ᠲᠤᠷᠭᠠᠨ ᠬᠢᠯᠢ ᠵᠢᠨ ᠮᠦᠡᠭᠭᠡ ᠵᠢᠨ ᠰᠠᠬᠢᠶ᠎ᠠ
2026-05-11 10:26:59
ᠵᠣᠬᠢᠶᠠᠭ᠍ᠴᠢ᠄
ᠰᠦᠨ ᠯᠢ ᠶᠢᠩ
ᠣᠩᠱᠢᠭ᠍ᠰᠠᠨ ᠣᠳᠠᠭ᠎ᠠ᠄
★★★☆☆

— ᠬᠢᠩᠭᠠᠨ ᠠᠢᠮᠠᠭ᠎ᠤᠨ ᠮᠠᠨᠵᠦ᠋ᠲ᠋ᠦᠨ ᠤ᠋ ᠮᠠᠨᠵᠤ ᠦᠨᠳᠦᠰᠦᠲᠡᠨ᠎ᠦ ᠱᠢᠶᠠᠩ ᠤ᠋ᠨ ᠠᠮᠤᠭᠤᠯᠠᠩᠳᠤ ᠬᠢᠯᠢ ᠵᠢᠨ ᠵᠢᠱ᠌ᠢᠶᠡᠴᠢ ᠰᠢᠶᠠᠩ᠎ᠢ ᠡᠭᠦᠳᠦᠨ ᠪᠠᠢᠭᠤᠯᠤᠬᠰᠠᠨ ᠲᠡᠮᠳᠡᠭᠯᠡᠯ


ᠨᠠᠢᠷᠠᠭᠤᠯᠤᠬᠴᠢ ᠵᠢᠨ ᠦᠭᠡ᠄

ᠡᠨᠡ ᠵᠢᠯ ᠤ᠋ᠨ 3 ᠰᠠᠷ᠎ᠠ ᠳ᠋ᠤ᠂ ᠤᠯᠤᠰ᠎ᠤᠨ ᠨᠡᠭᠦᠳᠡᠯ ᠠᠷᠠᠳ᠎ᠤᠨ ᠲᠣᠪᠴᠢᠶ᠎ᠠ᠂ ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠂ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠶᠠᠮᠤᠨ᠂ ᠤᠯᠤᠰ᠎ᠤᠨ ᠬᠢᠯᠢ ᠲᠡᠯᠡᠶ᠎ᠶ᠋ᠢᠨ ᠬᠠᠮᠠᠭᠠᠯᠠᠯᠲᠠ᠎ᠶ᠋ᠢᠨ ᠵᠥᠪᠯᠡᠯ᠎ᠦᠨ ᠠᠯᠪᠠᠨ ᠬᠡᠷ ᠬᠠᠮᠲᠤᠷᠠᠨ᠂ ᠪᠥᠬᠥ᠌ ᠤᠯᠤᠰ ᠤ᠋ᠨ 5 ᠱᠢᠶᠠᠨ ᠬᠣᠲᠠ ᠪᠠ 19 ᠱᠢᠶᠠᠩ ᠪᠠᠯᠭᠠᠰᠤ ᠵᠢ ᠬᠣᠶᠠᠳᠤᠭᠠᠷ ᠪᠦᠯᠦᠭ᠎ᠦᠨ ᠠᠮᠤᠭᠤᠯᠠᠩᠳᠤ ᠬᠢᠯᠢ ᠵᠢᠨ ᠵᠢᠱ᠌ᠢᠶᠡᠴᠢ ᠱᠢᠶᠠᠨ ᠬᠣᠲᠠ᠂ ᠱᠢᠶᠠᠩ ᠪᠠᠯᠭᠠᠰᠤ᠎ᠪᠠᠷ ᠨᠡᠷᠡᠢᠳᠪᠡ᠃ ᠡᠬᠦᠨ ᠳ᠋ᠤ᠂ ᠦᠪᠦᠷ ᠮᠤᠡᠭᠭᠤᠯ ᠤ᠋ᠨ ᠬᠥᠯᠥᠨ ᠪᠣᠢᠷ ᠬᠣᠲᠠ᠎ᠶ᠋ᠢᠨ ᠱᠢᠨ᠎ᠡ ᠪᠠᠷᠭᠤ ᠵᠡᠭᠦᠨ ᠬᠣᠱᠢᠭᠤᠨ᠎ᠤ ᠬᠠᠨᠳᠠᠭᠠᠶ ᠰᠤᠮᠤ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠮᠠᠨᠵᠦ᠋ᠲ᠋ᠦᠨ᠎ᠤ ᠮᠠᠨᠵᠤ ᠦᠨᠳᠦᠰᠦᠲᠡᠨ᠎ᠦ ᠱᠢᠶᠠᠩ᠂ ᠠᠯᠠᠱᠠ ᠠᠢᠮᠠᠭ᠎ᠤᠨ ᠡᠵᠡᠨ᠎ᠡ ᠬᠣᠱᠢᠭᠤᠨ᠎ᠤ ᠰᠤᠪᠨᠠᠭᠤᠷ ᠰᠤᠮᠤ  ᠵᠢᠬᠰᠠᠭᠠᠯᠳᠠ ᠳ᠋ᠤ ᠤᠷᠤᠵᠠᠢ᠃ ᠲᠤᠰ ᠬᠤᠭᠤᠴᠠᠭᠠᠨ ᠡᠴᠨ ᠪᠢᠳᠠ ᠠᠮᠤᠭᠤᠯᠠᠩᠳᠤ ᠬᠢᠯᠢ ᠵᠢᠨ ᠵᠢᠱ᠌ᠢᠶᠡᠴᠢ ᠱᠢᠶᠠᠨ ᠬᠣᠲᠠ᠂ ᠱᠢᠶᠠᠩ ᠪᠠᠯᠭᠠᠰᠤ᠎ᠶ᠋ᠢ ᠡᠭᠦᠳᠦᠨ ᠪᠠᠢᠭᠤᠯᠤᠭ᠍ᠰᠠᠨ ᠠᠮᠢᠳᠤᠯᠢᠭ ᠦᠶ᠋ᠯᠡᠳᠦᠯᠭᠡ ᠪᠠ ᠡᠯᠪᠡᠭ ᠪᠦᠲᠦᠭᠡᠯ᠎ᠢ ᠲᠡᠯᠭᠡᠨ ᠦᠵᠡᠬᠦᠯᠵᠦ᠂ ᠬᠢᠯᠢ᠎ᠶ᠋ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌᠂ ᠬᠢᠯᠢ᠎ᠶ᠋ᠢ ᠰᠠᠬᠢᠵᠤ ᠬᠢᠯᠢ᠎ᠶ᠋ᠢ ᠬᠠᠮᠠᠭᠠᠯᠠᠬᠤ ᠬᠦᠴᠦᠨ ᠴᠢᠳᠠᠯ᠎ᠢ ᠨᠢᠭ᠍ᠲᠠᠷᠠᠭᠤᠯᠤᠨ᠎ᠠ᠃


ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠮᠠᠨᠵᠦ᠋ᠲ᠋ᠤᠨ᠎ᠤ ᠮᠠᠨᠵᠤ ᠦᠨᠳᠦᠰᠦᠲᠡᠨ᠎ᠦ ᠰᠢᠶᠠᠩ ᠤ᠋ᠨ ᠶᠡᠷᠦᠩᠬᠡᠢ ᠲᠠᠯᠠᠪᠠᠢ ᠨᠢ 4318 ᠲᠡᠭᠰᠢ ᠳᠥᠷᠪᠡᠯᠵᠢᠨ ᠺᠢᠯᠤᠮᠸᠲᠷ ᠪᠠᠢᠵᠤ᠂ 32.273 ᠺᠢᠯᠤᠮᠸᠲᠷ᠎ᠤᠷᠳᠤ ᠳᠤᠮᠳᠠᠳᠤ ᠮᠣᠩᠭᠣᠯ᠎ᠤᠨ ᠬᠢᠯᠢ᠎ᠶᠢᠨ ᠱᠤᠭᠤᠮ᠎ᠲᠠᠢ ᠶᠤᠮ᠃ ᠴᠦᠭᠡᠨ ᠲᠤᠭᠠᠳᠤ ᠦᠨᠳᠦᠰᠦᠳᠡᠨ ᠤ᠋ ᠲᠦᠪᠯᠡᠷᠡᠭᠰᠡᠨ ᠰᠠᠭᠤᠬᠰᠠᠨ ᠰᠢᠶᠠᠡᠭ᠂ ᠬᠢᠯᠢ ᠬᠢᠵᠠᠭᠠᠷ ᠤᠷᠤᠨ ᠤ᠋ ᠰᠢᠶᠠᠡᠭ᠂ ᠬᠤᠪᠢᠰᠬᠠᠯ ᠤ᠋ᠨ ᠡᠷᠳᠡ ᠴᠢᠯᠦᠭᠡᠯᠡᠭᠳᠡᠭᠰᠡᠨ ᠤᠷᠤᠨ ᠤ᠋ ᠰᠢᠶᠠᠡᠭ ᠪᠤᠯᠤᠬᠰᠠᠨ ᠤ᠋ ᠬᠤᠪᠢ ᠳ᠋ᠸ᠋᠂ ᠲᠤᠰ ᠰᠢᠶᠠᠡᠭ ᠨᠢ ᠠᠮᠤᠭᠤᠯᠠᠡᠭᠳᠤ ᠬᠢᠯᠢ ᠵᠢᠨ ᠵᠢᠱ᠌ᠢᠶᠡᠴᠢ ᠰᠢᠶᠠᠩ᠎ᠢ ᠡᠭᠦᠳᠦᠨ ᠪᠠᠢᠭᠤᠯᠬᠤ ᠵᠢ ᠠᠵᠤ ᠠᠬᠤᠢ ᠨᠡᠢᠭᠡᠮ ᠤ᠋ᠨ ᠭᠦᠭᠵᠢᠯᠳᠠ ᠲᠠᠢ ᠭᠦᠨᠵᠡᠭᠡᠢ ᠠᠭᠤᠰᠤᠯᠴᠠᠭᠤᠯᠵᠤ᠂ ᠬᠢᠯᠢ ᠭᠢᠵᠠᠭᠠᠷ ᠢ᠋ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠵᠦ᠂ ᠬᠢᠯᠢ ᠵᠢᠨ ᠠᠷᠠᠳ ᠵᠤᠯ ᠵᠢᠷᠭᠠᠯ ᠲᠠᠢ ᠪᠠᠢᠬᠤ ᠵᠠᠮ ᠢ᠋ ᠰᠦᠪᠡᠭᠴᠢᠯᠡᠨ ᠭᠠᠷᠭᠠᠪᠠ᠃


QQ截图20260511105502.png


ᠬᠢᠯᠢ ᠨᠤᠳᠤᠭ ᠤ᠋ᠨ ᠤᠨᠤᠯ ᠤ᠋ᠨ ᠵᠢᠬᠰᠠᠭᠠᠯ ᠤ᠋ᠨ ᠭᠠᠵᠠᠷ

ᠣᠢᠷ᠎ᠠ᠎ᠶ᠋ᠢᠨ ᠵᠢᠯ ᠲᠤᠷᠰᠢ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠬᠢᠯᠢ᠎ᠶ᠋ᠢᠨ ᠬᠠᠮᠢᠶᠠᠷᠤᠯᠲᠠ᠎ᠶ᠋ᠢᠨ ᠶᠡᠬᠡ ᠠᠩᠭᠢ ᠨᠢ ᠮᠠᠨᠵᠦ᠋ᠲ᠋ᠦᠨ᠎ᠤ ᠮᠠᠨᠵᠤ ᠦᠨᠳᠦᠰᠦᠲᠡᠨ᠎ᠦ ᠱᠢᠶᠠᠩ᠎ᠤᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠵᠢᠴᠢ ᠴᠢᠯᠥᠭᠡᠯᠡᠬᠦ᠌ ᠴᠡᠷᠢᠭ ᠲᠠᠢ ᠭᠠᠷ ᠬᠤᠯᠪᠤᠨ᠂ ᠴᠠᠭ᠍ᠳᠠᠭ᠎ᠠ ᠪᠠ ᠣᠷᠣᠨ ᠨᠤᠲᠤᠭ ᠬᠠᠮᠲᠤᠷᠠᠨ ᠪᠠᠢᠭᠤᠯᠬᠤ ᠲᠣᠭ᠍ᠲᠠᠴᠠ᠎ᠶ᠋ᠢ  ᠪᠠᠢᠭᠤᠯᠵᠤ᠂ ᠬᠢᠯᠢ᠎ᠶ᠋ᠢᠨ ᠱᠢᠶᠠᠩ᠎ᠨᠢ 《ᠨᠠᠮ᠎ᠤᠨ ᠪᠠᠢᠭᠤᠯᠤᠯᠲᠠ ᠴᠢᠩᠭ᠎ᠠ᠂ ᠬᠢᠯᠢ᠎ᠶ᠋ᠢᠨ ᠬᠠᠮᠠᠭᠠᠯᠠᠯᠲᠠ ᠪᠠᠲᠤ᠂ ᠠᠷᠠᠳ᠎ᠤᠨ ᠰᠡᠳᠭᠢᠯ ᠨᠢᠬᠡᠳᠦᠭᠰᠡᠨ》 ᠠᠮᠢᠵᠢᠷᠠᠯ᠎ᠤᠨ ᠬᠦᠴᠦᠨ ᠢ᠋ ᠢᠯᠡᠷᠡᠬᠦᠯᠪᠡ᠃

ᠬᠢᠯᠢ᠎ᠶ᠋ᠢᠨ ᠱᠤᠭᠤᠮ᠎ᠠᠴᠠ 14 ᠺᠢᠯᠣᠮᠧᠲ᠋ᠷ ᠵᠠᠢᠲᠠᠶ ᠰᠠᠨ ᠴᠠ ᠭᠠᠴᠠᠭ᠎ᠠ ᠵᠢᠨ ᠮᠤᠡᠭᠭᠤᠯ ᠭᠡᠷ ᠦᠢᠯᠡᠴᠢᠯᠡᠭᠡᠨ ᠤ᠋ ᠦᠷᠳᠡᠭᠡ ᠳᠠᠷᠤᠶ ᠡᠭᠦᠨ᠎ᠦ ᠳᠣᠲᠣᠷᠠᠬᠢ ᠨᠡᠢᠲᠡᠯᠢᠭ ᠲᠦᠯᠦᠭᠡᠯᠡᠭᠴᠢ ᠪᠣᠯᠤᠨ᠎ᠠ᠃ ᠨᠢᠳᠤᠨᠤᠨ ᠡᠪᠦᠯ᠂ ᠮᠠᠯᠴᠢᠨ ᠴᠣᠭ᠍ᠲᠤ᠎ᠶ᠋ᠢᠨ᠎ᠬᠢᠨ᠎ᠦ 20 ᠭᠠᠷᠤᠶ ᠬᠣᠨᠢ ᠴᠠᠰᠤ ᠱᠢᠭᠤᠷᠭᠠᠨ᠎ᠳᠤ ᠠᠯᠠᠭ᠎ᠠ ᠪᠣᠯᠵᠠᠶ᠂ ᠲᠡᠷᠡ ᠳᠠᠷᠤᠢᠬᠠᠨ ᠦᠶ᠋ᠯᠡᠴᠢᠯᠡᠭᠡᠨ᠎ᠦ ᠥᠷᠲᠡᠭᠡᠨ ᠤ᠋ ᠪᠡᠬᠢᠯᠡᠯᠲᠡ᠎ᠶ᠋ᠢᠨ ᠡᠷᠦᠬᠡ ᠪᠠᠲᠤ᠎ᠲᠠᠶ ᠬᠠᠷᠢᠯᠴᠠᠵᠤ᠂ ᠥᠷᠲᠡᠭᠡᠨ᠎ᠳᠦ ᠰᠠᠭᠤᠭ᠎ᠠ ᠴᠠᠭ᠍ᠳᠠᠭ᠎ᠠ ᠪᠣᠯᠤᠨ ᠣᠢᠷ᠎ᠠ ᠬᠠᠪᠢ᠎ᠶ᠋ᠢᠨ ᠮᠠᠯᠴᠢᠳ᠎ᠤᠨ ᠬᠠᠪᠰᠤᠷᠤᠯᠭ᠎ᠠ᠎ᠪᠠᠷ ᠠᠯᠠᠭ᠎ᠠ ᠪᠣᠯᠤᠭ᠍ᠰᠠᠨ ᠬᠣᠨᠢᠨ ᠰᠦᠷᠦᠭ᠎ᠢᠶᠡᠨ ᠪᠦᠬᠦᠨ᠎ᠢ ᠡᠷᠢᠵᠦ᠍ ᠤᠯᠵᠠᠢ᠃

ᠮᠣᠩᠭᠣᠯ ᠬᠡᠷ ᠦᠶ᠋ᠯᠡᠴᠢᠯᠡᠭᠡᠨ᠎ᠦ ᠥᠷᠲᠡᠭᠡ ᠨᠢ ᠠᠪᠤᠷᠠᠨ ᠲᠤᠰᠠᠯᠠᠵᠤ ᠲᠡᠮᠵᠢᠯᠭᠡ ᠦᠵᠡᠬᠦᠯᠵᠦ᠂ ᠣᠯᠠᠨ ᠲᠦᠮᠡᠨ᠎ᠳᠦ ᠦᠶ᠋ᠯᠡᠴᠢᠯᠡᠬᠦ᠌ ᠬᠠᠯᠠᠭᠤᠨ ᠳᠤᠯᠠᠭᠠᠨ ᠬᠡᠷ ᠪᠦᠯᠢ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠂ ᠣᠨᠣᠯ ᠰᠤᠷᠤᠯᠴᠠᠬᠤ ᠡᠮᠦᠨ᠎ᠡ ᠹᠷᠣᠨᠲ ᠪᠣᠯᠤᠨ᠎ᠠ᠃ ᠵᠢᠯ ᠪᠦᠷᠢ ᠵᠢᠨ ᠪᠥᠬᠥ᠌ ᠤᠯᠤᠰ᠎ᠤᠨ ᠬᠣᠶᠠᠷ ᠬᠤᠷᠠᠯ ᠤ᠋ᠨ ᠬᠤᠭᠤᠴᠠᠭᠠᠨ ᠳ᠋ᠤ᠂ ᠦᠶ᠋ᠯᠡᠴᠢᠯᠡᠭᠡᠨ᠎ᠦ ᠥᠷᠲᠡᠭᠡ ᠨᠢ ᠡᠷᠬᠢᠨ ᠲᠣᠭᠣᠷᠢᠨ᠎ᠤ ᠣᠯᠠᠨ ᠲᠦᠮᠡᠨ᠎ᠢ ᠤᠷᠢᠵᠤ᠂ ᠨᠠᠮ᠎ᠤᠨ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠳᠠᠭ᠃ ᠡᠨᠡ ᠵᠢᠯ 72 ᠨᠠᠰᠤᠲᠠᠶ ᠠᠬᠠᠮᠠᠳ ᠨᠠᠮ᠎ᠤᠨ ᠭᠡᠱᠢᠭᠦᠨ ᠤᠶᠤᠨᠴᠡᠴᠡᠭ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ᠂ ᠮᠠᠯ ᠠᠵᠤ ᠠᠬᠤᠶ᠎ᠶ᠋ᠢᠨ ᠳᠠᠭᠠᠳᠭᠠᠯ᠎ᠤᠨ ᠱᠢᠨ᠎ᠡ ᠲᠥᠷᠥ᠎ᠶ᠋ᠢᠨ ᠪᠣᠳᠣᠯᠭ᠎ᠠ ᠵᠡᠷᠭᠡ ᠮᠠᠯᠴᠢᠳ᠎ᠤᠨ ᠠᠩᠬᠠᠷᠴᠤ᠌ ᠪᠠᠢᠭ᠎ᠠ ᠠᠰᠠᠭᠤᠳᠠᠯ᠎ᠳᠤ ᠴᠢᠭ᠌ᠯᠡᠭᠦᠯᠦᠨ᠂ ᠡᠷᠦᠬᠡ ᠳᠠᠷᠠᠭᠠᠯᠠᠨ ᠤᠬᠠᠭᠤᠯᠤᠨ ᠲᠠᠢᠯᠪᠤᠷᠢᠯᠠᠵᠤ᠂ ᠦᠪᠡᠷ ᠤ᠋ᠨ ᠦᠡᠭᠭᠡᠷᠡᠯᠳᠡ ᠲᠠᠢ ᠪᠠᠨ ᠤᠶᠠᠯᠳᠤᠭᠤᠯᠤᠨ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠰᠠᠢᠵᠢᠷᠠᠯᠲᠠ᠂ ᠮᠠᠯᠴᠢᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠦᠨ ᠬᠤᠪᠢᠷᠠᠯᠲᠠ᠎ᠶ᠋ᠢ ᠶᠠᠷᠢᠵᠤ᠂ ᠮᠠᠯᠴᠢᠨ ᠲᠦᠮᠡᠨ ᠲᠠᠢ ᠬᠠᠮᠳᠤ 《ᠵᠣᠯ ᠵᠢᠷᠭᠠᠯ᠎ᠤᠨ ᠲᠠᠩᠰᠠ》 ᠶ᠋ᠢ ᠲᠣᠭᠠᠴᠠᠨ ᠪᠣᠳᠣᠨ᠎ᠠ᠃

ᠬᠢᠯᠢ ᠨᠤᠳᠤᠭ ᠤ᠋ᠨ ᠬᠠᠮᠲᠤᠷᠠᠨ ᠰᠡᠷᠭᠡᠢᠯᠡᠬᠦ᠌ ᠲᠣᠣᠷ

《ᠨᠢᠭᠡ ᠮᠠᠯᠴᠢᠨ ᠪᠣᠯ ᠨᠢᠭᠡ ᠬᠠᠷᠠᠭᠤᠯ᠎ᠤᠨ ᠴᠡᠷᠢᠭ᠂ ᠨᠢᠭᠡ ᠮᠣᠩᠭᠣᠯ ᠭᠡᠷ ᠪᠣᠯ ᠨᠢᠭᠡ ᠬᠠᠷᠠᠭᠤᠯ᠎ᠤᠨ ᠭᠠᠵᠠᠷ》᠃ ᠮᠠᠨᠵᠦ᠋ᠲ᠋ᠦᠨ᠎ᠤ ᠮᠠᠨᠵᠤ ᠦᠨᠳᠦᠰᠦᠲᠡᠨ᠎ᠦ ᠰᠢᠶᠠᠡᠭ᠎ᠳᠤ ᠥᠷᠭᠡᠨ᠎ᠢᠶᠡᠷ ᠤᠯᠠᠮᠵᠢᠯᠠᠭ᠍ᠳᠠᠭ᠍ᠰᠠᠨ ᠡᠨᠡ ᠦᠭᠡ ᠨᠢ ᠡᠨᠳᠡᠬᠢ 《ᠨᠠᠮ ᠵᠠᠰᠠᠭ ᠴᠡᠷᠢᠭ ᠴᠠᠭ᠍ᠳᠠᠭ᠎ᠠ ᠠᠷᠠᠳ》 ᠬᠦᠴᠦ᠍᠎ᠪᠡᠨ ᠬᠠᠮᠲᠤᠳᠭᠠᠨ ᠬᠢᠯᠢ ᠬᠢᠵᠠᠭᠠᠷ᠎ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌ ᠥᠪᠡᠷᠮᠢᠴᠡ ᠳᠠᠪᠠᠭᠤᠯᠢᠭ᠎ᠢ ᠠᠮᠢᠳᠤᠯᠢᠭ᠎ᠢᠶᠠᠷ ᠲᠠᠢᠯᠪᠤᠷᠢᠯᠠᠪᠠ᠃ ᠤᠷᠳᠤ ᠦᠷᠬᠦᠯᠵᠢᠯᠡᠭᠰᠡᠨ ᠬᠢᠯᠢ᠎ᠶ᠋ᠢᠨ ᠱᠤᠭᠤᠮ᠂ ᠦᠷᠭᠡᠨ ᠠᠭᠤᠳᠠᠮ ᠨᠤᠳᠤᠭ ᠲᠡᠪᠢᠰᠭᠡᠷ ᠨᠢ ᠨᠢᠭᠡ ᠯᠡ ᠳᠠᠯ᠎ᠠ ᠵᠢᠨ  ᠬᠦᠴᠦᠨ᠎ᠳᠦ ᠲᠦᠱᠢᠭ᠌ᠯᠡᠭᠡᠳ ᠪᠦᠬᠦ᠌ ᠲᠠᠯ᠎ᠠ᠎ᠶ᠋ᠢᠨ᠂ ᠥᠨᠴᠥᠭ ᠪᠤᠯᠤᠩ ᠦᠯᠡᠳᠡᠭᠡᠯ ᠦᠭᠡᠢ ᠰᠠᠬᠢᠨ ᠬᠠᠮᠠᠭᠠᠯᠠᠬᠤ᠎ᠶ᠋ᠢ ᠪᠡᠶᠡᠯᠡᠭᠦᠯᠵᠦ᠍ ᠴᠢᠳᠠᠬᠤ ᠦᠭᠡᠢ ᠶᠤᠮ᠃

ᠲᠤᠰ ᠱᠢᠶᠠᠩ᠎ᠤᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠪᠠ ᠬᠢᠯᠢ᠎ᠶ᠋ᠢᠨ ᠬᠠᠮᠢᠶᠠᠷᠤᠯᠲᠠ᠎ᠶ᠋ᠢᠨ ᠬᠦᠴᠦᠨ ᠨᠢᠭ᠍ᠲᠠ ᠬᠠᠮᠵᠢᠯᠴᠠᠵᠤ᠂ ᠠᠮᠤᠭᠤᠯᠠᠩᠳᠤ ᠬᠢᠯᠢ ᠵᠢᠨ ᠪᠥᠲᠥᠭᠡᠨ ᠪᠠᠢᠭᠤᠯᠤᠯᠲᠠ᠎ᠶ᠋ᠢ ᠪᠥᠬᠥ᠌ ᠱᠢᠶᠠᠩ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠶᠡᠷᠦᠩᠬᠡᠶ ᠲᠥᠯᠥᠪᠵᠢᠭᠦᠯᠭᠡ᠎ᠳᠦ ᠣᠷᠣᠭᠤᠯᠵᠤ᠂ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠂ ᠴᠢᠯᠥᠭᠡᠯᠡᠬᠦ᠌ ᠴᠡᠷᠢᠭ᠎ᠦᠨ ᠬᠢᠯᠢ᠎ᠶ᠋ᠢᠨ ᠬᠠᠮᠠᠭᠠᠯᠠᠯᠲᠠ᠎ᠶ᠋ᠢᠨ ᠴᠡᠷᠢᠭ ᠠᠩᠭᠢ᠂ ᠡᠷᠦᠬᠡ᠎ᠶ᠋ᠢᠨ ᠴᠡᠷᠢᠭ᠂ ᠬᠢᠯᠢ ᠬᠠᠮᠠᠭᠠᠯᠠᠭ᠍ᠴᠢ ᠵᠢᠴᠢ ᠬᠠᠤᠯᠢ ᠴᠠᠭᠠᠵᠠ ᠵᠢᠨ ᠡᠯ᠎ᠡ ᠪᠦᠷᠢᠯᠳᠦᠬᠦᠨ ᠨᠢᠭᠡᠴᠢ᠎ᠶ᠋ᠢᠨ ᠬᠦᠴᠦᠨ᠎ᠢ ᠡᠮᠬᠢᠯᠡᠨ ᠨᠡᠢᠯᠡᠭᠦᠯᠵᠦ᠍᠂ 《ᠮᠡᠳᠡᠭᠡ ᠵᠠᠩᠭᠢ ᠪᠠᠨ ᠨᠡᠪᠲᠡᠷᠡᠯᠴᠡᠬᠦ᠌᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌᠂ ᠠᠵᠢᠯᠯᠠᠭ᠎ᠠ ᠵᠢ ᠬᠠᠮᠵᠢᠯᠴᠠᠨ ᠦᠷᠨᠢᠬᠦᠯᠬᠦ᠂ ᠬᠠᠷᠢᠭᠤᠴᠠᠯᠭ᠎ᠠ᠎ᠶ᠋ᠢ ᠬᠠᠮᠲᠤ᠎ᠪᠠᠷ ᠡᠭᠦᠷᠭᠡᠯᠡᠬᠦ᠌》 ᠲᠠᠪᠤ᠎ᠶ᠋ᠢ ᠨᠢᠭᠡ ᠴᠤᠭ᠍ᠴᠠᠵᠢᠭᠤᠯᠤᠬᠰᠠᠨ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠱᠢᠰᠲ᠋ᠧᠮ᠎ᠢ ᠪᠠᠢᠭᠤᠯᠪᠠ᠃ 《ᠣᠷᠣᠨ ᠪᠦᠰᠡ ᠬᠣᠯᠪᠣᠭᠠᠯᠠᠨ ᠰᠡᠷᠭᠡᠢᠯᠡᠬᠦ᠌》᠂ 《ᠡᠷᠦᠬᠡ ᠬᠠᠷᠠᠭᠤᠯ ᠬᠣᠯᠪᠣᠭᠠᠯᠠᠨ ᠬᠥᠳᠡᠯᠦᠯᠴᠡᠬᠦ᠌》᠂ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠬᠠᠪᠰᠤᠷᠤᠨ ᠰᠡᠷᠭᠡᠢᠯᠡᠬᠦ᠌》 ᠵᠡᠷᠭᠡ ᠴᠠᠭ᠍ᠳᠠᠭᠠᠨ᠎ᠤ ᠶᠠᠪᠤᠳᠠᠯ᠎ᠤᠨ ᠠᠵᠢᠯ᠎ᠤᠨ  ᠨᠠᠷᠢᠯᠢᠬ ᠵᠠᠭ᠍ᠪᠤᠷ᠎ᠤᠨ ᠱᠢᠨ᠎ᠡ ᠵᠢ ᠡᠭᠦᠳᠦᠨ ᠬᠡᠷᠡᠭ᠌ᠵᠢᠭᠦᠯᠵᠦ᠍᠂ ᠪᠥᠬᠥ᠌ ᠱᠢᠶᠠᠩ᠎ᠢ ᠬᠠᠮᠤᠷᠤᠭ᠍ᠰᠠᠨ 《ᠬᠢᠯᠢ ᠬᠠᠮᠠᠭᠠᠯᠠᠭ᠍ᠴᠢ᠎ᠶ᠋ᠢᠨ ᠥᠷᠲᠡᠭᠡ》 ᠶ᠋ᠢᠨ ᠲᠤᠤᠷ ᠢ᠋ ᠪᠠᠢᠭᠤᠯᠵᠤ᠂ 《ᠬᠤᠪᠢᠰᠭᠠᠯᠲᠤ ᠪᠡᠬᠢᠯᠡᠯᠲᠡ ᠡᠷᠦᠬᠡ》 ᠵᠢ 100 ᠭᠠᠷᠤᠶ ᠬᠥᠭ᠌ᠵᠢᠭᠦᠯᠦᠨ ᠪᠣᠢᠵᠢᠭᠤᠯᠵᠤ᠂ 《ᠲᠣᠰᠭᠣᠨ ᠪᠦᠬᠦᠨ ᠪᠡᠬᠢᠯᠡᠯᠲᠡ᠂ ᠡᠷᠦᠬᠡ ᠪᠦᠬᠦᠨ ᠬᠠᠷᠠᠭᠤᠯ᠎ᠤᠨ ᠭᠠᠵᠠᠷ᠂ ᠬᠥᠮᠦᠨ ᠪᠦᠬᠦᠨ ᠬᠠᠷᠠᠭᠤᠯ᠎ᠤᠨ ᠴᠡᠷᠢᠭ》 ᠭᠡᠬᠦ᠌ ᠣᠯᠠᠨ᠎ᠢᠶᠠᠷ᠎ᠢᠶᠠᠨ ᠰᠡᠷᠭᠡᠢᠯᠡᠵᠦ᠍ ᠣᠯᠠᠨ᠎ᠢᠶᠠᠷ᠎ᠢᠶᠠᠨ ᠵᠠᠰᠠᠬᠤ ᠪᠠᠢᠷᠢᠱᠢᠯ᠎ᠢ ᠪᠦᠷᠢᠯᠳᠦᠭᠦᠯᠪᠡ᠃

ᠬᠢᠯᠢ ᠵᠢᠨ ᠠᠷᠠᠳ ᠤ᠋ᠨ ᠰᠡᠳᠬᠢᠯ ᠤ᠋ᠨ ᠬᠠᠨᠢ

ᠠᠮᠤᠭᠤᠯᠠᠩᠳᠤ ᠬᠢᠯᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠦᠨᠳᠦᠰᠦ ᠰᠠᠭᠤᠷᠢ ᠨᠢ ᠠᠷᠠᠳ ᠲᠦᠮᠡᠨ᠎ᠳᠦ ᠪᠤᠢ᠂ ᠬᠦᠴᠦᠨ ᠴᠢᠳᠠᠯ ᠨᠢ ᠮᠦᠨ ᠠᠷᠠᠳ ᠲᠦᠮᠡᠨ᠎ᠳᠦ ᠪᠤᠢ᠃ ᠮᠠᠨᠵᠦ᠋ᠲ᠋ᠦᠨ᠎ᠤ ᠮᠠᠨᠵᠤ ᠦᠨᠳᠦᠰᠦᠲᠡᠨ᠎ᠦ ᠱᠢᠶᠠᠩ᠎ᠤᠨ ᠬᠢᠯᠢ ᠬᠢᠵᠠᠭᠠᠷ᠎ᠢ ᠬᠠᠮᠠᠭᠠᠯᠠᠬᠤ ᠬᠦᠴᠦᠨ ᠢᠮᠠᠭ᠍ᠲᠠ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠬᠢᠯᠢ ᠬᠢᠵᠠᠭᠠᠷ᠎ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌ ᠪᠣᠯᠤᠨ ᠬᠢᠯᠢ ᠬᠢᠵᠠᠭᠠᠷ᠎ᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ᠎ᠶ᠋ᠢ ᠭᠦᠨᠵᠡᠭᠡᠢ ᠠᠭᠤᠰᠤᠯᠴᠠᠭᠤᠯᠵᠤ᠂ ᠭᠡᠷ ᠣᠷᠣᠨ᠎ᠢᠶᠠᠨ ᠰᠠᠬᠢᠨ ᠬᠠᠮᠠᠭᠠᠯᠠᠵᠤ ᠶᠠᠪᠤᠭ᠎ᠠ ᠬᠢᠯᠢ ᠨᠤᠳᠤᠭ ᠤ᠋ᠨ ᠤᠯᠠᠨ ᠲᠦᠮᠡᠨ᠎ᠳᠦ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠡᠳ᠋ᠯᠡᠭᠦᠯᠪᠡ᠃

ᠮᠠᠨᠵᠦ᠋ᠲ᠋ᠦᠨ᠎ᠤ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠨᠢ ᠬᠢᠯᠢ᠎ᠶ᠋ᠢᠨ ᠠᠷᠠᠳ᠎ᠤᠨ ᠪᠠᠴᠢᠮᠳᠠᠵᠤ ᠬᠦᠴᠢᠷᠳᠡᠵᠦ ᠲᠦᠪᠡᠭᠳᠡᠵᠦ ᠬᠦᠰᠡᠵᠦ ᠪᠠᠢᠭ᠎ᠠ ᠠᠰᠠᠭᠤᠳᠠᠯ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠣᠯᠠᠨ ᠲᠦᠮᠡᠨ᠎ᠳᠦ ᠲᠥᠬᠥᠮ ᠦᠵᠡᠭᠦᠯᠬᠦ᠌ ᠠᠯᠢ ᠣᠯᠠᠨ ᠠᠷᠭ᠎ᠠ ᠬᠡᠮᠵᠢᠶ᠎ᠡ ᠠᠪᠴᠠᠶ᠄ 《ᠠᠷᠠᠳ᠎ᠲᠤ ᠲᠥᠬᠥᠮ ᠦᠵᠡᠭᠦᠯᠬᠦ᠌ ᠱᠢᠭᠤᠳ ᠨᠡᠪᠲᠡᠷᠡᠬᠦ᠌ ᠲᠡᠷᠭᠡ》 ᠶ᠋ᠢ ᠨᠡᠪᠲᠡᠷᠡᠭᠦᠯᠵᠦ᠍᠂ ᠪᠣᠢᠳᠠ ᠪᠦᠭ᠌ᠯᠡᠭᠦᠦ ᠮᠠᠯᠵᠢᠬᠤ ᠡᠷᠦᠬᠡ᠎ᠳᠦ ᠡᠳ᠋ ᠪᠣᠳᠠᠰ᠎ᠢ ᠣᠷᠣᠯᠠᠨ ᠬᠤᠳᠠᠯᠳᠤᠨ ᠠᠪᠬᠤ᠂ ᠭᠡᠷᠡᠴᠢ ᠦᠨᠡᠮᠯᠡᠯ᠎ᠢ ᠣᠷᠣᠯᠠᠨ ᠭᠦᠶ᠋ᠴᠡᠳᠭᠡᠬᠦ᠌᠂ ᠲᠥᠷᠥ᠎ᠶ᠋ᠢᠨ ᠪᠣᠳᠣᠯᠭ᠎ᠠ᠎ᠶ᠋ᠢᠨ ᠠᠰᠠᠭᠤᠨ ᠯᠠᠪᠯᠠᠭ᠎ᠠ ᠵᠡᠷᠭᠡ ᠦᠶ᠋ᠯᠡᠴᠢᠯᠡᠭᠡ ᠬᠠᠩᠭᠠᠪᠠ; ᠡᠷᠦᠬᠡ ᠠᠮᠠ᠎ᠶ᠋ᠢᠨ ᠳᠠᠩᠰᠠ᠎ᠶ᠋ᠢᠨ ᠭᠠᠷᠳᠠᠮ ᠭᠦᠢᠴᠡᠳᠭᠡᠬᠦ᠌ 《ᠰᠠᠭᠠᠳ ᠦᠭᠡᠶ ᠨᠡᠪᠲᠡᠷᠡᠬᠦ᠌ ᠵᠠᠮ》᠂ ᠰᠤᠷᠤᠭ᠍ᠴᠢ᠎ᠶ᠋ᠢᠨ ᠦᠨᠡᠮᠯᠡᠯ ᠭᠦᠢᠴᠡᠳᠭᠡᠬᠦ᠌ 《ᠲᠦᠷᠭᠡᠨ ᠴᠣᠩᠬᠣᠪᠴᠢ》 ᠵᠢ ᠭᠠᠷᠭᠠᠪᠠ; ᠨᠡᠢᠭᠡᠮ᠎ᠦᠨ ᠠᠮᠤᠷ᠎ᠢ ᠬᠠᠮᠠᠭᠠᠯᠠᠬᠤ ᠶᠡᠷᠦᠩᠬᠡᠢᠯᠡᠨ ᠵᠠᠰᠠᠬᠤ ᠲᠥᠪ᠎ᠲᠦ ᠲᠦᠱᠢᠭ᠌ᠯᠡᠨ ᠲᠠᠯ᠎ᠠ ᠨᠤᠲᠤᠭ᠎ᠵᠢᠡᠨ ᠴᠠᠭ᠍ᠳᠠᠨ ᠰᠡᠷᠭᠡᠢᠯᠡᠬᠦ᠌ ᠠᠩᠭᠢ᠎ᠲᠠᠶ ᠬᠣᠯᠪᠣᠭᠠᠯᠠᠵᠤ᠂ 《ᠬᠠᠢᠷ᠎ᠠ ᠰᠡᠳᠭᠢᠯ ᠶᠤᠰᠤ ᠵᠦᠶ ᠬᠠᠤᠯᠢ ᠲᠦᠷᠢᠮ》 ᠢ᠋ ᠤᠶᠠᠯᠳᠤᠭᠤᠯᠬᠤ ᠠᠷᠭ᠎ᠠ ᠬᠡᠯᠪᠡᠷᠢ᠎ᠶ᠋ᠢ ᠬᠡᠷᠡᠭ᠌ᠯᠡᠨ᠂ ᠨᠤᠲᠤᠭ ᠪᠡᠯᠴᠢᠭᠡᠷ᠎ᠦᠨ ᠵᠠᠭᠤᠷᠠᠯᠳᠤᠭᠠᠨ᠂ ᠬᠥᠷᠰᠢ ᠵᠡᠷᠭᠡᠯᠡᠳᠡᠭᠡ᠎ᠶ᠋ᠢᠨ ᠵᠥᠷᠢᠴᠡᠯ ᠵᠡᠷᠭᠡ ᠠᠰᠠᠭᠤᠳᠠᠯ᠎ᠢ ᠠᠮᠵᠢᠯᠲᠠ ᠲᠠᠶ ᠱᠢᠶ᠋ᠳᠪᠦᠷᠢᠯᠡᠵᠦ᠍᠂ 《ᠪᠠᠭ᠎ᠠ ᠤᠴᠢᠷ᠎ᠢ ᠭᠠᠴᠠᠭ᠎ᠠ᠎ᠠᠴᠠ ᠭᠠᠷᠭᠠᠬᠤ ᠥᠬᠡᠶ᠂ ᠵᠥᠷᠢᠴᠡᠯ ᠵᠠᠭᠤᠷᠠᠯᠳᠤᠭᠠᠨ᠎ᠢ ᠳᠡᠭᠡᠭ᠌ᠰᠢ ᠲᠤᠱᠢᠶᠠᠬᠤ ᠥᠬᠡᠶ》 ᠪᠠᠢᠬᠤ᠎ᠶ᠋ᠢ ᠪᠡᠶᠡᠯᠡᠭᠦᠯᠪᠡ᠃

ᠲᠤᠬᠠᠶ᠎ᠶ᠋ᠢᠨ ᠭᠠᠵᠠᠷ᠎ᠤᠨ ᠮᠠᠯ ᠠᠵᠤ ᠠᠬᠤᠶ᠎ᠶ᠋ᠢᠨ ᠭᠦᠬᠵᠢᠯᠳᠠ ᠳ᠋ᠤ ᠦᠢᠯᠡᠴᠢᠯᠡᠬᠦ ᠵᠤᠷᠢᠯᠳᠠ ᠡᠴᠨ  ᠲᠣᠮᠢᠯᠠᠭ᠍ᠰᠠᠨ ᠰᠠᠯᠪᠤᠷᠢ᠎ᠶ᠋ᠢᠨ ᠠᠷᠠᠳ᠎ᠤᠨ ᠴᠠᠭ᠍ᠳᠠᠭ᠎ᠠ ᠪᠠ ᠱᠢᠶᠠᠩ᠎ᠤᠨ ᠺᠠᠳ᠋ᠷ ᠬᠠᠮᠲᠤ᠎ᠪᠠᠷ 《ᠮᠠᠯ ᠠᠵᠤ ᠠᠬᠤᠶ  ᠵᠢ ᠬᠠᠮᠠᠭᠠᠯᠠᠬᠤ ᠠᠶᠠᠯᠠᠯ》 ᠤ᠋ᠨ ᠵᠠᠭ᠍ᠪᠤᠷ᠎ᠢ ᠰᠦᠪᠡᠭ᠌ᠴᠢᠯᠡᠵᠦ᠍᠂ ᠤᠳᠤᠷ ᠨᠡᠬᠦᠳᠡᠯ ᠤ᠋ᠨ ᠤᠯᠠᠷᠢᠯ᠂ ᠲᠥᠯ ᠲᠤᠰᠴᠤ᠌ ᠪᠣᠢᠵᠢᠭᠤᠯᠬᠤ ᠬᠤᠭᠤᠴᠠᠭᠠᠨ᠎ᠳᠤ 《ᠰᠦᠷᠦᠭ ᠳᠠᠭᠠᠵᠤ ᠦᠶ᠋ᠯᠡᠴᠢᠯᠡᠵᠦ》᠂ ᠮᠠᠯ ᠣᠨᠣᠭ᠎ᠠ ᠠᠯᠳᠠᠭ᠍ᠳᠠᠬᠤ ᠬᠤᠯᠠᠭᠠᠢᠯᠠᠬᠳᠠᠬᠤ ᠲᠦᠭ᠌ᠰᠢᠭᠦᠷᠢ᠎ᠶ᠋ᠢ ᠰᠡᠷᠭᠡᠢᠯᠡᠵᠦ᠍᠂ ᠮᠠᠯᠴᠢᠳ᠎ᠤᠨ ᠬᠢᠯᠢ ᠬᠢᠵᠠᠭᠠᠷ᠎ᠢ ᠬᠠᠮᠠᠭᠠᠯᠠᠬᠤ ᠪᠠ ᠤᠷᠣᠯᠭ᠎ᠠ᠎ᠪᠠᠨ ᠨᠡᠮᠡᠭ᠌ᠳᠡᠭᠦᠯᠦᠨ ᠪᠠᠶᠠᠵᠢᠬᠤ ᠶ᠋ᠢ ᠬᠠᠷᠢᠯᠴᠠᠨ ᠠᠬᠢᠭᠤᠯᠵᠤ᠂ ᠬᠢᠯᠢ᠎ᠶ᠋ᠢᠨ ᠠᠷᠠᠳ᠎ᠤᠨ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠢᠯᠡᠳᠳᠡ ᠨᠡᠮᠡᠭ᠌ᠳᠡᠭᠦᠯᠵᠦ᠍᠂ 《ᠬᠢᠯᠢ ᠬᠢᠵᠠᠭᠠᠷ᠎ᠢ ᠰᠠᠬᠢᠨ ᠬᠠᠮᠠᠭᠠᠯᠠᠵᠤ᠂ ᠬᠡᠷ ᠣᠷᠣᠨ᠎ᠢᠶᠠᠨ ᠪᠥᠲᠥᠭᠡᠨ ᠪᠠᠢᠭᠤᠯᠬᠤ》 ᠬᠦᠴᠦᠷᠬᠡᠭ ᠶᠡᠬᠡ ᠳᠣᠲᠣᠭᠠᠳᠤ ᠬᠥᠳᠡᠯᠭᠡᠬᠦ᠌ ᠬᠦᠴᠦᠨ᠎ᠢ ᠨᠢᠭ᠍ᠲᠠᠷᠠᠭᠤᠯᠪᠠ᠃

ᠬᠢᠯᠢ ᠵᠢᠨ ᠱᠤᠭᠤᠮ ᠤ᠋ᠨ ᠪᠠᠳᠤ ᠬᠠᠯᠬᠠᠪᠴᠢ

ᠥᠷᠯᠥᠭᠡ᠎ᠶ᠋ᠢᠨ 6 ᠴᠠᠭ᠎ᠲᠤ᠂ ᠴᠠᠭ᠍ᠳᠠᠨ ᠰᠡᠷᠭᠡᠢᠯᠡᠬᠦ᠌ ᠠᠩᠭᠢ᠎ᠶ᠋ᠢᠨ ᠬᠡᠰᠢᠬᠦᠨ ᠡᠸ᠋ ᠰᠤᠳ᠋ᠤ ᠮᠣᠷᠢ ᠪᠠᠨ ᠤᠨᠤᠵᠤ᠂ ᠬᠠᠮᠳᠤ ᠨᠥᠬᠥᠳ᠎ᠲᠡᠶ᠎ᠪᠡᠨ ᠮᠠᠯᠵᠢᠯ᠎ᠤᠨ ᠲᠠᠯᠠᠪᠠᠶ᠎ᠠᠴᠠ ᠮᠣᠷᠳᠠᠵᠤ᠂ ᠨᠢᠭᠡ ᠡᠳᠦᠷ᠎ᠦᠨ ᠬᠢᠯᠢ ᠪᠠᠨ ᠲᠤᠭᠤᠷᠢᠨ ᠴᠠᠬᠳᠠᠬᠤ ᠠᠵᠢᠯ᠎ᠢᠶᠠᠨ ᠡᠬᠢᠯᠡᠭᠦᠯᠵᠡᠶ᠃ ᠲᠠᠳᠠ ᠪᠣᠯ 《ᠲᠠᠯ᠎ᠠ ᠨᠤᠲᠤᠭ᠎ᠤᠨ ᠴᠠᠭ᠍ᠳᠠᠨ ᠰᠡᠷᠭᠡᠢᠯᠡᠬᠦ᠌ ᠠᠩᠭᠢ》᠎ᠶ᠋ᠢᠨ ᠮᠠᠨᠵᠤ ᠦᠨᠳᠦᠰᠦᠲᠡᠨ᠎ᠦ ᠰᠢᠶᠠᠡᠭ ᠤ᠋ᠨ ᠬᠤᠪᠢᠶᠠᠷᠢ ᠠᠩᠭᠢ᠎ᠶ᠋ᠢᠨ ᠪᠦᠷᠢᠯᠳᠦᠬᠦᠨ ᠮᠥᠨ᠂ ᠲᠤᠰ ᠡᠡᠭᠨᠡᠭᠡ ᠳ᠋ᠤ ᠭᠠᠴᠠᠭᠠᠨ᠎ᠤ ᠺᠠᠳ᠋ᠷ᠂ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠂ ᠵᠠᠯᠠᠭᠤ ᠮᠠᠯᠴᠢᠨ ᠵᠡᠷᠭᠡ 255 ᠬᠦᠮᠦᠨ ᠪᠠᠢᠵᠤ᠂ ᠮᠣᠩᠭᠣᠯ ᠦᠨᠳᠦᠰᠦᠲᠡᠨ᠂ ᠮᠠᠨᠵᠤ ᠦᠨᠳᠦᠰᠦᠲᠡᠨ᠂ ᠬᠢᠲᠠᠳ ᠦᠨᠳᠦᠰᠦᠲᠡᠨ ᠵᠡᠷᠭᠡ ᠣᠯᠠᠨ ᠦᠨᠳᠦᠰᠦᠲᠡᠨ ᠵᠢᠡᠷ ᠪᠦᠷᠢᠯᠳᠦᠵᠡᠢ᠃ ᠲᠡᠳᠡ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠪᠠ ᠲᠤᠬᠠᠶ᠎ᠶ᠋ᠢᠨ ᠭᠠᠵᠠᠷ᠎ᠤᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠤᠤᠷ᠎ᠠ᠂ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠲᠡᠶ ᠨᠢᠭ᠍ᠲᠠ ᠬᠠᠮᠵᠢᠯᠴᠠᠵᠤ᠂ ᠬᠢᠯᠢ ᠵᠢᠨ ᠡᠮᠦᠨ᠎ᠠ ᠵᠠᠬ᠎ᠠ ᠵᠢᠨ ᠠᠮᠤᠷ ᠲᠦᠪᠰᠢᠨ ᠲᠤᠬᠳᠠᠭᠤᠨ ᠢ᠋ ᠪᠠᠳᠤᠯᠠᠨ ᠬᠠᠮᠠᠭᠠᠯᠠᠨ᠎ᠠ᠃

ᠴᠠᠭ᠍ᠳᠠᠨ ᠰᠡᠷᠭᠡᠢᠯᠡᠬᠦ᠌ ᠠᠩᠭᠢ᠎ᠶ᠋ᠢᠨ ᠨᠠᠮ᠎ᠤᠨ ᠭᠡᠱᠢᠭᠦᠨ ᠭᠤᠤᠯᠯᠠᠭ᠍ᠴᠢ ᠬᠦᠴᠦᠨ ᠦᠷᠭᠦᠯᠵᠢ ᠴᠠᠭ᠍ᠳᠠᠨ ᠰᠡᠷᠭᠡᠢᠯᠡᠬᠦ᠌ ᠠᠩᠭᠢ᠎ᠶ᠋ᠢᠨ ᠴᠤᠭ᠍ᠯᠠᠷᠠᠬᠤ ᠴᠡᠭ᠂ ᠠᠵᠢᠯᠯᠠᠭᠠᠨ᠎ᠤ ᠲᠠᠰᠤᠭ ᠵᠢᠴᠢ ᠮᠣᠩᠭᠣᠯ ᠬᠡᠷ ᠦᠶ᠋ᠯᠡᠴᠢᠯᠡᠭᠡᠨ᠎ᠦ ᠥᠷᠲᠡᠭᠡ᠎ᠳᠦ ᠡᠷᠬᠢᠨ ᠲᠣᠭᠣᠷᠢᠨ᠎ᠤ ᠬᠢᠯᠢ ᠬᠠᠮᠠᠭᠠᠯᠠᠭ᠍ᠴᠢ᠂ ᠮᠠᠯᠴᠢᠨ ᠲᠦᠮᠡᠨ᠎ᠢ ᠵᠣᠬᠢᠶᠠᠨ ᠪᠠᠢᠭᠤᠯᠵᠤ ᠨᠠᠮ᠎ᠤᠨ ᠣᠨᠣᠯ ᠲᠥᠷᠥ᠎ᠶ᠋ᠢᠨ ᠪᠣᠳᠣᠯᠭ᠎ᠠ ᠪᠣᠯᠤᠨ ᠬᠢᠯᠢ᠎ᠶ᠋ᠢᠨ ᠬᠠᠤᠯᠢ ᠴᠠᠭᠠᠵᠠ ᠲᠦᠷᠢᠮ ᠲᠣᠭ᠍ᠲᠠᠭᠠᠯ᠎ᠢ ᠬᠠᠮᠲᠤ᠎ᠪᠠᠷ ᠰᠤᠷᠤᠯᠴᠠᠭᠤᠯᠳᠠᠭ᠃ ᠠᠵᠢᠯ᠎ᠢ ᠬᠠᠮᠢᠭ᠎ᠠ ᠬᠦᠷᠲᠡᠯ᠎ᠡ ᠬᠢᠪᠡᠯ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠲᠡᠨᠳᠡ ᠬᠦᠷᠲᠡᠯ᠎ᠡ ᠪᠦᠷᠬᠦᠬᠦᠯᠵᠦ᠂ ᠨᠠᠮ᠎ᠤᠨ ᠭᠡᠱᠢᠭᠦᠨ᠎ᠦ ᠦᠢᠯᠡᠳᠦᠯ᠎ᠢ ᠲᠡᠨᠳᠡ ᠬᠦᠷᠲᠡᠯ᠎ᠡ ᠪᠠᠳᠠᠷᠠᠭᠤᠯᠤᠨ᠎ᠠ᠃ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠨᠢᠭ᠍ᠲᠠᠷᠠᠯ ᠳᠣᠣᠷ᠎ᠠ᠂ ᠴᠠᠭ᠍ᠳᠠᠨ ᠰᠡᠷᠭᠡᠢᠯᠡᠬᠦ᠌ ᠠᠩᠭᠢ᠎ᠶ᠋ᠢᠨ ᠭᠡᠱᠢᠭᠦᠳ ᠰᠠᠯᠬᠢ ᠱᠢᠭᠤᠷᠭᠠᠨ᠎ᠢ ᠰᠥᠷᠴᠦ᠍᠂ ᠡᠳᠦᠷ ᠰᠥᠨᠢ ᠦᠭᠡᠢ ᠴᠠᠭ᠍ᠳᠠᠨ ᠪᠠᠢᠴᠠᠭᠠᠵᠤ᠂ 30 ᠭᠠᠷᠤᠢ ᠺᠢᠯᠤᠮᠸᠲᠷ ᠬᠢᠯᠢ᠎ᠶ᠋ᠢᠨ ᠱᠤᠭᠤᠮ ᠳᠡᠭᠡᠷᠡᠬᠢ ᠠᠭᠤᠯᠠ ᠤᠰᠤ ᠭᠣᠣᠯ ᠮᠥᠷᠡᠨ᠎ᠢ ᠠᠯᠠᠭᠠᠨ ᠵᠢᠷᠤᠭᠠᠰᠤ ᠪᠠᠨ ᠰᠢᠬ ᠲᠤᠳᠤ ᠮᠡᠳᠡᠵᠦ᠂ ᠬᠢᠯᠢ ᠬᠢᠵᠠᠭᠠᠷ᠎ᠢ ᠴᠠᠭ᠍ᠳᠠᠨ ᠪᠠᠢᠴᠠᠭᠠᠬᠤ ᠡᠭᠦᠷᠭᠡ᠎ᠶ᠋ᠢ ᠥᠨᠳᠥᠷ ᠪᠦᠲᠦᠮᠵᠢᠲᠡᠢ ᠪᠡᠶᠡᠯᠡᠭᠦᠯᠦᠭ᠌ᠰᠡᠨ᠎ᠢᠶᠡᠷ ᠪᠠᠷᠠᠬᠤ ᠦᠭᠡᠢ᠂ ᠪᠠᠰᠠ ᠮᠠᠯᠴᠢᠳ᠎ᠢ ᠬᠠᠪᠰᠤᠷᠤᠨ ᠠᠯᠳᠠᠬᠰᠠᠨ ᠦᠬᠡᠷ ᠬᠤᠨᠢ᠎ᠶ᠋ᠢ ᠡᠷᠢᠵᠦ᠍᠂ ᠠᠶᠤᠯ ᠲᠦᠭ᠌ᠰᠢᠭᠦᠷᠢ ᠭᠡᠮ ᠰᠣᠭᠣᠭ᠎ᠢ ᠵᠢᠭ᠍ᠰᠠᠭᠠᠨ ᠪᠠᠢᠴᠠᠭᠠᠵᠤ᠂ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠤ᠋ᠨ ᠬᠣᠯᠪᠣᠭᠠᠯᠠᠨ ᠰᠡᠷᠭᠡᠢᠯᠡᠬᠦ᠌ ᠱᠢᠰᠲᠸᠮ᠎ᠤᠨ ᠳᠣᠲᠣᠷᠠᠬᠢ ᠳᠤᠲᠠᠭ᠍ᠳᠠᠵᠤ ᠪᠣᠯᠤᠰᠢ ᠦᠭᠡᠢ ᠬᠦᠴᠦᠨ ᠪᠣᠯᠤᠭ᠍ᠰᠠᠨ ᠪᠠᠢᠨ᠎ᠠ᠃

ᠮᠠᠨᠵᠦ᠋ᠲ᠋ᠦ᠋ᠨ ᠤ᠋ ᠮᠠᠨᠵᠤ ᠦᠨᠳᠦᠰᠦᠲᠡᠨ᠎ᠦ ᠱᠢᠶᠠᠩ ᠠᠮᠤᠭᠤᠯᠠᠡᠭᠳᠤ ᠬᠢᠯᠢ ᠵᠢᠨ ᠵᠢᠱ᠌ᠢᠶᠡᠴᠢ ᠰᠢᠶᠠᠩ᠎ᠢ ᠡᠭᠦᠳᠦᠨ ᠪᠠᠢᠭᠤᠯᠤᠭ᠍ᠰᠠᠨ ᠦᠷ᠎ᠡ ᠪᠦᠲᠦᠭᠡᠯ᠎ᠢᠶᠡᠨ ᠦᠷᠭᠦᠯᠵᠢᠯᠡᠨ ᠪᠡᠬᠢᠵᠢᠭᠦᠯᠵᠦ᠍᠂ ᠬᠢᠯᠢ ᠬᠢᠵᠠᠭᠠᠷ᠎ᠤᠨ ᠰᠡᠷᠭᠡᠢᠯᠡᠨ ᠡᠵᠡᠮᠳᠡᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠬᠢᠯᠢ ᠬᠢᠵᠠᠭᠠᠷ᠎ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌ ᠪᠠ ᠬᠢᠯᠢ ᠬᠢᠵᠠᠭᠠᠷ᠎ᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠬᠢᠯᠢ ᠨᠤᠳᠤᠭ ᠤ᠋ᠨ ᠥᠨᠢ ᠤᠳᠠᠭᠠᠨ ᠠᠮᠤᠷ ᠲᠦᠪᠱᠢᠨ᠂ ᠦᠨᠳᠦᠰᠦᠲᠡᠨ ᠨᠤᠭᠦᠳ ᠤ᠋ᠨ ᠤᠯᠠᠨ ᠲᠦᠮᠡᠨ ᠤ᠋ ᠵᠢᠷᠭᠠᠯᠳᠤ᠎ᠠᠮᠢᠳᠤᠷᠠᠯ ᠤ᠋ᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号