ᠠᠩᠬᠠᠳᠤᠭᠠᠷ ᠬᠤᠭᠤᠴᠠᠭᠠᠨ ᠤ᠋ ᠦᠷᠡᠵᠢᠯ ᠰᠠᠢᠲᠠᠶ ᠬᠣᠨᠢᠨ ᠤ᠋ ᠣᠲᠣ ᠦᠶ᠎ᠠ ᠵᠢᠨ ᠡᠭᠦᠯᠳᠡᠷ ᠪᠣᠢᠵᠢᠭᠤᠯᠬᠤ ᠪᠠ ᠲᠡᠵᠢᠭᠡᠨ ᠦᠷᠡᠵᠢᠭᠦᠯᠬᠦ᠌ ᠮᠡᠷᠭᠡᠵᠢᠯ ᠤ᠋ᠨ ᠰᠤᠳᠤᠯᠤᠨ ᠶᠠᠷᠢᠯᠴᠠᠬᠤ ᠬᠤᠷᠠᠯ ᠬᠦᠬᠡᠬᠤᠳᠠ ᠳ᠋ᠤ ᠶᠠᠪᠤᠭᠳᠠᠪᠠ
2026-05-11 11:39:07
ᠵᠣᠬᠢᠶᠠᠭ᠍ᠴᠢ᠄
​ ᠬᠦᠭᠵᠢᠯᠳᠦ ᠴᠤᠪᠤᠭᠤ
ᠣᠩᠱᠢᠭ᠍ᠰᠠᠨ ᠣᠳᠠᠭ᠎ᠠ᠄
★★★☆☆

5 ᠰᠠᠷ᠎ᠠ ᠶ᠋ᠢᠨ 9 ᠤ᠋ ᠡᠳᠦᠷ᠂ ᠠᠩᠬᠠᠳᠤᠭᠠᠷ ᠬᠤᠭᠤᠴᠠᠭᠠᠨ ᠤ᠋ ᠦᠷᠡᠵᠢᠯ ᠰᠠᠢᠲᠠᠶ ᠬᠣᠨᠢᠨ ᠤ᠋ ᠣᠲᠣ ᠦᠶ᠎ᠠ ᠵᠢᠨ ᠡᠭᠦᠯᠳᠡᠷ ᠪᠣᠢᠵᠢᠭᠤᠯᠬᠤ ᠪᠠ ᠲᠡᠵᠢᠭᠡᠨ ᠦᠷᠡᠵᠢᠭᠦᠯᠬᠦ᠌ ᠮᠡᠷᠭᠡᠵᠢᠯ ᠤ᠋ᠨ ᠰᠤᠳᠤᠯᠤᠨ ᠶᠠᠷᠢᠯᠴᠠᠬᠤ ᠬᠤᠷᠠᠯ ᠵᠢᠴᠢ ᠦᠪᠡᠷᠳᠡᠭᠡᠨ ᠵᠠᠰᠠᠬᠤ ᠤᠷᠤᠨ ᠤ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠠ ᠡᠬᠦᠳᠦᠯᠳᠡ ᠶ᠋ᠢᠨ ᠴᠢᠬᠤᠯᠠ ᠶᠡᠬᠡ ᠵᠢᠱ᠌ᠢᠶ᠎ᠠ ᠦᠵᠡᠬᠦᠯᠬᠦ ᠲᠦᠷᠦᠯ ᠵᠦᠢᠯ ᠪᠤᠯᠬᠤ 《ᠢᠬᠡᠷ᠎ᠠ ᠲᠦᠯᠯᠡᠳᠡᠭ ᠦᠵᠦᠮᠦᠴᠢᠨ ᠬᠤᠨᠢ ᠪᠤᠯᠤᠨ ᠰᠦᠨᠢᠳ ᠬᠤᠨᠢ ᠵᠢᠨ ᠰᠢᠨ᠎ᠠ ᠤᠳᠤᠮ ᠤ᠋ᠨ ᠴᠢᠬᠤᠯᠠ ᠶᠡᠬᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠦᠷ᠎ᠠ ᠪᠦᠳᠦᠭᠡᠯ ᠢ᠋ ᠤᠨᠳᠤᠤᠰᠢᠭᠤᠯᠬᠤ ᠵᠢᠱ᠌ᠢᠶ᠎ᠠ ᠦᠵᠡᠬᠦᠯᠬᠦ ᠲᠦᠷᠦᠯ ᠵᠦᠢᠯ》 ᠢ᠋ ᠠᠬᠢᠭᠤᠯᠬᠤ ᠬᠤᠷᠠᠯ ᠬᠥᠬᠡᠬᠣᠲᠠ ᠳ᠋ᠦ ᠶᠠᠪᠤᠭᠳᠠᠪᠠ᠃

ᠥᠪᠥᠷ ᠮᠣᠩᠭᠣᠯ ᠤ᠋ᠨ ᠶᠡᠬᠡ ᠰᠤᠷᠭᠠᠭᠤᠯᠢ᠂ ᠰᠢᠯᠢ ᠵᠢᠨ ᠭᠤᠤᠯ ᠠᠢᠮᠠᠭ ᠤ᠋ᠨ ᠵᠡᠭᠦᠨ ᠦᠵᠦᠮᠦᠴᠢᠨ ᠬᠣᠱᠢᠭᠤᠨ ᠤ᠋ ᠬᠡᠱᠢᠭ ᠮᠠᠯ ᠠᠵᠤ ᠠᠬᠤᠶ ᠶ᠋ᠢᠨ ᠬᠥᠭ᠌ᠵᠢᠬᠦᠯᠦᠯᠲᠡ ᠶ᠋ᠢᠨ ᠺᠣᠮᠫᠠᠨᠢ ᠡᠴᠡ ᠭᠤᠤᠯᠯᠠᠨ ᠡᠷᠭᠢᠯᠡᠭᠰᠡᠨ ᠲᠤᠰ ᠬᠤᠷᠠᠯ ᠨᠢ ᠣᠷᠣᠨ ᠨᠤᠲᠤᠭ ᠤ᠋ᠨ ᠰᠠᠢᠨ ᠡᠭᠦᠯᠳᠡᠷ ᠤ᠋ᠨ ᠮᠢᠬᠠᠨ ᠤ᠋ ᠬᠣᠨᠢ ᠵᠢᠨ ᠦᠷ᠎ᠠ ᠵᠢᠨ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ ᠵᠠᠩᠭᠢᠯᠠᠭ᠎ᠠ ᠶ᠋ᠢᠨ ᠮᠡᠷᠭᠡᠵᠢᠯ ᠤ᠋ᠨ ᠪᠣᠭᠣᠮᠲᠠ ᠱᠢᠪᠲᠤᠯᠤᠯᠳᠠ ᠪᠠ ᠦᠷ᠎ᠡ ᠪᠦᠲᠦᠭᠡᠯ ᠢ᠋ ᠤᠨᠳᠤᠤᠰᠢᠭᠤᠯᠬᠤ ᠪᠡᠷ ᠭᠤᠤᠯᠳᠠᠯᠭ᠎ᠠ ᠪᠤᠯᠭᠠᠨ᠂ ᠥᠪᠥᠷ ᠮᠣᠩᠭᠣᠯ ᠤ᠋ᠨ ᠪᠡᠯᠴᠢᠬᠡᠷ ᠤ᠋ᠨ ᠮᠠᠯ ᠠᠵᠤ ᠠᠬᠤᠶ ᠶ᠋ᠢᠨ ᠴᠢᠨᠠᠷ ᠰᠠᠢᠲᠠᠶ ᠬᠥᠭ᠌ᠵᠢᠯᠲᠡ ᠳ᠋ᠦ ᠱᠢᠨ᠎ᠡ ᠡᠷᠴᠢ ᠬᠦᠴᠦᠨ ᠨᠡᠮᠡᠷᠢᠯᠡᠪᠡ᠃ ᠬᠤᠷᠠᠯ ᠳ᠋ᠦ ᠣᠷᠣᠯᠴᠠᠭ᠍ᠰᠠᠨ ᠲᠤᠰᠭᠠᠶ ᠮᠡᠷᠭᠡᠵᠢᠯᠲᠡᠳ《ᠢᠬᠡᠷ᠎ᠠ ᠲᠦᠯᠯᠡᠳᠡᠭ ᠮᠢᠬᠠᠨ ᠤ᠋ ᠬᠣᠨᠢ ᠶ᠋ᠢᠨ ᠱᠢᠨ᠎ᠡ ᠤᠳᠤᠮ ᠢ᠋ ᠪᠣᠢᠵᠢᠭᠤᠯᠬᠤ ᠵᠢᠴᠢ ᠡᠭᠦᠯᠳᠡᠷ ᠤ᠋ᠨ ᠣᠨᠴᠠᠯᠢᠭ ᠱᠢᠨᠵᠢ ᠶ᠋ᠢᠨ ᠵᠠᠳᠠᠯᠤᠯᠲᠠ》᠂ 《ᠦᠷᠡᠵᠢᠯ ᠰᠠᠢᠳᠠᠢ ᠬᠤᠨᠢᠨ ᠤ᠋ ᠱᠢᠨ᠎ᠡ ᠤᠳᠤᠮ ᠢ᠋ ᠪᠣᠢᠵᠢᠭᠤᠯᠬᠤ ᠬᠢᠭᠡᠳ ᠨᠠᠷᠢᠯᠢᠬ ᠣᠨᠣᠴᠠᠲᠠᠶ ᠪᠡᠷ ᠱᠢᠮ᠎ᠡ ᠲᠡᠵᠢᠭᠡᠯ ᠦᠭᠬᠦ ᠮᠡᠷᠭᠡᠵᠢᠯ》᠂《ᠤᠯᠠᠮᠵᠢᠯᠠᠯᠳᠦ ᠪᠡᠯᠴᠢᠬᠡᠷ ᠤ᠋ᠨ ᠬᠤᠨᠢ ᠵᠢᠨ ᠦᠶ᠋ᠯᠡᠳᠪᠦᠷᠢᠯᠡᠯ ᠤ᠋ᠨ ᠠᠷᠭ᠎ᠠ ᠬᠡᠯᠪᠡᠷᠢ ᠶ᠋ᠢ ᠬᠤᠪᠢᠷᠠᠭᠤᠯᠬᠤ ᠵᠠᠩᠭᠢᠯᠠᠭ᠎ᠠ ᠶ᠋ᠢᠨ ᠮᠡᠷᠭᠡᠵᠢᠯ》 ᠵᠡᠷᠭᠡ ᠭᠤᠤᠯ ᠰᠡᠳᠦᠪ ᠤ᠋ᠨ ᠲᠣᠭᠣᠷᠢᠨ ᠳ᠋ᠦ ᠭᠦᠨᠵᠡᠭᠡᠶ ᠰᠣᠯᠢᠯᠴᠠᠭ᠎ᠠ ᠥᠷᠨᠢᠭᠦᠯᠤᠨ᠂ ᠦᠷᠡᠵᠢᠯ ᠰᠠᠢᠳᠠᠢ ᠬᠣᠨᠢᠨ ᠤ᠋ ᠤᠳᠤᠮ ᠢ᠋ ᠪᠣᠢᠵᠢᠭᠤᠯᠬᠤ ᠪᠠ ᠲᠡᠵᠢᠭᠡᠨ ᠦᠷᠡᠵᠢᠭᠦᠯᠬᠦ᠌ ᠮᠡᠷᠭᠡᠵᠢᠯ ᠤ᠋ᠨ ᠦᠷ᠎ᠡ ᠪᠦᠲᠦᠭᠡᠯ ᠢ᠋ ᠱᠢᠰᠲ᠋ᠧᠮ ᠲᠡᠶ ᠳ᠋ᠦᠩᠨᠡᠵᠦ᠍᠂ ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠡᠬᠦᠳᠦᠯᠳᠡ ᠵᠢᠨ ᠴᠢᠬᠤᠯᠠ ᠶᠡᠬᠡ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠢ᠋ ᠨᠡᠩ ᠰᠠᠢᠳᠤᠷ ᠨᠠᠢᠳᠠᠪᠤᠷᠢᠵᠢᠭᠤᠯᠤᠨ ᠬᠡᠷᠡᠭ᠌ᠵᠢᠭᠦᠯᠬᠦ᠌ ᠠᠷᠭ᠎ᠠ ᠵᠠᠮ ᠢ᠋ ᠬᠠᠮᠳᠤ ᠪᠡᠷ ᠰᠦᠪᠡᠭᠴᠢᠯᠡᠭᠰᠡᠨ ᠪᠠᠢᠨ᠎ᠠ᠃

ᠮᠤᠩᠭᠤᠯ ᠬᠤᠨᠢ ᠵᠢᠨ ᠢᠬᠡᠷᠡᠯᠡᠬᠦ ᠨᠤᠷᠮ᠎ᠠ ᠮᠠᠰᠢ ᠲᠤᠤᠷ᠎ᠠ ᠪᠠᠢᠵᠤ᠂ ᠶᠡᠷᠤ ᠨᠢ 1% — 3% ᠯᠡ ᠬᠦᠷᠳᠡᠭ᠃ 2015 ᠣᠨ ᠳ᠋ᠦ ᠥᠪᠥᠷ ᠮᠣᠩᠭᠣᠯ ᠤ᠋ᠨ ᠶᠡᠬᠡ ᠰᠤᠷᠭᠠᠭᠤᠯᠢ ᠰᠢᠯᠢ ᠵᠢᠨ ᠭᠤᠤᠯ ᠠᠢᠮᠠᠭ ᠲᠠᠢ ᠬᠠᠮᠲᠤᠷᠠᠨ ᠮᠤᠨᠭᠭᠤᠯ ᠬᠤᠨᠢ ᠵᠢᠨ ᠦᠷᠡᠵᠢᠯ ᠤ᠋ᠨ ᠴᠢᠳᠠᠪᠤᠷᠢ ᠵᠢ ᠲᠠᠬᠡᠭᠰᠢᠯᠡᠬᠦᠯᠬᠦ ᠵᠠᠩᠭᠢᠯᠠᠭ᠎ᠠ ᠵᠢᠨ ᠮᠡᠷᠭᠡᠵᠢᠯ ᠤ᠋ᠨ ᠪᠤᠭᠤᠮᠳᠠ ᠱᠢᠪᠲᠤᠯᠬᠤ ᠰᠤᠳᠤᠯᠭᠠᠨ ᠤ᠋ ᠠᠵᠢᠯ ᠢ᠋ ᠡᠬᠢᠯᠡᠭᠦᠯᠵᠦ᠂ ᠲᠥᠷᠥᠯ ᠵᠦᠶ᠋ᠯ ᠤ᠋ᠨ ᠳᠤᠭᠤᠢᠯᠠᠩ ᠤ᠋ᠨ ᠬᠢᠨ 10 ᠵᠢᠯ ᠤ᠋ᠨ ᠬᠤᠭᠤᠴᠠᠭᠠᠨ ᠳ᠋ᠦ ᠬᠡᠳᠦᠨ ᠠᠷᠪᠠᠨ ᠲᠦᠮᠡᠨ ᠺᠢᠯᠣᠮᠧᠲ᠋ᠷ ᠠᠶᠠᠯᠠᠨ᠂ ᠰᠥᠨᠢᠳ ᠬᠣᠨᠢ᠂ ᠦᠵᠦᠮᠦᠴᠢᠨ ᠬᠣᠨᠢ᠂ ᠬᠦᠯᠦᠨ ᠪᠤᠢᠷ ᠬᠤᠨᠢ ᠵᠡᠷᠭᠡ ᠢᠬᠡᠷᠡᠯᠡᠭᠰᠡᠨ ᠪᠤᠶᠤ ᠤᠯᠠᠨ ᠲᠦᠯᠯᠡᠭᠰᠡᠨ ᠤᠯᠤᠰ ᠤ᠋ᠨ ᠳᠣᠲᠣᠭᠠᠳᠤ ᠭᠠᠳᠠᠭᠠᠳᠤ ᠵᠢᠨ 44 ᠮᠢᠬᠠᠨ ᠤ᠋ ᠬᠣᠨᠢ ᠵᠢᠨ ᠡᠭᠦᠯᠳᠡᠷ ᠤ᠋ᠨ 2000 ᠭᠠᠷᠤᠶ ᠬᠤᠪᠢ ᠭᠧᠨ ᠤ᠋ ᠥᠯᠢᠭᠡᠷ ᠡᠳ᠋ ᠢ᠋ ᠴᠤᠭ᠍ᠯᠠᠭᠤᠯᠤᠭᠰᠠᠨ ᠪᠦᠬᠡᠳ ᠮᠣᠩᠭᠣᠯ ᠬᠣᠨᠢ ᠳ᠋ᠦ ᠦᠷᠡᠵᠢᠯ ᠰᠠᠢᠳᠠᠢ ᠤᠳᠤᠮ ᠤ᠋ᠨ ᠭᠧᠨ(FecB)ᠠᠭᠤᠯᠤᠭ᠍ᠳᠠᠵᠤ ᠪᠠᠢᠬᠤ ᠵᠢ ᠠᠩᠬ᠎ᠠ ᠤᠳᠠᠭ᠎ᠠ ᠭᠡᠷᠡᠴᠢᠯᠡᠵᠤ᠂ ᠮᠣᠩᠭᠣᠯ ᠬᠣᠨᠢ ᠵᠢᠨ ᠣᠨᠴᠠᠭᠠᠶ ᠦᠷᠡᠵᠢᠯ ᠤ᠋ᠨ ᠴᠢᠳᠠᠪᠤᠷᠢ ᠪᠥᠬᠥᠶ 10 ᠭᠠᠷᠤᠶ ᠵᠢᠱ᠌ᠢᠮᠠᠯ ᠭᠧᠨ ᠪᠤᠯᠤᠨ 20 ᠭᠠᠷᠤᠶ ᠬᠧᠨ ᠤ᠋ ᠬᠤᠪᠢᠰᠤᠯᠳᠠ ᠵᠢᠨ ᠴᠡᠭ ᠢ᠋ ᠢᠯᠡᠷᠡᠬᠦᠯᠵᠠᠢ᠃ ᠲᠡᠷᠡ ᠮᠦᠷᠳᠡᠬᠡᠨ ᠪᠥᠬᠥ᠌ ᠳᠡᠯᠡᠬᠡᠶ ᠵᠢᠨ ᠠᠩᠬᠠᠳᠠᠭ᠍ᠴᠢ ᠮᠣᠩᠭᠣᠯ ᠬᠣᠨᠢ ᠵᠢᠨ ᠦᠷᠡᠵᠢᠯ ᠤ᠋ᠨ ᠭᠧᠨ ᠢ᠋ ᠱᠢᠯᠭᠠᠨ ᠪᠠᠢᠴᠠᠭᠠᠬᠤ ᠳᠤᠤᠷ᠎ᠠ ᠨᠢᠭ᠍ᠲᠠᠴᠠ ᠪᠦᠬᠦᠢ SNP ᠭᠧᠨ ᠤ᠋ ᠴᠢᠫ ᠢ᠋ ᠪᠡᠶ᠎ᠡ ᠪᠡᠨ ᠳᠠᠭᠠᠭᠠᠨ ᠰᠤᠳᠤᠯᠤᠨ ᠦᠶ᠋ᠯᠡᠳᠴᠦ᠍᠂ ᠦᠨᠳᠤᠷ ᠪᠦᠳᠦᠮᠵᠢᠳᠠᠢ ᠪᠡᠷ ᠦᠷᠡᠵᠢᠬᠦᠯᠦᠨ ᠪᠤᠢᠵᠢᠭᠤᠯᠬᠤ ᠮᠡᠷᠬᠡᠵᠢᠯ ᠤ᠋ᠨ ᠰᠢᠰᠲᠸᠮ ᠢ᠋ ᠪᠠᠢᠭᠤᠯᠪᠠ᠃

ᠲᠣᠰ ᠰᠤᠳᠤᠯᠤᠨ ᠶᠠᠷᠢᠯᠴᠠᠬᠤ ᠬᠤᠷᠠᠯ ᠪᠤᠯ ᠡᠮᠦᠨᠡᠬᠢ ᠬᠤᠭᠤᠴᠠᠭᠠᠨ ᠤ᠋ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠦᠷ᠎ᠡ ᠪᠦᠲᠦᠭᠡᠯ ᠤ᠋ᠨ ᠲᠤᠬᠠᠶ ᠳ᠋ᠦᠩᠨᠡᠯᠲᠡ ᠰᠣᠯᠢᠯᠴᠠᠭ᠎ᠠ ᠪᠣᠯᠬᠤ ᠪᠦᠬᠡᠳ ᠨᠡᠩ ᠴᠦ᠍ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠪᠤᠳᠠᠳᠠᠢ ᠳ᠋ᠤ ᠨᠠᠢᠳᠠᠪᠤᠷᠢᠵᠢᠭᠤᠯᠬᠤ᠂ ᠮᠢᠬᠠᠨ ᠤ᠋ ᠬᠣᠨᠢ ᠵᠢᠨ ᠠᠵᠤ ᠦᠶ᠋ᠯᠡᠰ ᠤ᠋ᠨ ᠦᠪᠡᠷ ᠤ᠋ᠨ ᠦᠷᠳᠡᠭ ᠢ᠋ ᠪᠠᠭᠤᠷᠠᠭᠤᠯᠤᠨ ᠦᠷ᠎ᠡ ᠠᠱᠢᠭ ᠢ᠋ ᠨᠡᠮᠡᠭ᠌ᠳᠡᠭᠦᠯᠬᠦ᠌ ᠳ᠋ᠦ ᠬᠦᠴᠦᠨ ᠨᠡᠮᠡᠷᠢᠯᠡᠬᠦ᠌᠂ ᠦᠷ᠎ᠡ ᠶ᠋ᠢᠨ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ ᠪᠠ ᠨᠤᠲᠤᠭ ᠪᠡᠯᠴᠢᠭᠡᠷ ᠤ᠋ᠨ ᠠᠮᠢ ᠠᠬᠤᠶ ᠶ᠋ᠢ ᠬᠠᠮᠠᠭᠠᠯᠠᠬᠤ ᠠᠷᠭ᠎ᠠ ᠬᠡᠮᠵᠢᠶ᠎ᠡ ᠪᠠᠢᠵᠦ᠂ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠶ ᠶ᠋ᠢᠨ ᠠᠮᠤᠷ ᠲᠦᠪᠱᠢᠨ ᠤ᠋ ᠬᠠᠯᠬᠠᠪᠴᠢ ᠪᠠ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨ ᠤ᠋ ᠪᠥᠲᠥᠭᠡᠨ ᠪᠠᠢᠭᠤᠯᠤᠯᠳᠠ ᠳ᠋ᠦ ᠪᠦᠷ ᠴᠢᠬᠤᠯᠠ ᠠᠴᠢ ᠬᠤᠯᠪᠤᠭᠳᠠᠯ ᠲᠠᠢ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号