ᠦᠪᠦᠷ ᠮᠤᠡᠭᠭᠤᠯ 《ᠴᠢᠨᠠᠷ ᠰᠠᠢᠲᠠᠶ ᠳᠤᠮᠳᠠ ᠪᠠᠭ᠎ᠠ ᠠᠵᠤ ᠠᠬᠤᠢᠯᠠᠯ᠎ᠤᠨ ᠱᠠᠲᠤᠯᠢᠭ ᠬᠦᠭᠵᠢᠯᠳᠡ᠎ᠶᠢᠨ ᠬᠠᠮᠢᠶᠠᠷᠤᠯᠲᠠ᠎ᠶ᠋ᠢᠨ ᠠᠷᠭ᠎ᠠ》 ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠬᠢᠵᠡᠢ
2026-05-11 17:55:05
ᠵᠣᠬᠢᠶᠠᠭ᠍ᠴᠢ᠄
​ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠤᠢᠷ᠎ᠠ᠎ᠶᠢᠨ ᠡᠳᠦᠷ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠎ᠤ 2026 ᠣᠨ᠎ᠳᠤ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ 《ᠴᠢᠨᠠᠷ ᠰᠠᠢᠲᠠᠶ ᠳᠤᠮᠳᠠ ᠪᠠᠭ᠎ᠠ ᠠᠵᠤ ᠠᠬᠤᠢᠯᠠᠯ᠎ᠤᠨ ᠱᠠᠲᠤᠯᠢᠭ ᠬᠦᠭᠵᠢᠯᠳᠡ᠎ᠶ᠋ᠢᠨ ᠬᠠᠮᠢᠶᠠᠷᠤᠯᠲᠠ᠎ᠶ᠋ᠢᠨ ᠠᠷᠭ᠎ᠠ》  (ᠳᠣᠷᠣᠭ᠍ᠰᠢ 《ᠠᠷᠭ᠎ᠠ》  ᠭᠡᠵᠦ᠍ ᠲᠣᠪᠴᠢᠯᠠᠨ᠎ᠠ) ᠳ᠋ᠤ ᠭᠦᠨᠵᠡᠭᠡᠶ ᠲᠠᠢᠯᠤᠮᠵᠢ ᠬᠢᠵᠦ᠍᠂ ᠦᠪᠦᠷ ᠮᠤᠡᠭᠭᠤᠯ᠎ᠤᠨ ᠴᠢᠨᠠᠷ ᠰᠠᠢᠲᠠᠶ ᠳᠤᠮᠳᠠ ᠪᠠᠭ᠎ᠠ ᠠᠵᠤ ᠠᠬᠤᠢᠯᠠᠯ᠎ᠤᠨ ᠱᠠᠲᠤᠯᠢᠭ ᠬᠦᠭᠵᠢᠯᠳᠡ᠎ᠶ᠋ᠢᠨ ᠠᠵᠢᠯ᠎ᠢ ᠤᠯᠠᠮ ᠨᠢᠭᠡ ᠠᠯᠬᠤᠮ ᠴᠢᠩᠭᠠᠳᠭᠠᠵᠤ᠂ ᠨᠠᠩ ᠣᠯᠠᠨ ᠲᠤᠰᠭᠠᠶ ᠨᠠᠷᠢᠯᠢᠭ ᠣᠨᠴᠠ ᠱᠢᠨ᠎ᠡ ᠠᠵᠤ ᠠᠬᠤᠢᠯᠠᠯ᠎ᠢ ᠬᠥᠭ᠌ᠵᠢᠭᠡᠬᠦ᠎ᠶᠢᠨ ᠲᠦᠯᠦᠬᠡ᠂ ᠦᠪᠦᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ᠎ᠦᠨ ᠳᠤᠮᠳᠠ ᠪᠠᠭ᠎ᠠ ᠠᠵᠤ ᠠᠬᠤᠢᠯᠠᠯ᠎ᠤᠨ ᠲᠣᠪᠴᠢᠶ᠎ᠠ ᠬᠥᠬᠡᠬᠣᠲᠠ᠎ᠳᠤ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠎ᠶᠢᠨ ᠪᠣᠯᠪᠠᠰᠤᠷᠠᠯ ᠡᠷᠭᠢᠯᠡᠵᠠᠢ᠃ 

ᠪᠣᠯᠪᠠᠰᠤᠷᠠᠯ ᠨᠢ 《ᠠᠷᠭ᠎ᠠ》 ᠶ᠋ᠢᠨ ᠲᠣᠭᠣᠷᠢᠨ᠎ᠳᠤ ᠵᠤᠷᠪᠤᠰ ᠳᠠᠷᠠᠭᠠᠯᠠᠨ ᠲᠠᠢᠯᠤᠮᠵᠢ ᠬᠢᠵᠦ᠂ ᠮᠠᠭᠠᠳᠯᠠᠨ ᠲᠣᠭ᠍ᠲᠠᠭᠠᠬᠤ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ᠌ ᠨᠥᠬᠥᠴᠡᠯ᠂ ᠭᠤᠤᠯ ᠭᠦᠶ᠋ᠴᠡᠳᠭᠡᠯ ᠲᠣᠭ᠎ᠠ (ᠰᠤᠳᠤᠯᠤᠨ ᠨᠡᠭᠡᠭᠡᠬᠦ᠌ ᠣᠷᠣᠭᠤᠯᠤᠯᠲᠠ᠂ ᠮᠡᠳᠡᠯᠭᠡ᠎ᠶ᠋ᠢᠨ ᠪᠦᠲᠦᠭᠡᠭ᠌ᠳᠡᠬᠦᠨ᠎ᠦ ᠥᠮᠴᠢᠯᠡᠯ᠎ᠤᠨ ᠡᠷᠬᠡ᠂ ᠵᠠᠬ᠎ᠠ ᠳᠡᠯᠭᠡᠭᠦᠷ᠎ᠦᠨ ᠡᠵᠡᠯᠡᠬᠦ᠌ ᠨᠣᠷᠮ᠎ᠠ) ᠵᠡᠷᠭᠡ ᠵᠠᠩᠭᠢᠯᠠᠭ᠎ᠠ᠎ᠶ᠋ᠢᠨ ᠠᠭᠤᠯᠭ᠎ᠠ᠎ᠳᠤ ᠭᠦᠨᠵᠡᠭᠡᠶ ᠵᠠᠳᠠᠯᠤᠯᠲᠠ ᠬᠢᠵᠦ᠍᠂ ᠥᠷᠭᠡᠨ ᠣᠯᠠᠨ ᠳᠤᠮᠳᠠ ᠪᠠᠭ᠎ᠠ ᠠᠵᠤ ᠠᠬᠤᠢᠯᠠᠯᠳᠡᠨ᠎ᠳᠤ ᠣᠢᠯᠠᠭᠠᠭᠤᠯᠵᠤ ᠣᠨᠣᠪᠴᠢᠲᠠᠶ ᠡᠵᠡᠮᠱᠢᠭᠦᠯᠵᠠᠢ᠃ ᠡᠭᠦᠨ᠎ᠦ ᠬᠠᠮᠲᠤ ᠪᠣᠯᠪᠠᠰᠤᠷᠠᠯ᠎ᠨᠢ ᠠᠵᠤ ᠠᠬᠤᠢᠯᠠᠯ᠎ᠤᠨ ᠭᠤᠶᠤᠴᠢᠯᠠᠨ ᠮᠡᠳᠡᠭᠦᠯᠬᠦ᠌ ᠡᠮᠵᠡᠭ ᠲᠠᠯ᠎ᠠ᠎ᠲᠠᠶ ᠤᠶᠠᠯᠳᠤᠭᠤᠯᠤᠨ᠂ ᠬᠡᠷᠡᠭ᠎ᠦᠨ ᠵᠢᠱ᠌ᠢᠶ᠎ᠡ ᠵᠢᠴᠢ ᠪᠣᠳᠠᠲᠠᠶ ᠬᠢᠬᠦ᠌ ᠬᠡᠯᠪᠡᠷᠢ᠎ᠪᠡᠷ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠤᠨ ᠪᠡᠯᠡᠳᠭᠡᠯ᠂ ᠱᠢᠰᠲ᠋ᠧᠮ᠎ᠦᠨ ᠲᠠᠭ᠍ᠯᠠᠨ ᠮᠡᠳᠡᠭᠦᠯᠬᠦ᠌᠂ ᠬᠢᠨᠠᠨ ᠬᠠᠷᠭᠤᠭᠤᠯᠬᠤ ᠭᠤᠤᠯᠳᠠᠯᠭ᠎ᠠ ᠵᠡᠷᠭᠡ ᠪᠥᠬᠥ᠌ ᠶᠠᠪᠤᠴᠠ᠎ᠶ᠋ᠢ ᠨᠠᠷᠢᠨ ᠵᠠᠳᠠᠯᠵᠤ᠂ ᠥᠩᠭᠡᠷᠡᠭ᠌ᠰᠡᠨ ᠵᠢᠯ᠎ᠳᠦ ᠭᠤᠶᠤᠴᠢᠯᠠᠨ ᠮᠡᠳᠡᠭᠦᠯᠬᠦ᠌᠎ᠳᠦ ᠪᠠᠢᠩᠭᠤ ᠲᠣᠬᠢᠶᠠᠯᠳᠤᠳᠠᠭ ᠮᠠᠲ᠋ᠧᠷᠢᠶᠠᠯ᠎ᠤᠨ ᠯᠣᠭᠢᠭ᠎ᠨᠢ ᠲᠣᠳᠣᠷᠬᠠᠢ ᠪᠤᠰᠤ᠂ ᠭᠡᠷᠡᠴᠢ ᠪᠣᠯᠬᠤ ᠦᠨᠳᠦᠰᠦᠯᠡᠯ᠎ᠨᠢ ᠭᠦᠶ᠋ᠴᠡᠳ ᠪᠤᠰᠤ᠂ ᠭᠦᠶ᠋ᠴᠡᠳᠭᠡᠯ ᠲᠣᠭ᠎ᠠ᠎ᠶ᠋ᠢᠨ ᠣᠢᠯᠠᠭᠠᠯᠲᠠ᠎ᠶ᠋ᠢᠨ ᠵᠥᠷᠢᠶ᠎ᠡ ᠵᠡᠷᠭᠡ ᠠᠰᠠᠭᠤᠳᠠᠯ᠎ᠲᠠᠶ ᠤᠶᠠᠯᠳᠤᠭᠤᠯᠤᠨ ᠭᠦᠨᠵᠡᠭᠡᠶ ᠵᠠᠳᠠᠯᠤᠯᠲᠠ ᠬᠢᠵᠠᠢ᠃

ᠦᠪᠦᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ᠎ᠦᠨ ᠳᠤᠮᠳᠠ ᠪᠠᠭ᠎ᠠ ᠠᠵᠤ ᠠᠬᠤᠢᠯᠠᠯ᠎ᠤᠨ ᠲᠣᠪᠴᠢᠶ᠎ᠠ ᠨᠢ ᠲᠣᠰ ᠤᠳᠠᠭ᠎ᠠ᠎ᠶ᠋ᠢᠨ ᠪᠣᠯᠪᠠᠰᠤᠷᠠᠯ᠎ᠢᠶᠠᠷ ᠠᠵᠠ ᠲᠣᠬᠢᠶᠠᠯ ᠪᠣᠯᠭᠠᠵᠤ᠂ ᠠᠵᠤ ᠠᠬᠤᠢᠯᠠᠯ᠎ᠤᠨ ᠦᠶ᠋ᠯᠡᠴᠢᠯᠡᠭᠡ ᠎ᠶ᠋ᠢ ᠦᠷᠭᠦᠯᠵᠢᠯᠡᠨ ᠱᠢᠯᠢᠳᠡᠭ᠌ᠵᠢᠭᠦᠯᠬᠦ ᠪᠡᠷ ᠪᠤᠢ᠃  ᠪᠠᠢ᠌ᠩᠭᠤᠵᠢᠭ᠍ᠰᠠᠨ ᠲᠥᠷᠥ᠎ᠶ᠋ᠢᠨ ᠪᠣᠳᠣᠯᠭ᠎ᠠ᠎ᠶ᠋ᠢ ᠲᠠᠢᠯᠪᠤᠷᠢᠯᠠᠬᠤ ᠪᠣᠯᠪᠠᠰᠤᠷᠠᠯ᠎ᠤᠨ ᠲᠣᠭ᠍ᠲᠠᠴᠠ᠎ᠶ᠋ᠢ ᠪᠠᠢᠭᠤᠯᠵᠤ᠂ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠱᠢᠭᠤᠤᠨ ᠤᠢᠯᠠᠭᠠᠵᠦ᠍ ᠲᠦᠷᠭᠡᠨ ᠡᠳ᠋ᠯᠡᠬᠦ᠌᠎ᠶ᠋ᠢ ᠦᠨᠡᠨ ᠬᠦ᠌ ᠪᠠᠲᠤᠯᠠᠨ᠎ᠠ᠃  ᠴᠢᠨᠠᠷ ᠰᠠᠢᠲᠠᠶ ᠳᠤᠮᠳᠠ ᠪᠠᠭ᠎ᠠ ᠠᠵᠤ ᠠᠬᠤᠢᠯᠠᠯ᠎ᠢ ᠬᠦᠭᠵᠢᠬᠦᠯᠬᠦ ᠡᠷᠴᠢᠮ᠎ᠢᠶᠡᠨ ᠴᠢᠩᠭᠠᠷᠠᠭᠤᠯᠵᠤ᠂ ᠴᠢᠨᠠᠷ ᠰᠠᠢᠲᠠᠶ ᠳᠤᠮᠳᠠ ᠪᠠᠭ᠎ᠠ ᠠᠵᠤ ᠠᠬᠤᠢᠯᠠᠯ ᠎ᠢ ᠬᠦᠭᠵᠢᠬᠦᠯᠬᠦ ᠱᠢᠰᠲ᠋ᠧᠮ ᠎ᠢ ᠲᠡᠭᠦᠯᠳᠡᠷᠵᠢᠭᠦᠯᠵᠦ᠍᠂ ᠲᠤᠰᠭᠠᠶ ᠨᠠᠷᠢᠯᠢᠭ ᠣᠨᠴᠠ ᠱᠢᠨ᠎ᠡ ᠳᠤᠮᠳᠠ ᠪᠠᠭ᠎ᠠ ᠠᠵᠤ ᠠᠬᠤᠢᠯᠠᠯ᠎ᠤᠨ ᠬᠥᠭ᠌ᠵᠢᠨ ᠪᠤᠵᠠᠭᠠᠢᠷᠠᠬᠤ᠎ᠶ᠋ᠢ ᠠᠬᠢᠭᠤᠯᠬᠤ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠨᠠᠩ ᠣᠯᠠᠨ ᠳᠤᠮᠳᠠ ᠪᠠᠭ᠎ᠠ ᠠᠵᠤ ᠠᠬᠤᠢᠯᠠᠯ᠎ᠤᠨ ᠲᠤᠰᠭᠠᠶ ᠨᠠᠷᠢᠯᠢᠭ ᠣᠨᠴᠠ ᠱᠢᠨ᠎ᠡ ᠠᠵᠦ ᠠᠬᠤᠢᠯᠠᠯ᠎ᠤᠨ ᠵᠠᠮ᠎ᠢᠶᠠᠷ ᠵᠠᠮᠨᠠᠬᠤ᠎ᠶ᠋ᠢ ᠠᠬᠢᠭᠤᠯᠤᠨ᠎ᠠ᠃ ᠦᠶ᠋ᠯᠡᠴᠢᠯᠡᠭᠡᠨ᠎ᠦ ᠠᠷᠭ᠎ᠠ ᠬᠡᠮᠵᠢᠶ᠎ᠡ ᠪᠠᠨ ᠱᠢᠯᠢᠳᠡᠭ᠌ᠵᠢᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠬᠠᠮᠵᠢᠯᠴᠠᠨ ᠬᠦᠴᠦᠯᠡᠬᠦ᠌᠎ᠶ᠋ᠢ ᠴᠢᠩᠭᠠᠳᠭᠠᠵᠤ᠂ ᠠᠵᠤ ᠠᠬᠤᠢᠯᠠᠯ᠎ᠤᠨ ᠮᠡᠷᠭᠡᠵᠢᠯ᠎ᠦᠨ ᠲᠠᠰ ᠳᠡᠪᠱᠢᠬᠦ᠌᠂ ᠲᠣᠭᠠᠴᠢᠯᠠᠯᠲᠠ ᠳᠠᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠬᠦᠴᠦᠨ ᠨᠡᠮᠡᠷᠢᠯᠡᠵᠦ᠍᠂ ᠨᠠᠩ ᠣᠯᠠᠨ ᠳᠤᠮᠳᠠ ᠪᠠᠭ᠎ᠠ ᠠᠵᠤ ᠠᠬᠤᠢᠯᠠᠯ᠎ᠤᠨ ᠲᠤᠰᠭᠠᠢᠵᠢᠬᠤ᠂ ᠨᠠᠷᠢᠯᠢᠬ᠍ᠵᠢᠬᠤ ᠳᠠᠢᠰᠢ ᠬᠥᠭ᠌ᠵᠢᠬᠦ᠌᠎ᠶ᠋ᠢ ᠠᠬᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号