ᠤᠯᠤᠰ᠎ᠤᠨ ᠱᠢᠨ᠎ᠡ ᠬᠡᠯᠪᠡᠷᠢ᠎ᠶ᠋ᠢᠨ ᠠᠵᠤ ᠦᠶ᠋ᠯᠡᠳᠪᠦᠷᠢᠵᠢᠯᠲᠡᠶ᠋ᠢ ᠠᠬᠢᠭᠤᠯᠬᠤ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ᠎ᠤ 《ᠠᠷᠪᠠᠳᠤᠭᠠᠷ ᠲᠠᠪᠤᠨ ᠵᠢᠯ》 ᠤ᠋ᠨ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠵᠢᠷᠤᠭ ᠲᠥᠯᠥᠪᠯᠡᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠬᠦ᠌᠎ᠶ᠋ᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ ᠤᠢᠷ᠎ᠠ᠎ᠳᠤ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ〈ᠠᠷᠪᠠᠨ ᠲᠠᠪᠤᠳᠤᠭᠠᠷ ᠲᠠᠪᠤᠨ ᠵᠢᠯ〉᠎ᠤ᠋ᠨ ᠱᠢᠨ᠎ᠡ ᠬᠡᠯᠪᠡᠷᠢ᠎ᠶ᠋ᠢᠨ ᠠᠵᠤ ᠦᠶ᠋ᠯᠡᠳᠪᠦᠷᠢᠵᠢᠯᠲᠡ᠎ᠶ᠋ᠢᠨ ᠬᠥᠭ᠌ᠵᠢᠯᠲᠡ᠎ᠶ᠋ᠢᠨ ᠲᠥᠯᠥᠪᠵᠢᠭᠦᠯᠭᠡ (ᠰᠠᠨᠠᠯ ᠬᠤᠷᠢᠶᠠᠬᠤ ᠨᠤᠤᠷᠠᠭ)》 ᠶ᠋ᠢᠨ ᠠᠬᠤᠢ ᠲᠠᠯᠠᠪᠠᠶ᠎ᠳᠤ ᠰᠠᠨᠠᠯ ᠬᠤᠷᠢᠶᠠᠬᠤ ᠬᠤᠷᠠᠯ ᠬᠤᠷᠠᠯᠳᠤᠭᠤᠯᠵᠠᠢ᠃
ᠲᠣᠰ ᠤᠳᠠᠭ᠎ᠠ᠎ᠶ᠋ᠢᠨ ᠬᠤᠷᠠᠯ᠎ᠳᠤ ᠦᠪᠦᠷ ᠮᠤᠡᠭᠭᠤᠯ᠎ᠤᠨ ᠠᠵᠤ ᠦᠶ᠋ᠯᠡᠳᠪᠦᠷᠢ᠎ᠶ᠋ᠢᠨ ᠭᠤᠤᠯᠳᠠᠯᠭ᠎ᠠ᠎ᠲᠠᠶ ᠬᠦᠷᠢᠶᠡᠨ᠎ᠦ 12 ᠳᠠᠭᠠᠭᠤᠯᠤᠭ᠍ᠴᠢ ᠠᠵᠤ ᠠᠬᠤᠢᠯᠠᠯ ᠪᠠ 8 ᠡᠷᠬᠡ ᠰᠦᠷᠲᠦ ᠠᠵᠢᠯ ᠲᠥᠷᠥᠯ᠎ᠦᠨ ᠨᠡᠢᠭᠡᠮᠯᠢᠭ᠎ᠢ ᠭᠤᠤᠯᠳᠠᠯᠭ᠎ᠠ᠎ᠲᠠᠶ ᠰᠣᠩᠭᠣᠨ ᠣᠷᠣᠯᠴᠠᠭᠤᠯᠵᠤ᠂ ᠬᠢᠮᠢ᠎ᠶ᠋ᠢᠨ ᠠᠵᠤ ᠦᠶ᠋ᠯᠡᠳᠪᠦᠷᠢ᠂ ᠲᠡᠮᠦᠷᠯᠢᠭ ᠬᠠᠢᠯᠤᠭᠤᠯᠬᠤ᠂ ᠱᠢᠨ᠎ᠡ ᠡᠨᠧᠷᠭᠢ᠎ᠶ᠋ᠢᠨ ᠲᠣᠨᠣᠭ᠍ᠯᠠᠯ᠂ ᠱᠢᠨ᠎ᠡ ᠮᠠᠲ᠋ᠧᠷᠢᠶᠠᠯ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠬᠦ᠌᠂ ᠠᠮᠢᠳᠤ ᠪᠣᠳᠠᠰ᠎ᠤᠨ ᠡᠮ ᠡᠮᠨᠡᠯᠭᠡ᠂ ᠠᠵᠤ ᠦᠶ᠋ᠯᠡᠳᠪᠦᠷᠢ᠎ᠶ᠋ᠢᠨ ᠢᠨᠲ᠋ᠧᠷ ᠰᠦᠯᠵᠢᠶ᠎ᠡ᠂ ᠬᠣᠪᠣᠷ ᠱᠢᠷᠣᠶ ᠵᠡᠷᠭᠡ ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ ᠭᠤᠤᠯᠯᠠᠬᠤ ᠠᠵᠤ ᠦᠶ᠋ᠯᠡᠰ᠎ᠢ ᠪᠥᠬᠥ᠌ ᠲᠠᠯ᠎ᠠ᠎ᠪᠠᠷ ᠬᠠᠮᠤᠷᠴᠤ᠌᠂ ᠬᠤᠷᠠᠯ᠎ᠳᠤ ᠤᠷᠤᠯᠴᠠᠬᠰᠠᠨ ᠲᠥᠯᠥᠭᠡᠯᠡᠭ᠌ᠴᠢᠳ ᠲᠥᠯᠥᠪᠵᠢᠭᠦᠯᠭᠡ᠎ᠶ᠋ᠢᠨ ᠠᠭᠤᠯᠭ᠎ᠠ᠎ᠶ᠋ᠢᠨ ᠲᠣᠭᠣᠷᠢᠨ᠎ᠳᠤ ᠭᠦᠨᠵᠡᠭᠡᠶ ᠰᠣᠯᠢᠯᠴᠠᠵᠤ᠂ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠠᠢ᠃
ᠬᠤᠷᠠᠯ᠎ᠲᠡᠭᠡᠷ᠎ᠡ ᠨᠡᠢᠲᠡ 99 ᠡᠯ᠎ᠡ ᠲᠥᠷᠥᠯ᠎ᠦᠨ ᠰᠠᠨᠠᠯ ᠰᠠᠨᠠᠭᠤᠯᠭ᠎ᠠ᠎ᠶ᠋ᠢ ᠴᠤᠭ᠍ᠯᠠᠭᠤᠯᠵᠠᠢ᠂ ᠡᠭᠦᠨ᠎ᠳᠦ ᠠᠵᠤ ᠠᠬᠤᠢᠯᠠᠯ᠎ᠤᠨ ᠲᠥᠯᠥᠭᠡᠯᠡᠭ᠌ᠴᠢ 61 ᠵᠦᠶ᠋ᠯ᠎ᠤᠨ ᠰᠠᠨᠠᠯ ᠰᠠᠨᠠᠭᠤᠯᠭ᠎ᠠ ᠳᠤᠷᠠᠳᠴᠤ᠌᠂ ᠠᠵᠢᠯ ᠲᠥᠷᠥᠯ᠎ᠦᠨ ᠨᠡᠢᠭᠡᠮᠯᠢᠭ 38 ᠵᠦᠶ᠋ᠯ᠎ᠤᠨ ᠰᠠᠨᠠᠯ ᠰᠠᠨᠠᠭᠤᠯᠭ᠎ᠠ ᠳᠤᠷᠠᠳᠴᠠᠢ᠃ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ ᠰᠠᠨᠠᠯ ᠬᠤᠷᠢᠶᠠᠬᠤ ᠠᠷᠭ᠎ᠠ ᠵᠠᠮ᠎ᠢ ᠦᠷᠭᠦᠯᠵᠢᠯᠡᠨ ᠱᠢᠯᠤᠭᠤᠳᠭᠠᠵᠤ᠂ ᠡᠯ᠎ᠡ ᠲᠠᠯ᠎ᠠ᠎ᠶ᠋ᠢᠨ ᠡᠷᠬᠢᠮ ᠨᠠᠨᠳᠢᠨ ᠰᠠᠨᠠᠭᠤᠯᠭ᠎ᠠ᠎ᠶ᠋ᠢ ᠨᠠᠷᠢᠨ ᠬᠢᠨᠠᠮᠠᠭᠠᠶ ᠱᠢᠩᠭᠡᠭᠡᠨ ᠠᠪᠴᠤ᠌᠂ ᠲᠥᠯᠥᠪᠵᠢᠭᠦᠯᠭᠡ᠎ᠶ᠋ᠢᠨ ᠠᠭᠤᠯᠭ᠎ᠠ᠎ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠍᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ〈ᠠᠷᠪᠠᠨ ᠲᠠᠪᠤᠳᠤᠭᠠᠷ ᠲᠠᠪᠤᠨ ᠵᠢᠯ〉 ᠤ᠋ᠨ ᠱᠢᠨ᠎ᠡ ᠬᠡᠯᠪᠡᠷᠢ᠎ᠶ᠋ᠢᠨ ᠠᠵᠤ ᠦᠶ᠋ᠯᠡᠳᠪᠦᠷᠢᠵᠢᠯᠲᠡ᠎ᠶ᠋ᠢᠨ ᠬᠥᠭ᠌ᠵᠢᠯᠲᠡ᠎ᠶ᠋ᠢᠨ ᠲᠥᠯᠥᠪᠵᠢᠭᠦᠯᠭᠡ》 ᠶ᠋ᠢ ᠨᠠᠢᠷᠠᠭᠤᠯᠤᠨ ᠵᠣᠬᠢᠶᠠᠬᠤ ᠠᠵᠢᠯ᠎ᠢ ᠴᠢᠨᠠᠷ ᠰᠠᠢᠲᠠᠶ ᠪᠡᠶᠡᠯᠡᠭᠦᠯᠵᠦ᠍᠂ ᠥᠪᠥᠷ ᠮᠣᠩᠭᠣᠯ᠎ᠤᠨ ᠱᠢᠨ᠎ᠡ ᠬᠡᠯᠪᠡᠷᠢ᠎ᠶ᠋ᠢᠨ ᠠᠵᠤ ᠦᠶ᠋ᠯᠡᠳᠪᠦᠷᠢᠵᠢᠯᠲᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠥᠬᠥ᠌ ᠬᠦᠴᠦᠨ᠎ᠢᠶᠡᠷ᠎ᠢᠶᠡᠨ ᠪᠢᠴᠢᠭ᠌ᠯᠡᠬᠦ ᠪᠡᠷ ᠬᠦᠴᠦᠯᠡᠵᠦ ᠪᠤᠢ᠃