢᠯᠣᠭᠣᠴᠢ ᠬᠡᠷᠡᠭᠯᠡᠬᠥ ᠠᠴᠢᠶᠠᠨ᠎ᠤ ᠮᠠᠰᠢᠨ ᠲᠠᠢ ᠬᠠᠷᠢᠴᠠᠭᠤᠯᠪᠠᠯ ᠵᠢᠯᠣᠭᠣᠴᠢ ᠦᠭᠡᠢ ᠠᠭᠤᠷᠬᠠᠢ᠎ᠶᠢᠨ ᠠᠴᠢᠶᠠᠨ᠎ᠤ ᠮᠠᠰᠢᠨ ᠨᠢ 24 ᠴᠠᠭ᠎ᠢᠶᠠᠷ ᠲᠠᠰᠤᠯᠳᠠᠭᠤᠯᠥᠯ ᠦᠭᠡᠢ ᠠᠵᠢᠯᠯᠠᠬᠤ᠂ ᠬᠥᠳᠡᠯᠦᠩᠭᠦᠢ᠎ᠪᠡᠷ ᠲᠣᠬᠢᠷᠠᠭᠤᠯᠵᠤ ᠪᠤᠯᠬᠤ ᠵᠡᠷᠭᠡ ᠴᠢᠳᠠᠪᠤᠷᠢ ᠵᠢ ᠪᠥᠷᠢᠯᠳᠥᠭᠥᠯᠥᠨ᠂ 《ᠬᠥᠮᠥᠨ ᠠᠮᠠᠷᠠᠬᠰᠠᠨᠴᠦ ᠮᠠᠰᠢᠨ ᠵᠣᠭᠰᠣᠬᠤ ᠦᠭᠡᠢ》 ᠪᠠᠢᠬᠤ ᠵᠢ ᠬᠡᠪ᠎ᠦᠨ ᠪᠠᠢᠳᠠᠯ ᠪᠣᠯᠭᠠᠵᠤ᠂ ᠦᠷ᠎ᠡ ᠪᠦᠲᠦᠮᠵᠢ᠎ᠶᠢ ᠶᠡᠬᠡᠪᠡᠷ ᠳᠡᠭᠡᠭᠰᠢᠯᠡᠭᠦᠯᠦᠨ᠂ ᠬᠥᠮᠥᠨ᠎ᠤ ᠠᠵᠢᠯᠯᠠᠭᠠᠨ ᠡᠴᠡ ᠪᠤᠯᠤᠬᠰᠠᠨ ᠲᠦᠭᠰᠢᠭᠦᠷᠢ᠎ᠡᠴᠡ ᠵᠠᠢᠯᠠᠰᠬᠢᠬᠤ᠎ᠶᠢᠨ ᠬᠠᠮᠲᠤ ᠲᠣᠭ᠎ᠠ ᠪᠠᠷᠢᠮᠲᠠ᠎ᠶᠢᠨ ᠬᠤᠷᠠᠮᠳᠤᠭᠤᠯᠤᠯ᠎ᠳᠤ ᠲᠦᠰᠢᠭᠯᠡᠨ ᠪᠤᠳᠤᠬᠤ ᠠᠷᠭ᠎ᠠ᠎ᠶᠢ ᠰᠢᠯᠢᠳᠡᠭᠵᠢᠭᠦᠯᠵᠦ᠂ ᠪᠥᠬᠥ ᠶᠠᠪᠤᠴᠠ᠎ᠶᠢᠨ ᠬᠠᠮᠵᠢᠯᠴᠠᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠵᠠᠢ᠃ ᠲᠡᠭᠦᠨ᠎ᠦ ᠬᠤᠷᠳᠤᠴᠠ ᠨᠢ ᠴᠠᠭ ᠪᠦᠷᠢ 30 ᠺᠢᠯᠣᠮᠧᠲᠷ᠎ᠲᠦ ᠬᠦᠷᠴᠦ᠂ ᠮᠠᠰᠢᠨ ᠨᠢᠭᠡ ᠪᠥᠷᠢ᠎ᠶᠢᠨ ᠴᠠᠬ ᠪᠥᠷᠢ ᠵᠢᠨ ᠳᠡᠭᠡᠭᠡᠪᠥᠷᠢᠯᠡᠯᠲᠠ ᠵᠢᠨ ᠬᠡᠮᠵᠢᠶ᠎ᠡ ᠳᠤᠮᠳᠠᠴᠢ᠎ᠪᠠᠷ 180 ᠪᠣᠰᠣᠭ᠎ᠠ ᠳᠥᠷᠪᠡᠯᠵᠢᠨ ᠮᠧᠲᠷ᠎ᠲᠦ ᠲᠤᠯᠵᠤ᠂ ᠵᠢᠯᠣᠭᠣᠴᠢ ᠦᠭᠡᠢ ᠠᠭᠤᠷᠬᠠᠢ ᠵᠢᠨ ᠠᠴᠢᠶᠠᠨ᠎ᠤ ᠮᠠᠰᠢᠨ᠎ᠤ ᠦᠷ᠎ᠡ ᠪᠦᠲᠦᠮᠵᠢ ᠨᠢ ᠨᠢᠭᠡᠨᠲᠡ ᠵᠢᠯᠣᠭᠣᠴᠢ ᠬᠡᠷᠡᠭᠯᠡᠬᠥ ᠠᠭᠤᠷᠬᠠᠢ ᠵᠢᠨ ᠠᠴᠢᠶᠠᠨ᠎ᠤ ᠮᠠᠰᠢᠨ᠎ᠤ ᠦᠷ᠎ᠡ ᠪᠦᠲᠦᠮᠵᠢ ᠲᠠᠢ ᠳᠡᠩᠴᠡᠵᠤ᠂ ᠠᠭᠤᠷᠬᠠᠢ᠎ᠶᠢᠨ 《ᠬᠥᠳᠡᠯᠮᠦᠷᠢ ᠬᠦᠴᠦ ᠨᠢᠭ᠍ᠲᠠᠷᠠᠭᠰᠠᠨ ᠬᠡᠯᠪᠡᠷᠢ》᠎ᠡᠴᠡ 《ᠲᠣᠭᠠᠴᠢᠯᠠᠵᠤ ᠣᠶᠤᠨᠴᠢᠯᠠᠬᠰᠠᠨ ᠬᠡᠯᠪᠡᠷᠢ》 ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠤᠬᠰᠠᠨ ᠪᠠᠢᠨ᠎ᠠ᠃