2025 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢᠴᠢ᠎ᠶᠢᠨ ᠨᠡᠢᠭᠡᠮᠯᠢᠭ 15 ᠬᠤᠭᠤᠴᠠᠭ᠎ᠠ《ᠤᠮᠠᠷᠠᠲᠤ ᠬᠢᠯᠢ᠎ᠶᠢᠨ ᠬᠠᠤᠯᠢᠴᠢ᠎ᠶᠢᠨ ᠶᠡᠬᠡ ᠬᠢᠴᠢᠶᠡᠯ᠎ᠦᠨ ᠲᠠᠩᠬᠢᠮ》 ᠢ᠋ ᠡᠷᠬᠢᠯᠡᠵᠦ᠂ ᠪᠦᠬᠦ ᠣᠷᠣᠨ᠎ᠤ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠢ᠋ᠢᠨ ᠪᠣᠯᠪᠠᠰᠤᠷᠠᠯ᠎ᠳᠤ ᠨᠡᠢ᠍ᠢᠳᠡ 1.3 ᠲᠦᠮᠡᠨ ᠬᠥᠮᠥᠨ ᠤᠳᠠᠭ᠎ᠠ ᠣᠷᠣᠯᠴᠠᠪᠠ᠃ ᠶᠡᠬᠡ ᠬᠢᠴᠢᠶᠡᠯ᠎ᠦᠨ ᠲᠠᠩᠬᠢᠮ ᠨᠢ ᠰᠦᠯᠵᠢᠶᠡᠨ ᠳᠡᠭᠡᠷᠡᠬᠢ ᠪᠠ ᠪᠤᠳᠠᠳᠦ ᠴᠤᠬᠴᠠ ᠵᠢ ᠠᠭᠤᠰᠤᠯᠴᠠᠭᠤᠯᠬᠤ᠂ ᠭᠣᠣᠯ ᠬᠤᠷᠠᠯ᠎ᠤᠨ ᠲᠠᠯᠠᠪᠠᠢ ᠪᠠ ᠬᠤᠪᠢᠶᠠᠷᠢ ᠬᠤᠷᠠᠯ᠎ᠤᠨ ᠲᠠᠯᠠᠪᠠᠢ ᠬᠣᠯᠪᠤᠭᠠᠯᠠᠨ ᠬᠥᠳᠡᠯᠦᠯᠴᠡᠬᠦ ᠠᠮᠢᠳᠤᠯᠢᠭ᠋ ᠪᠣᠯᠪᠠᠰᠤᠷᠠᠯ᠎ᠤᠨ ᠬᠡᠯᠪᠡᠷᠢ᠎ᠶᠢ ᠪᠠᠷᠢᠮᠲᠠᠯᠠᠵᠤ᠂ ᠣᠷᠣᠨ ᠪᠦᠰᠡ᠎ᠶᠢᠨ ᠬᠢᠵᠠᠭᠠᠷᠯᠠᠯ᠎ᠢ ᠡᠪᠳᠡᠵᠦ᠂ ᠪᠦᠬᠦ ᠣᠷᠣᠨ᠎ᠤ ᠬᠠᠤᠯᠢᠴᠢ᠎ᠶᠢᠨ ᠤᠷᠤᠯᠴᠠᠬᠤ᠎ᠳᠤ ᠲᠦᠭᠦᠮ᠂ ᠰᠤᠷᠤᠯᠴᠠᠬᠤ᠎ᠳᠤ ᠥᠨᠳᠥᠷ ᠪᠦᠲᠦᠮᠵᠢᠲᠡᠢ ᠪᠠᠢᠬᠤ᠎ᠳᠤ ᠲᠦᠭᠦᠮ ᠦᠵᠡᠭᠦᠯᠪᠡ᠃
ᠲᠡᠷᠢᠭᠦᠨ᠎ᠦ ᠬᠢ᠎ᠶᠢ ᠮᠠᠭᠲᠠᠨ ᠰᠠᠢᠰᠢᠶᠠᠵᠤ᠂ ᠬᠡᠪ ᠳᠠᠭᠤᠷᠢᠶᠠᠯ ᠦᠵᠡᠭᠦᠯᠬᠦ᠎ᠶᠢᠨ ᠲᠥᠯᠥᠭᠡ᠂ 2025 ᠣᠨ᠎ᠤ ᠤᠮᠠᠷᠠᠲᠤ ᠬᠢᠯᠢ᠎ᠶᠢᠨ ᠬᠠᠤᠯᠢᠴᠢ᠎ᠶᠢᠨ ᠶᠡᠬᠡ ᠬᠢᠴᠢᠶᠡᠯ᠎ᠦᠨ ᠲᠠᠩᠬᠢᠮ᠎ᠤᠨ ᠡᠯ᠎ᠡ ᠠᠢᠮᠠᠭ ᠬᠣᠲᠠ᠎ᠶᠢᠨ ᠪᠣᠯᠪᠠᠰᠤᠷᠠᠯ᠎ᠳᠤ ᠣᠷᠣᠯᠴᠠᠭᠰᠠᠨ ᠪᠠᠢᠳᠠᠯ᠂ ᠪᠣᠯᠪᠠᠰᠤᠷᠠᠯ᠎ᠳᠤ ᠣᠷᠣᠯᠴᠠᠭᠰᠠᠨ ᠬᠥᠮᠥᠨ᠎ᠦ ᠲᠣᠭ᠎ᠠ᠂ ᠪᠣᠯᠪᠠᠰᠤᠷᠠᠯ᠎ᠳᠤ ᠣᠷᠣᠯᠴᠠᠭᠰᠠᠨ ᠳᠤᠮᠳᠠᠴᠢ ᠬᠠᠷᠢᠴᠠᠯ᠂ ᠬᠤᠪᠢᠶᠠᠷᠢ ᠬᠤᠷᠠᠯ᠎ᠤᠨ ᠲᠠᠯᠠᠪᠠᠶ᠎ᠶᠢᠨ ᠲᠣᠬᠢᠷᠠᠭᠤᠯᠤᠯᠲᠠ᠎ᠶᠢᠨ ᠲᠣᠭ᠎ᠠ ᠬᠡᠮᠵᠢᠶ᠎ᠡ ᠵᠢᠴᠢ ᠵᠣᠬᠢᠶᠠᠨ ᠪᠠᠢᠭᠤᠯᠤᠯᠲᠠ᠎ᠶᠢᠨ ᠪᠠᠲᠤᠯᠠᠭ᠎ᠠ᠎ᠶᠢᠨ ᠢᠳᠡᠪᠬᠢᠵᠢᠯ ᠵᠡᠷᠭᠡ ᠭᠦᠢᠴᠡᠳᠬᠡᠯ ᠲᠣᠭ᠎ᠠ᠎ᠶᠢ ᠶᠡᠷᠦᠩᠬᠡᠢ᠎ᠳᠤ᠎ᠨᠢ ᠪᠤᠳᠤᠯᠬᠢᠯᠠᠵᠦ᠂ ᠦᠨᠡᠯᠡᠨ ᠲᠣᠭᠲᠠᠭᠠᠬᠤ ᠪᠡᠷ ᠲᠠᠮᠵᠢᠨ᠂ ᠰᠢᠯᠢ᠎ᠶᠢᠨ ᠭᠣᠣᠯ ᠠᠢᠮᠠᠭ᠂ ᠬᠥᠯᠥᠨ ᠪᠤᠢ᠍ᠢᠷ ᠬᠤᠳᠠ᠂ ᠲᠦᠩᠯᠢᠶᠣᠣ ᠬᠤᠳᠠ᠂ ᠣᠷᠳᠣᠰ ᠬᠤᠳᠠ᠎ᠶᠢᠨ ᠬᠠᠤᠯᠢᠴᠢ᠎ᠶᠢᠨ ᠨᠡᠢᠭᠡᠮᠯᠢᠭ ᠰᠢᠯᠢᠳᠡᠭ ᠰᠠᠢᠨ ᠵᠣᠬᠢᠶᠠᠨ ᠪᠠᠢᠭᠤᠯᠤᠯᠲᠠ᠎ᠶᠢᠨ ᠦᠷ᠎ᠡ ᠪᠦᠲᠦᠮᠵᠢ᠎ᠪᠡᠷ᠎ᠢᠶᠡᠨ ᠴᠣᠯᠭᠣᠷᠠᠨ ᠭᠠᠷᠴᠤ᠂ ᠪᠦᠬᠦ ᠣᠷᠣᠨ᠎ᠤ ᠬᠠᠤᠯᠢᠴᠢ᠎ᠶᠢᠨ ᠠᠵᠢᠯ ᠲᠦᠷᠦᠯ᠎ᠦᠨ ᠪᠣᠯᠪᠠᠰᠤᠷᠠᠯ᠎ᠢ ᠵᠣᠬᠢᠶᠠᠨ ᠪᠠᠶ᠋ᠢᠭᠤᠯᠬᠤ ᠠᠵᠢᠯ᠎ᠤᠨ ᠬᠡᠪ ᠳᠠᠭᠤᠷᠢᠶᠠᠯ ᠪᠣᠯᠵᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠨᠡᠢᠭᠡᠮᠯᠢᠭ᠎ᠡᠴᠡ ᠡᠨᠡ 4 ᠠᠢᠮᠠᠭ ᠬᠤᠳᠠ᠎ᠶᠢᠨ ᠬᠠᠤᠯᠢ ᠴᠠᠭᠠᠵᠠ᠎ᠶᠢᠨ ᠨᠡᠢᠭᠡᠮᠯᠢᠭ᠎ᠢ ᠵᠠᠷᠯᠠᠨ ᠰᠠᠢᠰᠢᠶᠠᠪᠠ᠃
ᠪᠦᠬᠦ ᠣᠷᠣᠨ᠎ᠤ ᠬᠠᠤᠯᠢᠴᠢ᠎ᠶᠢᠨ ᠠᠵᠢᠯ ᠲᠦᠷᠦᠯ᠎ᠦᠨ ᠬᠢᠨ ᠲᠤᠰ ᠤᠳᠠᠭ᠎ᠠ᠎ᠶᠢᠨ ᠰᠠᠢᠰᠢᠶᠠᠯ ᠬᠥᠬᠢᠭᠦᠯᠦᠯ᠎ᠢᠶᠡᠷ ᠠᠵᠠ ᠲᠣᠬᠢᠶᠠᠯ ᠪᠣᠯᠭᠠᠵᠤ᠂ ᠰᠡᠳᠬᠢᠯ ᠨᠢᠭᠡᠲᠦᠨ ᠬᠦᠴᠦ᠎ᠪᠡᠨ ᠬᠠᠮᠲᠤᠳᠬᠠᠵᠤ᠂ ᠪᠣᠳᠠᠲᠠᠢ᠎ᠶᠢ ᠡᠷᠬᠢᠮᠯᠡᠨ ᠦᠨᠡᠨᠴᠢ ᠰᠢᠳᠤᠷᠭᠤ᠎ᠪᠠᠷ ᠠᠵᠢᠯᠯᠠᠵᠤ᠂ ᠶᠡᠬᠡ ᠬᠢᠴᠢᠶᠡᠯ᠎ᠦᠨ ᠲᠠᠩᠬᠢᠮ᠎ᠤᠨ ᠪᠣᠯᠪᠠᠰᠤᠷᠠᠯ᠎ᠤᠨ ᠲᠦᠷᠦᠯ ᠲᠡᠮᠳᠡᠭ᠎ᠢ ᠦᠷᠭᠦᠯᠵᠢᠯᠡᠨ ᠬᠢᠯᠠᠷᠠᠭᠤᠯᠵᠦ᠂ ᠬᠠᠤᠯᠢᠴᠢ᠎ᠶᠢᠨ ᠡᠩᠨᠡᠭᠡᠨ᠎ᠦ ᠲᠤᠰᠬᠠᠢ ᠮᠡᠷᠭᠡᠵᠢᠯ᠎ᠦᠨ ᠬᠡᠪ ᠪᠣᠯᠪᠠᠰᠤᠷᠠᠯ ᠪᠣᠯᠣᠨ ᠦᠢᠯᠡᠴᠢᠯᠡᠭᠡᠨ᠎ᠦ ᠴᠢᠳᠠᠪᠤᠷᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ᠎ᠤᠨ ᠪᠦᠲᠦᠭᠡᠨ ᠪᠠᠢᠭᠤᠯᠤᠯᠲᠠ᠎ᠳᠤ ᠢᠳᠡᠪᠬᠢᠲᠡᠢ ᠬᠦᠴᠦᠨ ᠨᠡᠮᠡᠷᠢᠯᠡᠵᠦ᠂ ᠬᠠᠤᠯᠢ ᠪᠡᠷ ᠵᠠᠰᠠᠬᠤ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠳᠤ ᠨᠡᠩ ᠬᠦᠴᠦᠷᠬᠡᠭ ᠬᠥᠳᠡᠯᠭᠡᠬᠦ ᠬᠦᠴᠦᠨ ᠨᠡᠮᠡᠷᠢᠯᠡᠵᠦ᠂ ᠨᠡᠩ ᠶᠡᠬᠡ ᠬᠦᠴᠦᠨ ᠴᠢᠳᠠᠯ᠎ᠢᠶᠠᠨ ᠨᠡᠮᠡᠷᠢᠯᠡᠬᠦ ᠪᠤᠯᠤᠨ᠎ᠡ᠃