ᠡᠨᠡ ᠵᠢᠯ᠎ᠤᠨ ᠡᠬᠢᠨ᠎ᠠᠴᠠ ᠨᠠᠭᠠᠰᠢ᠂ ᠥᠪᠥᠷ ᠮᠣᠩᠭᠣᠯ ᠪᠥᠬᠥ᠌ ᠣᠷᠣᠨ᠎ᠳ᠋ᠤ᠌ ᠬᠡᠷᠡᠭ᠌ᠯᠡᠵᠦ᠍ ᠪᠠᠢᠭ᠎ᠠ ᠠᠷᠪᠠᠨ ᠵᠦᠶ᠋ᠯ᠎ᠦᠨ ᠡᠳ᠋᠎ᠦᠨ ᠵᠠᠰᠠᠭ᠎ᠤᠨ ᠡᠯᠧᠺᠲ᠋ᠷᠣᠨ ᠪᠠᠷᠢᠮᠲᠠ᠎ᠶ᠋ᠢ ᠪᠦᠬᠦᠨ᠎ᠢ ᠮᠤᠵᠢ ᠠᠯᠤᠰᠯᠠᠨ ᠲᠠᠩᠰᠠ ᠲᠠᠢᠯᠬᠤ ᠬᠡᠷᠡᠭ᠌ᠯᠡᠭᠡᠨ᠎ᠦ ᠬᠡᠪᠴᠢᠶᠡᠨ᠎ᠳᠦ ᠣᠷᠣᠭᠤᠯᠵᠤ᠂ ᠡᠳ᠋᠎ᠦᠨ ᠵᠠᠰᠠᠭ᠎ᠤᠨ ᠡᠯᠧᠺᠲ᠋ᠷᠣᠨ ᠪᠠᠷᠢᠮᠲᠠ᠎ᠶ᠋ᠢᠨ ᠨᠡᠢᠭᠡᠮᠴᠢᠯᠡᠭ᠌ᠰᠡᠨ ᠡᠷᠭᠢᠯᠲᠡ᠎ᠶ᠋ᠢᠨ ᠬᠡᠷᠡᠭ᠌ᠯᠡᠭᠡᠨ᠎ᠦ ᠪᠠᠢᠳᠠᠯ᠎ᠳᠤ ᠬᠣᠯᠪᠣᠭ᠍ᠳᠠᠬᠤ ᠲᠠᠩᠰᠠ ᠲᠠᠢᠯᠬᠤ᠎ᠪᠠᠷ ᠭᠤᠶᠤᠴᠢᠯᠠᠭ᠍ᠴᠢ᠂ ᠲᠠᠩᠰᠠ ᠲᠠᠢᠯᠬᠤ ᠨᠢᠭᠡᠴᠢ ᠵᠢᠴᠢ ᠪᠠᠷᠢᠮᠲᠠ ᠭᠠᠷᠭᠠᠬᠤ ᠨᠢᠭᠡᠴᠢ᠎ᠶ᠋ᠢ ᠬᠠᠮᠤᠷᠴᠠᠶ᠃ ᠣᠢᠯᠠᠭᠠᠭ᠍ᠰᠠᠨ᠎ᠢᠶᠠᠷ᠂ ᠣᠳᠣᠬᠠᠨ᠎ᠳᠤ ᠡᠳ᠋᠎ᠦᠨ ᠵᠠᠰᠠᠭ᠎ᠤᠨ ᠡᠯᠧᠺᠲ᠋ᠷᠣᠨ ᠪᠠᠷᠢᠮᠲᠠ ᠢ᠋ᠢ ᠮᠤᠵᠢ ᠠᠯᠤᠰᠯᠠᠨ ᠲᠠᠩᠰᠠ ᠲᠠᠢᠯᠬᠤ ᠬᠡᠷᠡᠭ᠌ᠯᠡᠯᠲᠡ᠎ᠶ᠋ᠢᠨ ᠠᠵᠢᠯ᠎ᠢ ᠨᠢᠭᠡᠨᠲᠡ ᠪᠡᠶᠡᠯᠡᠭᠦᠯᠵᠦ᠍᠂ ᠱᠢᠰᠲ᠋ᠧᠮ᠎ᠦᠨ ᠪᠠᠢᠭᠤᠯᠤᠯᠲᠠ ᠬᠢᠭᠡᠳ ᠡᠳ᠋᠎ᠦᠨ ᠵᠠᠰᠠᠭ᠎ᠤᠨ ᠪᠠᠷᠢᠮᠲᠠᠢ᠋ᠢ ᠪᠥᠬᠥ᠌ ᠲᠠᠯ᠎ᠠ᠎ᠪᠠᠷ ᠠᠰᠢᠭᠯᠠᠯᠳᠡ ᠳ᠋ᠤ᠌ ᠤᠷᠤᠭᠤᠯᠬᠤ ᠵᠢᠴᠢ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ ᠳ᠋ᠤ᠌ ᠰᠠᠭᠤᠷᠢ ᠲᠠᠯᠪᠢᠵᠤ ᠥᠭ᠌ᠴᠡᠶ᠃
ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠬᠤ᠎ᠶ᠋ᠢ ᠳᠠᠭᠠᠯᠳᠤᠨ᠂ ᠬᠦᠮᠦᠰ ᠣᠷᠣᠨ ᠪᠦᠰᠡ ᠠᠯᠤᠰᠯᠠᠨ ᠱᠢᠯᠵᠢᠬᠦ᠌᠎ᠨᠢ ᠶᠠᠪᠤᠬᠤ ᠲᠤᠲᠤᠮ ᠣᠯᠠᠱᠢᠷᠠᠵᠤ᠂ ᠤᠨᠳᠤᠤ ᠭᠠᠵᠠᠷ᠎ᠲᠤ ᠡᠮᠨᠡᠭᠦᠯᠬᠦ᠌᠂ ᠤᠨᠳᠤᠤ ᠭᠠᠵᠠᠷ᠎ᠲᠤ ᠰᠤᠷᠭᠠᠭᠤᠯᠢ᠎ᠳᠤ ᠣᠷᠣᠬᠤ᠂ ᠤᠨᠳᠤᠤ ᠭᠠᠵᠠᠷ᠎ᠲᠤ ᠠᠵᠢᠯ ᠶᠠᠪᠤᠳᠠᠯ ᠭᠦᠶ᠋ᠴᠡᠳᠭᠡᠬᠦ᠌᠎ᠨᠢ ᠪᠠᠢᠨᠭᠭᠤ ᠢ᠋ᠢᠨ ᠪᠠᠢᠳᠠᠯ ᠪᠣᠯᠵᠣ᠂ ᠡᠳ᠋᠎ᠦᠨ ᠵᠠᠰᠠᠭ᠎ᠤᠨ ᠡᠯᠧᠺᠲ᠋ᠷᠣᠨ ᠪᠠᠷᠢᠮᠲᠠ᠎ᠶ᠋ᠢᠨ ᠨᠡᠢᠭᠡᠮᠴᠢᠯᠡᠭ᠌ᠰᠡᠨ ᠡᠷᠭᠢᠯᠲᠡ᠎ᠶ᠋ᠢᠨ ᠶᠠᠪᠤᠴᠠ᠎ᠳᠠᠬᠢ ᠲᠦᠭ᠌ᠵᠢᠷᠡᠯ᠂ ᠡᠪᠡᠷᠱᠢᠶᠡᠯ᠎ᠨᠢ ᠡᠳᠦᠷ ᠢᠷᠡᠬᠦᠶ᠎ᠡ ᠲᠣᠪᠣᠢᠮ᠎ᠠ ᠪᠣᠯᠵᠣ᠂ ᠠᠷᠠᠳ ᠣᠯᠠᠨ᠎ᠳᠤ ᠮᠤᠵᠢ ᠠᠯᠤᠰᠯᠠᠨ ᠪᠠᠷᠢᠮᠳᠡ ᠴᠤᠭᠯᠠᠭᠤᠯᠬᠤ ᠪᠠ ᠲᠦᠬᠦᠮ ᠲᠦᠳᠡ ᠲᠠᠨᠭᠰᠠ ᠲᠠᠢᠯᠬᠤ ᠠᠷᠭ᠎ᠠ ᠵᠠᠮ ᠲᠤᠳᠠᠭᠳᠠᠵᠤ᠂ ᠥᠪᠥᠷ ᠮᠣᠩᠭᠣᠯ᠎ᠢ ᠪᠠᠭ᠍ᠲᠠᠭᠠᠭ᠍ᠰᠠᠨ᠂ ᠮᠠᠰᠢ ᠣᠯᠠᠨ ᠭᠠᠵᠠᠷ ᠣᠷᠣᠨ᠎ᠤ ᠬᠡᠷᠡᠭ᠌ᠯᠡᠭ᠌ᠴᠢ ᠠᠳᠠᠯᠢ ᠪᠤᠰᠤ APP᠂ ᠲᠠᠪᠴᠠᠩ᠎ᠠᠴᠠ ᠪᠠᠷᠢᠮᠲᠠ᠎ᠶ᠋ᠢ ᠴᠤᠭ᠍ᠯᠠᠭᠤᠯᠤᠭ᠍ᠰᠠᠨᠤ ᠳᠠᠷᠠᠭ᠎ᠠ ᠰᠠᠶᠢ ᠲᠠᠩᠰᠠ ᠲᠠᠢᠯᠬᠤ ᠠᠵᠢᠯ᠎ᠢ ᠲᠠᠭᠤᠰᠬᠠᠵᠤ ᠪᠠᠢᠨ᠎ᠡ᠃ ᠬᠡᠰᠡᠭ ᠮᠤᠵᠢ ᠣᠷᠣᠨ᠎ᠤ ᠬᠣᠯᠪᠣᠭ᠍ᠳᠠᠯ ᠪᠥᠬᠥᠶ ᠲᠠᠪᠴᠠᠩ᠎ᠤᠨ ᠱᠢᠰᠲ᠋ᠧᠮ᠎ᠳᠦ ᠵᠥᠪᠬᠡᠨ ᠪᠠᠷᠢᠮᠲᠠ ᠭᠠᠷᠭᠠᠭ᠍ᠰᠠᠨ ᠮᠡᠳᠡᠭᠡ ᠵᠠᠩᠭᠢ᠎ᠶ᠋ᠢ ᠬᠠᠳᠠᠭᠠᠯᠠᠵᠤ᠂ ᠲᠠᠩᠰᠠ ᠲᠠᠢᠯᠬᠤ ᠪᠠᠢᠳᠠᠯ᠎ᠤᠨ ᠲᠣᠭ᠎ᠠ ᠪᠠᠷᠢᠮᠲᠠ ᠳᠤᠲᠠᠭ᠍ᠳᠠᠵᠤ ᠪᠠᠢᠬᠤ᠎ᠠᠴᠠ ᠪᠣᠯᠵᠣ ᠳᠠᠪᠬᠤᠷ ᠲᠠᠩᠰᠠ ᠲᠠᠢᠯᠬᠤ᠂ ᠤᠷᠢᠳ᠎ᠢᠶᠠᠷ ᠲᠠᠩᠰᠠ ᠲᠠᠢᠯᠤᠭ᠍ᠰᠠᠨᠤ ᠳᠠᠷᠠᠭ᠎ᠠ ᠰᠦᠶ᠋ᠳᠭᠡᠯ ᠪᠤᠴᠠᠭᠠᠬᠤ ᠵᠡᠷᠭᠡ ᠲᠣᠭ᠍ᠲᠠᠭᠠᠯ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ ᠡᠬᠦᠰᠴᠤ ᠪᠠᠢᠨ᠎ᠠ᠃ ᠬᠠᠮᠢᠶ᠎ᠠ ᠪᠦᠬᠦᠢ ᠠᠰᠠᠭᠤᠳᠠᠯ ᠨᠢ 《ᠲᠠᠯᠪᠢᠬᠤ ᠬᠠᠮᠢᠶᠠᠷᠬᠤ ᠢ᠋ᠢ ᠤᠶᠠᠯᠳᠤᠭᠤᠯᠬᠤ᠂ ᠤᠢᠯᠡᠴᠢᠯᠡᠬᠡ ᠢ᠋ᠢ ᠰᠢᠯᠢᠳᠡᠭᠵᠢᠬᠦᠯᠬᠦ》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠂ ᠲᠣᠭᠠᠴᠢᠯᠠᠭ᠍ᠰᠠᠨ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠠᠬᠢᠭᠤᠯᠬᠤ ᠪᠣᠭᠣᠮᠢ ᠪᠤᠯᠵᠤ᠂ ᠱᠢᠰᠲᠸᠮ᠎ᠤᠨ ᠴᠢᠨᠠᠷᠲᠠᠢ ᠥᠭᠡᠷᠡᠴᠢᠯᠡᠯᠲᠡ᠎ᠪᠡᠷ ᠳᠠᠮᠵᠢᠨ ᠱᠢᠢᠳᠪᠦᠷᠢᠯᠡᠬᠦ᠌ ᠴᠢᠬᠤᠯᠠᠲᠠᠢ ᠪᠣᠯᠣᠭᠠᠳ ᠪᠠᠢᠨ᠎ᠠ᠃
ᠳᠡᠭᠡᠷ᠎ᠡ ᠳᠤᠷᠠᠳᠤᠭ᠍ᠰᠠᠨ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠬᠦ᠌᠎ᠶ᠋ᠢᠨ ᠲᠥᠯᠥᠭᠡ ᠡᠳ᠋᠎ᠦᠨ ᠵᠠᠰᠠᠭ᠎ᠤᠨ ᠶᠠᠮᠤᠨ᠎ᠠᠴᠠ ᠬᠠᠮᠢᠶ᠎ᠠ ᠪᠥᠬᠥᠶ ᠠᠵᠢᠯ᠎ᠳᠤ ᠨᠢᠭᠡᠳᠦᠯᠲᠡᠶ ᠪᠠᠢᠷᠢᠯᠠᠭᠤᠯᠤᠯᠲᠠ ᠬᠢᠵᠦ᠍᠂ ᠥᠪᠥᠷ ᠮᠣᠩᠭᠣᠯ ᠪᠣᠳᠠᠲᠤ ᠪᠠᠢᠳᠠᠯᠳ᠋ᠠᠭᠠᠨ ᠰᠠᠭᠤᠷᠢᠯᠠᠨ᠂ ᠲᠤᠷᠱᠢᠯᠲᠠ᠎ᠶ᠋ᠢᠨ ᠮᠤᠵᠢ ᠣᠷᠣᠨ᠎ᠤ ᠲᠡᠷᠢᠭᠦᠨ᠎ᠦ ᠲᠤᠷᠱᠢᠯᠭ᠎ᠠ ᠪᠠ ᠪᠣᠯᠪᠠᠰᠤᠷᠠᠩᠭᠤᠶ ᠠᠷᠭ᠎ᠠ ᠬᠡᠮᠵᠢᠶ᠎ᠡ ᠪᠡᠷ ᠲᠣᠯᠢ ᠪᠣᠯᠭᠠᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠡᠯᠧᠺᠲ᠋ᠷᠣᠨ ᠪᠠᠷᠢᠮᠲᠠ᠎ᠶ᠋ᠢᠨ ᠮᠤᠵᠢ ᠠᠯᠤᠰᠯᠠᠨ ᠲᠠᠩᠰᠠ ᠲᠠᠢᠯᠬᠤ ᠬᠡᠷᠡᠭ᠌ᠯᠡᠭᠡᠨ᠎ᠦ ᠠᠵᠢᠯ᠎ᠤᠨ ᠬᠡᠷᠡᠭ᠌ᠵᠢᠭᠦᠯᠬᠦ᠌ ᠲᠥᠰᠦᠯ》 ᠢ᠋ ᠰᠤᠳᠤᠯᠤᠨ ᠲᠣᠭ᠍ᠲᠠᠭᠠᠪᠠ᠃ ᠠᠵᠢᠯ ᠬᠢᠭᠡᠳ ᠥᠭᠡᠷᠡᠴᠢᠯᠡᠯᠲᠡ᠎ᠶ᠋ᠢᠨ ᠲᠥᠯᠥᠪᠯᠡᠭᠡ ᠶᠣᠰᠣᠭᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ 2026 ᠣᠨ᠎ᠤ 7 ᠰᠠᠷ᠎ᠠ᠎ᠳᠤ ᠡᠳ᠋᠎ᠦᠨ ᠵᠠᠰᠠᠭ᠎ᠤᠨ ᠡᠯᠧᠺᠲ᠋ᠷᠣᠨ ᠪᠠᠷᠢᠮᠲᠠ᠎ᠶ᠋ᠢ ᠮᠤᠵᠢ ᠠᠯᠤᠰᠯᠠᠨ ᠬᠠᠷᠢᠯᠴᠠᠨ ᠮᠡᠳᠡᠷᠡᠬᠦ᠌᠂ ᠮᠤᠵᠢ ᠠᠯᠤᠰᠯᠠᠨ ᠲᠠᠩᠰᠠ ᠲᠠᠢᠯᠬᠤ ᠴᠢᠳᠠᠮᠵᠢ᠎ᠶ᠋ᠢ ᠵᠢᠩᠬᠢᠨᠢ᠎ᠪᠡᠷ ᠠᠰᠢᠭᠯᠠᠯᠳᠡ ᠳ᠋ᠤ᠌ ᠤᠷᠤᠭᠤᠯᠬᠤ ᠪᠡᠷ ᠪᠠᠢᠵᠤ᠂ ᠪᠥᠬᠥ᠌ ᠤᠯᠤᠰ᠎ᠤᠨ ᠡᠯ᠎ᠡ ᠭᠠᠵᠠᠷ᠎ᠤᠨ ᠬᠠᠮᠢᠶ᠎ᠠ ᠪᠥᠬᠥᠶ ᠠᠵᠢᠯ᠎ᠢ ᠲᠦᠷᠭᠡᠳᠭᠡᠨ ᠠᠬᠢᠭᠤᠯᠬᠤ᠎ᠶ᠋ᠢ ᠳᠠᠭᠠᠯᠳᠤᠨ᠂ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠤᠭ᠍ᠰᠠᠨ᠎ᠤ ᠳᠠᠷᠠᠭ᠎ᠠ ᠂ ᠥᠪᠥᠷ ᠮᠣᠩᠭᠣᠯ ᠪᠥᠬᠥ᠌ ᠤᠯᠤᠰ᠎ᠤᠨ ᠪᠠᠷᠢᠮᠲᠠ᠎ᠶ᠋ᠢ ᠨᠢᠭᠡ ᠯᠡ ᠳᠠᠷᠤᠪᠴᠢ᠎ᠪᠠᠷ ᠴᠤᠭ᠍ᠯᠠᠭᠤᠯᠬᠤ᠎ᠶ᠋ᠢ ᠪᠡᠶᠡᠯᠡᠭᠦᠯᠵᠦ ᠂ ᠣᠯᠠᠨ ᠲᠦᠮᠡᠨ᠎ᠢ ᠲᠠᠩᠰᠠ ᠲᠠᠢᠯᠬᠤ᠎ᠳᠤ ᠨᠠᠩ ᠰᠠᠨᠠᠭ᠎ᠠ ᠠᠮᠤᠷ᠂ ᠰᠠᠯᠠᠭ᠎ᠠ ᠮᠥᠴᠢᠷ᠎ᠦᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠳᠦ ᠨᠠᠩ ᠦᠷ᠎ᠡ ᠪᠦᠲᠦᠮᠵᠢᠲᠡᠶ᠂ ᠡᠳ᠋᠎ᠦᠨ ᠵᠠᠰᠠᠭ᠎ᠤᠨ ᠬᠠᠮᠢᠶᠠᠷᠤᠯᠲᠠ᠎ᠶ᠋ᠢ ᠨᠠᠩ ᠵᠢᠷᠤᠮᠵᠢᠭᠤᠨ ᠪᠣᠯᠭᠠᠬᠤ ᠪᠣᠯᠤᠨ᠎ᠠ᠃