5 ᠰᠠᠷ᠎ᠠ᠎ᠶ᠋ᠢᠨ 1᠎ᠤ᠋ ᠡᠳᠦᠷ᠎ᠡᠴᠡ ᠡᠬᠢᠯᠡᠨ ᠬᠡᠷᠡᠭ᠌ᠵᠢᠭᠦᠯᠦᠭᠰᠡᠨ ᠬᠠᠤᠯᠢ ᠲᠤᠬᠳᠠᠭᠠᠯ
2026-05-11 10:58:51
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠬᠠᠤᠯᠢ〉 ᠶ᠋ᠢ ᠬᠡᠷᠡᠭ᠌ᠵᠢᠭᠦᠯᠬᠦ᠌ ᠠᠷᠭ᠎ᠠ》


QQ截图20260511111426.png


《ᠬᠡᠷᠡᠭᠵᠢᠬᠦᠯᠬᠦ ᠠᠷᠭ᠎ᠠ》 ᠳ᠋ᠤ ᠶᠡᠷᠦᠩᠬᠡᠶ ᠵᠠᠷᠴᠢᠮ᠂ ᠠᠵᠤ ᠦᠶ᠋ᠯᠡᠰ᠎ᠦᠨ ᠬᠥᠭ᠌ᠵᠢᠯᠲᠡ᠂ ᠴᠢᠳᠠᠪᠤᠷᠢᠲᠠᠨ᠎ᠤ ᠲᠤᠯᠭᠠᠭᠤᠷᠢᠯᠠᠯ᠂ ᠰᠣᠶᠣᠯ᠎ᠤᠨ ᠴᠡᠴᠡᠭ᠌ᠯᠡᠯᠳᠡ᠂ ᠠᠮᠢ ᠠᠬᠤᠶ᠎ᠶ᠋ᠢᠨ ᠬᠠᠮᠠᠭᠠᠯᠠᠯᠲᠠ᠂ ᠵᠣᠬᠢᠶᠠᠨ ᠪᠠᠢᠭᠤᠯᠤᠯᠲᠠ᠎ᠶ᠋ᠢᠨ ᠴᠤᠬᠴᠠᠯᠠᠯᠳᠠ᠂ ᠬᠣᠲᠠ ᠬᠥᠳᠡᠭᠡ᠎ᠶ᠋ᠢᠨ ᠠᠭᠤᠰᠤᠯᠴᠠᠯ᠂ ᠲᠡᠳᠬᠦᠨ ᠳᠡᠮᠵᠢᠬᠦ᠌ ᠠᠷᠭ᠎ᠠ ᠬᠡᠮᠵᠢᠶ᠎ᠡ᠂ ᠬᠢᠨᠠᠯᠲᠠ ᠪᠠᠢᠴᠠᠭᠠᠯᠳᠠ᠂ ᠳᠠᠭᠠᠯᠳᠤᠭᠤᠯᠤᠯ ᠵᠡᠷᠭᠡ 10 ᠪᠦᠯᠦᠭ 62 ᠵᠤᠢᠯ ᠪᠤᠢ᠃

《ᠬᠡᠷᠡᠭᠵᠢᠭᠦᠯᠬᠦ ᠠᠷᠭ᠎ᠠ》 ᠨᠢ ᠠᠵᠤ ᠦᠢᠯᠡᠰ᠎ᠢ ᠬᠥᠭᠵᠢᠭᠦᠯᠦᠨ ᠮᠠᠨᠳᠤᠭᠤᠯᠬᠤ᠎ᠶᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢᠨ ᠭᠣᠣᠯᠳᠠᠯᠭ᠎ᠠ᠎ᠶᠢᠨ ᠳᠣᠲᠣᠷᠠᠬᠢ ᠭᠣᠣᠯᠳᠠᠯᠭ᠎ᠠ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠎ᠵᠢᠨ ᠦᠢᠯᠡᠳᠪᠦᠷᠢᠯᠡᠯ᠎ᠦᠨ ᠬᠦᠴᠦᠨ᠎ᠦ ᠪᠠᠢᠷᠢᠰᠢᠭᠤᠯᠤᠯᠲᠠ᠎ᠶᠢ ᠰᠢᠯᠢᠳᠡᠭᠵᠢᠭᠦᠯᠵᠦ᠂ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠦᠨ ᠬᠡᠯᠬᠢᠶ᠎ᠡ᠂ ᠠᠵᠤ ᠦᠢᠯᠡᠰ᠎ᠦᠨ ᠪᠦᠯᠦᠭᠵᠢᠯ᠎ᠢ ᠪᠣᠶ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ᠎ᠤ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ᠎ᠦᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠃ ᠡᠭᠦᠨ᠎ᠦ ᠬᠠᠮᠲᠤ᠂ ᠡᠬᠦᠯᠳᠡᠷ ᠢ᠋ ᠰᠢᠯᠢᠳᠡᠭᠵᠢᠭᠦᠯᠦᠨ ᠪᠣᠢᠵᠢᠭᠤᠯᠬᠤ᠂ ᠶᠠᠰᠤ ᠴᠢᠨᠠᠷ᠎ᠢ ᠳᠡᠭᠡᠭᠰᠢᠯᠡᠭᠦᠯᠬᠦ᠂ ᠨᠠᠷᠠᠲᠤ ᠲᠡᠮᠳᠡᠭ᠎ᠢ ᠡᠭᠦᠳᠬᠦ ᠪᠠ ᠪᠠᠷᠢᠮᠵᠢᠶᠠᠵᠢᠭᠰᠠᠨ ᠦᠢᠯᠡᠳᠪᠦᠷᠢᠯᠡᠯ ᠳ᠋ᠤ ᠠᠩᠬᠠᠷᠤᠯ᠎ᠢᠶᠠᠨ ᠲᠥᠪᠯᠡᠷᠡᠭᠦᠯᠵᠦ᠂ ᠠᠮᠤ ᠪᠤᠳᠠᠭ᠎ᠠ ᠲᠣᠰᠣᠨ᠎ᠤ ᠲᠠᠷᠢᠮᠠᠯ ᠤ᠋ᠨ ᠲᠠᠯᠠᠪᠠᠶ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ᠂ ᠮᠢᠬᠠᠨ ᠤ᠋ ᠦᠬᠡᠷ ᠬᠣᠨᠢ᠎ᠶᠢᠨ ᠲᠣᠭ᠎ᠠ ᠬᠡᠮᠵᠢᠶ᠎ᠡ᠎ᠶᠢ ᠨᠡᠮᠡᠭᠳᠡᠭᠦᠯᠦᠨ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ᠎ᠶᠢ ᠬᠠᠨᠳᠤᠯᠭᠠᠲᠤ ᠴᠢᠨᠠᠷᠲᠠᠢ᠎ᠪᠠᠷ ᠬᠡᠷᠡᠭᠵᠢᠭᠦᠯᠵᠦ᠂ 《ᠥᠪᠥᠷ ᠮᠣᠩᠭᠣᠯ》 ᠨᠡᠷᠡᠮᠵᠢᠳᠤ ᠵᠢ ᠭᠡᠷᠡᠴᠢᠯᠡᠬᠦ ᠪᠦᠷᠬᠦᠴᠡ᠎ᠶᠢ ᠦᠷᠭᠦᠯᠵᠢᠯᠡᠨ ᠥᠷᠭᠡᠳᠬᠡᠵᠦ᠂ ᠭᠠᠵᠠᠷ ᠵᠦᠢ᠎ᠶᠢᠨ ᠢᠯᠡᠷᠬᠡᠢᠯᠡᠯᠳᠦ ᠲᠠᠷᠢᠶᠠᠯᠠᠩ᠎ᠤᠨ ᠪᠦᠳᠦᠭᠡᠭᠳᠡᠭᠦᠨ ᠮᠠᠯ᠎ᠤᠨ ᠠᠰᠢᠭ᠋ ᠰᠢᠮ᠎ᠡ᠎ᠵᠢᠨ ᠬᠠᠩᠭᠠᠯᠭ᠎ᠠ᠎ᠶᠢ ᠨᠡᠮᠡᠭᠳᠡᠭᠦᠯᠵᠦ᠂ ᠠᠵᠤ ᠦᠢᠯᠡᠰ᠎ᠦᠨ ᠬᠥᠭᠵᠢᠯᠳᠠ ᠪᠡᠷ ᠮᠠᠯᠵᠢᠬᠤ ᠲᠠᠷᠢᠶᠠᠯᠠᠬᠤ ᠣᠷᠣᠨ᠎ᠤ ᠠᠵᠤ ᠠᠬᠤᠢ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠳᠠᠶ᠋ᠢᠴᠢᠯᠠᠨ᠎ᠠ ᠭᠡᠵᠦ ᠳᠤᠷᠠᠳᠴᠠᠢ᠃

《ᠬᠡᠷᠡᠭᠵᠢᠭᠦᠯᠬᠦ ᠠᠷᠭ᠎ᠠ》 ᠳ᠋ᠤ ᠪᠠᠰᠠ ᠲᠠᠷᠢᠶᠠᠯᠠᠩ ᠮᠠᠯ ᠠᠵᠤ ᠠᠬᠤᠢ᠎ᠶᠢᠨ ᠰᠠᠭᠤᠷᠢ ᠲᠦᠭᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠳᠤ ᠪᠥᠬᠥ ᠲᠠᠯ᠎ᠠ᠎ᠶᠢᠨ ᠪᠠᠢᠷᠢᠯᠠᠭᠤᠯᠤᠯᠲᠠ ᠬᠢᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ ᠬᠠᠮᠢᠶᠠᠷᠤᠯᠲᠠ ᠬᠠᠮᠠᠭᠠᠯᠠᠯᠲᠠ᠂ ᠬᠤᠵᠢᠷᠯᠢᠭ᠋ ᠭᠠᠵᠠᠷ᠎ᠢ ᠶᠡᠷᠦᠩᠬᠡᠢᠯᠡᠨ ᠵᠠᠰᠠᠬᠤ᠂ ᠬᠠᠷ᠎ᠠ ᠬᠥᠷᠥᠰᠥ᠎ᠶᠢ ᠬᠠᠮᠠᠭᠠᠯᠠᠨ ᠠᠰᠢᠭ᠍ᠯᠠᠬᠤ᠎ᠶᠢ ᠠᠬᠢᠭᠤᠯᠵᠤ᠂ ᠮᠠᠯ ᠠᠵᠤ ᠠᠬᠤᠢ᠎ᠶᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦᠯᠬᠦ᠎ᠶᠢ ᠳᠡᠮᠵᠢᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ᠂ ᠲᠥᠬᠥᠭᠡᠷᠦᠮᠵᠢᠲᠦ ᠲᠠᠷᠢᠶᠠᠯᠠᠩ ᠪᠠ ᠬᠠᠰᠢᠶᠠᠯᠠᠨ ᠲᠡᠵᠢᠭᠡᠵᠦ ᠠᠷᠠᠴᠢᠯᠠᠬᠤ᠎ᠶᠢ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠢ᠎ᠶᠢᠨ ᠮᠠᠰᠢᠨᠴᠢᠯᠠᠯᠲᠠ᠂ ᠣᠶᠤᠨᠴᠢᠯᠠᠯᠲᠠ᠎ᠶᠢᠨ ᠠᠬᠢᠴᠠ᠎ᠶᠢ ᠲᠦᠷᠭᠡᠳᠬᠡᠵᠦ᠂ ᠲᠠᠷᠢᠶᠠᠯᠠᠩ ᠮᠠᠯ ᠠᠵᠤ ᠠᠬᠤᠢ᠎ᠶᠢᠨ ᠭᠠᠷᠤᠯᠲᠠ᠎ᠶᠢ ᠲᠣᠭᠲᠠᠪᠤᠷᠢᠵᠢᠭᠤᠯᠤᠨ ᠭᠠᠷᠤᠯᠲᠠ᠎ᠶᠢ ᠨᠡᠮᠡᠭᠳᠡᠭᠦᠯᠬᠦ ᠬᠠᠲᠠᠭᠤ ᠲᠣᠨᠣᠭ᠎ᠤᠨ ᠰᠠᠭᠤᠷᠢ᠎ᠶᠢ ᠪᠡᠬᠢᠵᠢᠭᠦᠯᠦᠨ᠎ᠠ ᠭᠡᠵᠦ ᠲᠤᠳᠤᠷᠬᠠᠢᠯᠠᠪᠠ᠃


《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠶ ᠰᠢᠭᠤᠢ᠎ᠶᠢᠨ ᠬᠠᠤᠯᠢ〉᠎ᠵᠢ ᠬᠡᠷᠡᠭᠵᠢᠭᠦᠯᠬᠦ ᠠᠷᠭ᠎ᠠ》


QQ截图20260511111442.png


《ᠬᠡᠷᠡᠭᠵᠢᠬᠦᠯᠬᠦ ᠠᠷᠭ᠎ᠠ》 ᠳ᠋ᠤ ᠶᠡᠷᠦᠩᠬᠡᠢ ᠵᠠᠷᠴᠢᠮ᠂ ᠣᠶ ᠰᠢᠭᠤᠢ᠎ᠶᠢᠨ ᠬᠠᠮᠠᠭᠠᠯᠠᠯᠲᠠ᠂ ᠣᠢᠵᠢᠭᠤᠯᠤᠯᠳᠠ ᠨᠣᠭᠣᠭᠠᠷᠠᠭᠤᠯᠤᠯᠳᠠ᠂ ᠡᠵᠡᠩᠨᠡᠯᠲᠡ ᠬᠠᠮᠢᠶᠠᠷᠤᠯᠲᠠ᠂ ᠬᠢᠨᠠᠯᠲᠠ ᠪᠠᠢᠴᠠᠭᠠᠯᠲᠠ᠂ ᠬᠠᠤᠯᠢ᠎ᠴᠠᠭᠠᠵᠠ ᠵᠢᠨ ᠬᠠᠷᠢᠭᠤᠴᠠᠯᠭ᠎ᠠ᠂ ᠳᠠᠭᠠᠯᠳᠤᠭᠤᠯᠤᠯ ᠵᠡᠷᠭᠡ 7 ᠪᠦᠯᠦᠭ 56 ᠵᠦᠢᠯ ᠪᠤᠢ᠃

《ᠬᠡᠷᠡᠭᠵᠢᠬᠦᠯᠬᠦ ᠠᠷᠭ᠎ᠠ》᠎ᠳ᠋ᠸ᠋᠂ ᠥᠪᠡᠷᠲᠡᠭᠡᠨ ᠵᠠᠰᠠᠬᠤ ᠣᠷᠣᠨ᠎ᠠᠴᠠ ᠣᠶ᠎ᠶᠢᠨ ᠳᠠᠷᠤᠭ᠎ᠠ᠎ᠶᠢᠨ ᠳᠦᠷᠢᠮ᠎ᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠢᠮᠠᠭ ᠪᠠ ᠲᠣᠭᠣᠷᠢᠭ᠋ ᠪᠠᠢᠭᠤᠯᠤᠭᠰᠠᠨ ᠬᠣᠲᠠ᠂ ᠬᠣᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠣᠨ ᠲᠠᠪᠤᠨ ᠱᠠᠲᠤᠨ᠎ᠤ ᠣᠶ᠎ᠶᠢᠨ ᠳᠠᠷᠤᠭ᠎ᠠ᠎ᠶᠢᠨ ᠰᠢᠰᠲᠧᠮ ᠢ᠋ ᠪᠠᠢᠭᠤᠯᠵᠤ᠂ ᠱᠠᠲᠤ ᠬᠤᠪᠢᠶᠠᠨ ᠬᠠᠷᠢᠭᠤᠴᠠᠬᠤ ᠳᠦᠷᠢᠮ᠎ᠢ ᠬᠡᠷᠡᠭᠵᠢᠭᠦᠯᠦᠨ᠎ᠡ᠃ ᠡᠯ᠎ᠡ ᠱᠠᠲᠤᠨ᠎ᠤ ᠣᠶ᠎ᠶᠢᠨ ᠳᠠᠷᠤᠭ᠎ᠠ ᠨᠢ ᠬᠠᠷᠢᠭᠤᠴᠠᠯᠭ᠎ᠠ᠎ᠲᠠᠢ ᠣᠷᠣᠨ ᠪᠦᠰᠡ᠎ᠶᠢᠨ ᠳᠣᠲᠣᠷᠠᠬᠢ ᠣᠶ ᠰᠢᠭᠤᠢ᠎ᠶᠢᠨ ᠡᠬᠢ ᠪᠠᠶᠠᠯᠢᠭ᠋᠎ᠢ ᠬᠠᠮᠠᠭᠠᠯᠠᠨ ᠬᠥᠭᠵᠢᠭᠦᠯᠬᠦ ᠠᠵᠢᠯ᠎ᠢ ᠵᠣᠬᠢᠶᠠᠨ ᠪᠠᠢᠭᠤᠯᠤᠨ ᠤᠳᠤᠷᠢᠳᠬᠤ᠎ᠶᠢ ᠬᠠᠷᠢᠭᠤᠴᠠᠵᠤ᠂ ᠣᠶ ᠰᠢᠭᠤᠢ᠎ᠶᠢᠨ ᠡᠬᠢ ᠪᠠᠶᠠᠯᠢᠭ᠋᠎ᠢ ᠬᠠᠮᠠᠭᠠᠯᠠᠨ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ᠎ᠶᠢᠨ ᠳᠦᠷᠢᠮ᠎ᠢ ᠨᠠᠢᠳᠠᠪᠤᠷᠢᠵᠢᠭᠤᠯᠤᠨ᠂ ᠬᠠᠷᠢᠭᠤᠴᠠᠯᠭ᠎ᠠ ᠲᠠᠢ ᠣᠷᠣᠨ ᠪᠦᠰᠡ᠎ᠶᠢᠨ ᠭᠣᠣᠯᠳᠠᠯᠭ᠎ᠠ᠎ᠲᠠᠢ ᠠᠰᠠᠭᠤᠳᠠᠯ᠎ᠢ ᠵᠣᠬᠢᠴᠠᠭᠤᠯᠤᠨ ᠰᠢᠢᠳᠪᠦᠷᠢᠯᠡᠨ᠎ᠡ᠃ ᠣᠶ᠎ᠶᠢᠨ ᠳᠠᠷᠤᠭ᠎ᠠ᠎ᠶᠢᠨ ᠳᠦᠷᠢᠮ᠎ᠦᠨ ᠪᠦᠷᠢᠯᠳᠦᠭᠦᠨ ᠨᠢᠭᠡᠴᠢ ᠨᠢ ᠠᠵᠢᠯ᠎ᠤᠨ ᠬᠤᠪᠢᠶᠠᠷᠢᠯᠠᠯ ᠶᠣᠰᠣᠭᠠᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠵᠦ᠂ ᠣᠶ᠎ᠶᠢᠨ ᠳᠠᠷᠤᠭ᠎ᠠ᠎ᠶᠢᠨ ᠳᠦᠷᠢᠮ᠎ᠦᠨ ᠬᠣᠯᠪᠣᠭᠳᠠᠯ ᠪᠦᠬᠦᠢ ᠠᠵᠢᠯ᠎ᠢ ᠨᠠᠢᠳᠠᠪᠤᠷᠢᠵᠢᠭᠤᠯᠤᠨ᠎ᠠ ᠭᠡᠵᠦ ᠲᠤᠳᠤᠷᠬᠠᠢᠯᠠᠪᠠ᠃

《ᠬᠡᠷᠡᠭᠵᠢᠬᠦᠯᠬᠦ ᠠᠷᠭ᠎ᠠ》 ᠳ᠋ᠤ᠂ ᠥᠪᠡᠷᠲᠡᠭᠡᠨ ᠵᠠᠰᠠᠬᠤ ᠣᠷᠣᠨ᠎ᠠᠴᠠ ᠠᠷᠠᠳ ᠢᠷᠭᠡᠳ᠎ᠦᠨ ᠠᠯᠪᠠᠨ ᠵᠢᠷᠤᠮ᠎ᠤᠨ ᠮᠣᠳᠣ᠌ ᠳᠠᠷᠢᠬᠤ ᠠᠵᠢᠯᠯᠠᠭ᠎ᠠ᠎ᠳᠤ ᠣᠷᠣᠯᠴᠠᠬᠤ᠎ᠶᠢ ᠵᠣᠷᠢᠭ᠍ᠵᠢᠭᠤᠯᠤᠨ ᠳᠡᠮᠵᠢᠵᠦ᠂ ᠵᠢᠯ ᠪᠦᠷᠢ᠎ᠶᠢᠨ 4 ᠰᠠᠷ᠎ᠠ᠎ᠶᠢᠨ 10᠎ᠡᠴᠡ 4 ᠰᠠᠷ᠎ᠠ᠎ᠶᠢᠨ 16 ᠤ᠋ ᠡᠳᠦᠷ ᠪᠣᠯᠲᠠᠯ᠎ᠠ ᠥᠪᠡᠷᠲᠡᠭᠡᠨ ᠵᠠᠰᠠᠬᠤ ᠣᠷᠣᠨ᠎ᠤ ᠠᠯᠪᠠᠨ ᠵᠢᠷᠤᠮ᠎ᠤᠨ ᠮᠣᠳᠣ᠌ ᠳᠠᠷᠢᠬᠤ ᠭᠠᠷᠠᠭ ᠪᠣᠯᠭᠠᠵᠠᠢ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠣᠯᠠᠨ ᠬᠡᠯᠪᠡᠷᠢ ᠵᠢᠨ ᠠᠯᠪᠠᠨ ᠵᠢᠷᠤᠮ᠎ᠤᠨ ᠮᠣᠳᠣ᠌ ᠲᠠᠷᠢᠬᠤ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠴᠢᠬᠤᠯᠠ ᠪᠦᠬᠦᠢ ᠨᠥᠬᠥᠴᠡᠯ ᠪᠠ ᠪᠠᠲᠤᠯᠠᠭ᠎ᠠ ᠬᠠᠩᠭᠠᠵᠤ᠂ ᠠᠷᠠᠳ ᠣᠯᠠᠨ᠎ᠤ ᠣᠷᠣᠯᠴᠠᠬᠤ ᠬᠡᠮᠵᠢᠶ᠎ᠡ᠎ᠶᠢ ᠳᠡᠭᠡᠭᠰᠢᠯᠡᠭᠦᠯᠦᠨ᠎ᠠ᠃ ᠪᠠᠢᠭᠤᠯᠭ᠎ᠠ᠂ ᠪᠦᠯᠬᠦᠮ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ ᠪᠣᠯᠣᠨ ᠪᠤᠰᠤᠳ ᠵᠣᠬᠢᠶᠠᠨ ᠪᠠᠢᠭᠤᠯᠤᠯᠲᠠ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠰ ᠨᠢᠭᠡᠴᠢ᠎ᠶᠢᠨ᠎ᠢᠶᠡᠨ ᠬᠥᠮᠥᠰ᠎ᠢ ᠵᠣᠬᠢᠶᠠᠨ ᠪᠠᠢᠭᠤᠯᠤᠨ ᠠᠯᠪᠠᠨ ᠵᠢᠷᠤᠮ᠎ᠤᠨ ᠮᠣᠳᠣ᠌ ᠲᠠᠷᠢᠬᠤ᠎ᠳᠤ ᠣᠷᠣᠯᠴᠠᠭᠤᠯᠬᠤ ᠬᠡᠷᠡᠭᠲᠡᠢ ᠭᠡᠵᠦ ᠲᠤᠷᠠᠳᠪᠠ᠃


《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢᠯᠠᠯ᠎ᠤᠨ ᠠᠷᠠᠳᠴᠢᠯᠠᠭᠰᠠᠨ ᠬᠠᠮᠢᠶᠠᠷᠤᠯᠲᠠ᠎ᠶᠢᠨ ᠳᠦᠷᠢᠮ》


QQ截图20260511113019.png


《ᠳᠦᠷᠢᠮ》 ᠨᠢ ᠨᠡᠶ᠋ᠢᠲᠡ 31 ᠵᠤᠢᠯ ᠪᠤᠢ᠃ ᠠᠵᠢᠯᠲᠠᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠰᠢᠭ᠋᠎ᠢ ᠪᠠᠲᠤᠯᠠᠵᠤ᠂ ᠠᠵᠤ ᠠᠬᠤᠢᠯᠠᠯ᠎ᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ᠎ᠶᠢᠨ ᠲᠦᠪᠰᠢᠨ ᠢ᠋ ᠳᠡᠭᠡᠭᠰᠢᠯᠡᠭᠦᠯᠬᠦ ᠵᠠᠷᠴᠢᠮ᠎ᠢ ᠵᠢᠷᠤᠮᠯᠠᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠣᠷᠣᠨ᠎ᠤ ᠳᠣᠲᠣᠷᠠᠬᠢ ᠪᠣᠶ ᠪᠦᠬᠦᠢ ᠠᠵᠤ ᠠᠬᠤᠢᠯᠠᠯ᠎ᠤᠨ ᠠᠷᠠᠳᠴᠢᠯᠠᠭᠰᠠᠨ ᠬᠠᠮᠢᠶᠠᠷᠤᠯᠲᠠ᠎ᠶᠢᠨ ᠠᠵᠢᠯᠯᠠᠭ᠎ᠠ᠎ᠶᠢ ᠬᠠᠮᠤᠷᠴᠤ᠂ ᠪᠥᠬᠥ ᠣᠷᠣᠨ᠎ᠤ ᠠᠵᠤ ᠠᠬᠤᠢᠯᠠᠯ᠎ᠤᠨ ᠠᠷᠠᠳᠴᠢᠯᠠᠭᠰᠠᠨ ᠬᠠᠮᠢᠶᠠᠷᠤᠯᠲᠠ᠎ᠶᠢᠨ ᠠᠵᠢᠯ᠎ᠳᠤ ᠬᠠᠤᠯᠢ ᠪᠠᠷ ᠵᠠᠰᠠᠬᠤ ᠵᠢᠷᠤᠮᠯᠠᠯ ᠬᠠᠩᠭᠠᠪᠠ᠃

ᠠᠵᠤ ᠠᠬᠤᠢᠯᠠᠯ᠎ᠤᠨ ᠠᠷᠠᠳᠴᠢᠯᠠᠭᠰᠠᠨ ᠬᠠᠮᠢᠶᠠᠷᠤᠯᠲᠠ ᠭᠡᠳᠡᠭ ᠪᠣᠯ ᠠᠵᠤ ᠠᠬᠤᠢᠯᠠᠯ ᠬᠠᠤᠯᠢ ᠴᠠᠭᠠᠵᠠ ᠲᠦᠷᠢᠮ ᠲᠣᠭᠲᠠᠭᠠᠯ᠎ᠤᠨ ᠶᠣᠰᠣᠭᠠᠷ᠂ ᠠᠵᠢᠯᠲᠠᠨ ᠠᠵᠢᠯᠴᠢᠨ᠎ᠤ ᠲᠣᠰ ᠪᠡᠶ᠎ᠡ᠎ᠶᠢᠨ ᠠᠰᠢᠭ᠋ ᠲᠤᠰᠠ᠎ᠳᠤ ᠬᠣᠯᠪᠣᠭᠳᠠᠬᠤ ᠤᠴᠢᠷ ᠶᠠᠪᠤᠳᠠᠯ᠎ᠳᠤ ᠠᠵᠢᠯᠲᠠᠨ ᠠᠵᠢᠯᠴᠢᠨ᠎ᠤ ᠲᠥᠯᠥᠭᠡᠯᠡᠭᠴᠢᠳ᠎ᠦᠨ ᠶᠡᠬᠡ ᠬᠤᠷᠠᠯ ᠪᠤᠶᠤ ᠲᠣᠰ ᠨᠢᠭᠡᠴᠢ᠎ᠲᠠᠢ᠎ᠪᠡᠨ ᠵᠣᠬᠢᠴᠠᠯᠳᠤᠭᠰᠠᠨ ᠪᠤᠰᠤᠳ ᠬᠡᠯᠪᠡᠷᠢ᠎ᠪᠡᠷ ᠳᠠᠮᠵᠢᠨ᠂ ᠠᠵᠢᠯᠲᠠᠨ ᠠᠵᠢᠯᠴᠢᠨ᠎ᠢ ᠵᠣᠬᠢᠶᠠᠨ ᠪᠠᠢᠭᠤᠯᠤᠨ ᠠᠷᠠᠳᠴᠢᠯᠠᠯ᠎ᠢᠶᠠᠷ ᠰᠣᠩᠭᠣᠭᠤᠯᠢ ᠬᠢᠬᠦ᠂ ᠠᠷᠠᠳᠴᠢᠯᠠᠯ᠎ᠢᠶᠠᠷ ᠵᠥᠪᠳᠡᠯᠴᠡᠬᠦ᠂ ᠠᠷᠠᠳᠴᠢᠯᠠᠯ᠎ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ᠎ᠢᠶᠠᠷ ᠬᠠᠮᠢᠶᠠᠷᠬᠤ ᠪᠠ ᠠᠷᠠᠳᠴᠢᠯᠠᠯ᠎ᠢᠶᠠᠷ ᠬᠢᠨᠠᠯᠲᠠ ᠲᠠᠯᠪᠢᠵᠦ᠂ ᠠᠵᠢᠯᠲᠠᠨ ᠠᠵᠢᠯᠴᠢᠨ᠎ᠤ ᠬᠠᠤᠯᠢ ᠶᠣᠰᠣᠨ ᠤ᠋ ᠪᠠᠢᠳᠠᠯ᠎ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ ᠪᠠ ᠬᠢᠨᠠᠯᠲᠠ ᠲᠠᠯᠪᠢᠬᠤ ᠡᠷᠬᠡ ᠵᠡᠷᠭᠡ ᠠᠷᠠᠳᠴᠢᠯᠠᠯ᠎ᠤᠨ ᠡᠷᠬᠡ᠎ᠶᠢᠨ ᠠᠵᠢᠯᠯᠠᠭ᠎ᠠ᠎ᠶᠢ ᠵᠢᠭᠠᠨ᠎ᠠ᠃

《ᠲᠦᠷᠢᠮ》 ᠳ᠋ᠤ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠢᠯᠴᠢᠨ᠎ᠤ ᠡᠪᠯᠡᠯ᠂ ᠠᠵᠤ ᠠᠬᠤᠢᠯᠠᠯ᠂ ᠠᠵᠢᠯᠲᠠᠨ ᠠᠵᠢᠯᠴᠢᠨ᠎ᠤ ᠠᠷᠠᠳᠴᠢᠯᠠᠭᠰᠠᠨ ᠬᠠᠮᠢᠶᠠᠷᠤᠯᠲᠠ᠎ᠳᠠᠬᠢ ᠡᠭᠦᠷᠭᠡ ᠬᠠᠷᠢᠭᠤᠴᠠᠯᠭ᠎ᠠ᠎ᠶᠢ ᠵᠠᠭᠠᠭᠯᠠᠨ ᠲᠣᠭᠲᠠᠭᠠᠵᠤ᠂ 《ᠵᠠᠰᠠᠭ᠎ᠤᠨ ᠣᠷᠳᠣᠨ ᠵᠢᠯᠤᠭᠣᠳᠬᠤ᠂ ᠠᠵᠢᠯᠴᠢᠨ᠎ᠤ ᠡᠪᠯᠡᠯ ᠠᠬᠢᠭᠤᠯᠬᠤ᠂ ᠠᠵᠤ ᠠᠬᠤᠢᠯᠠᠯ ᠨᠠᠢᠳᠠᠪᠤᠷᠢᠵᠢᠭᠤᠯᠬᠤ᠂ ᠠᠵᠢᠯᠲᠠᠨ ᠠᠵᠢᠯᠴᠢᠨ ᠣᠷᠣᠯᠴᠠᠬᠤ》 ᠠᠵᠢᠯ᠎ᠤᠨ ᠪᠠᠢᠷᠢᠰᠢᠯ᠎ᠢ ᠪᠣᠶ ᠪᠣᠯᠭᠠᠨ᠎ᠠ ᠭᠡᠵᠦ ᠲᠤᠳᠤᠷᠬᠠᠢᠯᠠᠪᠠ᠃


《ᠪᠤᠭᠤᠲᠤ ᠬᠣᠲᠠ᠎ᠶᠢᠨ ᠬᠣᠲᠠ᠎ᠶᠢᠨ ᠶᠠᠪᠤᠳᠠᠯ᠎ᠤᠨ ᠲᠥᠬᠦᠭᠡᠷᠦᠮᠵᠢ᠎ᠶᠢᠨ ᠬᠠᠮᠢᠶᠠᠷᠤᠯᠲᠠ᠎ᠶᠢᠨ ᠳᠦᠷᠢᠮ》



QQ截图20260511113343.png


《ᠳᠦᠷᠢᠮ》 ᠳ᠋ᠤ ᠶᠡᠷᠦᠩᠬᠡᠢ ᠵᠠᠷᠴᠢᠮ᠂ ᠲᠥᠯᠦᠪᠵᠢᠭᠦᠯᠭᠡ ᠪᠠ ᠪᠦᠲᠦᠭᠡᠨ ᠪᠠᠢᠭᠤᠯᠤᠯᠲᠠ᠂ ᠠᠷᠠᠴᠢᠯᠠᠨ ᠬᠠᠮᠠᠭᠠᠯᠠᠬᠤ ᠪᠠ ᠰᠡᠯᠪᠢᠨ ᠵᠠᠰᠠᠬᠤ᠂ ᠬᠣᠲᠠ᠎ᠶᠢᠨ ᠵᠠᠮ᠎ᠤᠨ ᠬᠠᠮᠢᠶᠠᠷᠤᠯᠲᠠ᠂ ᠬᠣᠲᠠ᠎ᠶᠢᠨ ᠵᠠᠮ᠎ᠤᠨ ᠣᠷᠣᠨ ᠵᠠᠢ᠎ᠶᠢᠨ ᠬᠠᠮᠢᠶᠠᠷᠤᠯᠲᠠ᠂ ᠬᠣᠲᠠ᠎ᠶᠢᠨ ᠬᠥᠭᠥᠷᠭᠡ᠎ᠶᠢᠨ ᠬᠠᠮᠢᠶᠠᠷᠤᠯᠲᠠ᠂ ᠬᠣᠲᠠ᠎ᠶᠢᠨ ᠤᠰᠤ ᠵᠢ ᠵᠠᠯᠠᠬᠤ ᠬᠠᠮᠢᠶᠠᠷᠤᠯᠲᠠ᠂ ᠬᠣᠲᠠ᠎ᠶᠢᠨ ᠭᠡᠷᠡᠯᠲᠦᠭᠦᠯᠭᠡ᠎ᠶᠢᠨ ᠬᠠᠮᠢᠶᠠᠷᠤᠯᠲᠠ᠂ ᠬᠠᠤᠯᠢ ᠴᠠᠭᠠᠵᠠ᠎ᠶᠢᠨ ᠬᠠᠷᠢᠭᠤᠴᠠᠯᠭ᠎ᠠ᠂ ᠳᠠᠭᠠᠯᠳᠤᠭᠤᠯᠤᠯ ᠵᠡᠷᠭᠡ ᠨᠡᠶ᠋ᠢᠲᠡ 10 ᠪᠦᠯᠦᠭ 70 ᠵᠤᠢᠯ ᠪᠣᠶ᠃

《ᠳᠦᠷᠢᠮ》 ᠨᠢ ᠬᠣᠲᠠ᠎ᠶᠢᠨ ᠶᠠᠪᠤᠳᠠᠯ᠎ᠤᠨ ᠲᠦᠭᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢᠨ ᠴᠤᠪᠤᠷᠠᠯ᠎ᠢ ᠵᠢᠷᠤᠮᠵᠢᠭᠤᠯᠵᠤ᠂ ᠬᠣᠲᠠ᠎ᠶᠢᠨ ᠶᠠᠪᠤᠳᠠᠯ᠎ᠤᠨ ᠲᠦᠭᠦᠭᠡᠷᠦᠮᠵᠢ᠎ᠶᠢ ᠰᠢᠨ᠎ᠡ᠎ᠪᠡᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ᠎ᠳᠤ᠂ ᠬᠣᠲᠠ᠎ᠶᠢᠨ ᠵᠠᠮ᠂ ᠬᠥᠭᠥᠷᠭᠡᠨ ᠭᠤᠯᠳᠤᠩ᠎ᠤ᠋ᠨ ᠡᠯ᠎ᠡ ᠲᠥᠷᠥᠯ᠎ᠦᠨ ᠬᠣᠭᠣᠯᠠᠢ ᠱᠤᠭᠤᠮ᠂ ᠭᠡᠷᠡᠯᠲᠦᠭᠦᠯᠭᠡ᠂ ᠵᠠᠮ ᠬᠠᠷᠢᠯᠴᠠᠭᠠᠨ᠎ᠤ ᠲᠡᠮᠳᠡᠭ ᠵᠡᠷᠭᠡ ᠲᠦᠭᠦᠭᠡᠷᠦᠮᠵᠢ᠎ᠶᠢ ᠵᠡᠷᠭᠡ ᠳ᠋ᠦ᠍ᠨᠢ ᠵᠢᠷᠤᠭᠯᠠᠨ ᠲᠥᠯᠥᠪᠯᠡᠵᠦ ᠪᠦᠲᠦᠭᠡᠨ ᠪᠠᠢᠭᠤᠯᠵᠤ ᠰᠢᠯᠭᠠᠨ ᠠᠪᠴᠤ᠂ ᠪᠦᠲᠦᠭᠡᠨ ᠪᠠᠢᠭᠤᠯᠤᠯᠲᠠ᠎ᠶᠢᠨ ᠡᠷᠴᠢᠮᠵᠢᠭᠰᠡᠨ ᠲᠦᠪᠰᠢᠨ ᠢ᠋ ᠳᠡᠭᠡᠭᠰᠢᠯᠡᠭᠦᠯᠦᠨ᠎ᠡ ᠭᠡᠵᠦ ᠲᠤᠬᠳᠠᠭᠠᠪᠠ᠃

《ᠳᠦᠷᠢᠮ》᠎ᠳ᠋ᠸ᠋ ᠬᠣᠲᠠ᠎ᠶᠢᠨ ᠶᠠᠪᠤᠳᠠᠯ᠎ᠤᠨ ᠲᠦᠭᠦᠭᠡᠷᠦᠮᠵᠢ᠎ᠶᠢ ᠠᠷᠠᠴᠢᠯᠠᠨ ᠬᠠᠮᠠᠭᠠᠯᠠᠬᠤ᠂ ᠰᠡᠯᠪᠢᠨ ᠵᠠᠰᠠᠬᠤ ᠬᠠᠷᠢᠭᠤᠴᠠᠯᠭᠠᠲᠤ ᠨᠢᠭᠡᠴᠢ ᠨᠢ ᠨᠡᠢᠭᠡᠮ ᠨᠡᠢᠳᠡ᠎ᠳᠦ ᠦᠢᠯᠡᠴᠢᠯᠡᠭᠡᠨ᠎ᠦ ᠤᠳᠠᠰᠤ ᠪᠠᠨ ᠨᠡᠢᠲᠡᠯᠡᠵᠦ᠂ ᠡᠳᠦᠷ ᠲᠤᠲᠤᠮ᠎ᠤᠨ ᠲᠣᠭᠣᠷᠢᠨ ᠪᠠᠢᠴᠠᠭᠠᠬᠤ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠪᠠᠢᠴᠠᠭᠠᠨ ᠬᠡᠮᠵᠢᠬᠦ ᠳᠦᠷᠢᠮ ᠢ᠋ ᠪᠠᠢᠭᠤᠯᠵᠤ᠂ ᠬᠤᠳᠠ᠎ᠶᠢᠨ ᠶᠠᠪᠤᠳᠠᠯ᠎ᠤᠨ ᠲᠥᠬᠦᠭᠡᠷᠦᠮᠵᠢ᠎ᠶᠢ ᠵᠠᠰᠠᠨ ᠰᠡᠷᠭᠦᠭᠡᠬᠦ ᠮᠡᠳᠡᠭᠳᠡᠯ᠂ ᠡᠪᠳᠡᠷᠡᠵᠦ ᠰᠦᠢᠳᠦᠭᠰᠡᠨ ᠮᠡᠳᠡᠭᠦᠯᠦᠯᠲᠡ᠎ᠶᠢ ᠣᠯᠣᠭᠰᠠᠨ ᠪᠤᠶᠤ ᠡᠪᠳᠡᠷᠡᠵᠦ ᠰᠦᠢᠳᠦᠭᠰᠡᠨ ᠪᠠ ᠠᠮᠤᠷ ᠲᠦᠪᠰᠢᠨ ᠤ᠋ ᠭᠡᠮ ᠰᠤᠭᠤᠭ᠎ᠢ ᠣᠯᠵᠤ ᠮᠡᠳᠡᠭᠰᠡᠨ ᠲᠡᠷᠡ ᠳᠠᠷᠤᠢ ᠳ᠋ᠤᠨᠢ ᠲᠤᠬᠠᠢ᠎ᠶᠢᠨ ᠭᠠᠵᠠᠷ ᠲᠤᠨᠢ ᠬᠦᠷᠴᠦ ᠪᠠᠢᠳᠠᠯ᠎ᠢ ᠪᠠᠢᠴᠠᠭᠠᠨ ᠦᠵᠡᠵᠦ᠂ ᠠᠮᠤᠷ ᠲᠦᠪᠰᠢᠨ ᠤ᠋ ᠬᠠᠮᠠᠭᠠᠯᠠᠯᠲᠠ᠎ᠶᠢᠨ ᠠᠷᠭ᠎ᠠ ᠬᠡᠮᠵᠢᠶ᠎ᠡ ᠪᠠ ᠣᠷᠴᠢᠨ ᠠᠬᠤᠢ᠎ᠶᠢᠨ ᠬᠠᠮᠠᠭᠠᠯᠠᠯᠲᠠ᠎ᠶᠢᠨ ᠬᠣᠯᠪᠣᠭᠳᠠᠯ ᠪᠦᠬᠦᠢ ᠠᠷᠭ᠎ᠠ ᠬᠡᠮᠵᠢᠶ᠎ᠡ ᠠᠪᠬᠤ᠎ᠶᠢᠨ ᠬᠠᠮᠲᠤ ᠴᠠᠭ ᠲᠤᠬᠠᠢ ᠳ᠋ᠤᠨᠢ ᠵᠣᠬᠢᠶᠠᠨ ᠪᠠᠢᠭᠤᠯᠵᠤ ᠵᠠᠰᠠᠨ ᠰᠡᠷᠭᠦᠭᠡᠬᠦ ᠬᠡᠷᠡᠭᠲᠡᠢ ᠭᠡᠵᠦ ᠲᠤᠬᠳᠠᠭᠠᠪᠠ᠃


《ᠲᠦᠩᠯᠢᠶᠣᠣ ᠬᠣᠲᠠ᠎ᠶᠢᠨ ᠬᠣᠲᠠ᠎ᠶᠢᠨ ᠶᠠᠪᠠᠭᠠᠨ ᠵᠠᠮ᠎ᠲᠠᠭᠠᠤ ᠵᠢᠨ ᠮᠣᠳᠣ ᠵᠢᠨ ᠬᠠᠮᠢᠶᠠᠷᠤᠯᠲᠠ᠎ᠶᠢᠨ ᠳᠦᠷᠢᠮ》



QQ截图20260511113406.png


《ᠳᠦᠷᠢᠮ》 ᠨᠢ ᠨᠡᠶ᠋ᠢᠲᠡ 22 ᠵᠤᠢᠯ ᠪᠣᠶ᠃ 《ᠳᠦᠷᠢᠮ》 ᠳ᠋ᠤ᠂ ᠶᠠᠪᠠᠭᠠᠨ ᠵᠠᠮ᠎ᠲᠠᠭᠠᠤ ᠵᠢᠨ ᠮᠣᠳᠣ ᠵᠢ ᠮᠡᠷᠭᠡᠵᠢᠯ᠎ᠦᠨ ᠵᠢᠷᠤᠮᠵᠢᠯ ᠶᠣᠰᠣᠭᠠᠷ ᠳᠠᠷᠢᠬᠤ ᠪᠠ ᠨᠥᠬᠥᠵᠦ ᠳᠠᠷᠢᠵᠤ᠂ ᠵᠠᠮ᠎ᠤᠨ ᠣᠳᠣᠬᠢ ᠪᠠᠢᠳᠠᠯ ᠪᠤᠯᠤᠨ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠬᠠᠮᠲᠤ ᠳ᠋ᠤᠨᠢ ᠬᠠᠷᠠᠭᠠᠯᠵᠠᠬᠤ᠎ᠶᠢᠨ ᠲᠠᠭᠠᠤ ᠮᠠᠰᠢᠨ ᠲᠡᠷᠭᠡ ᠶᠠᠪᠤᠬᠤ ᠬᠠᠷᠠᠭᠠᠨ ᠱᠤᠭᠤᠮ᠂ ᠮᠠᠰᠢᠨ ᠲᠡᠷᠭᠡ ᠶᠠᠪᠤᠬᠤ ᠵᠠᠢ ᠭᠠᠷᠭᠠᠬᠤ᠂ ᠵᠠᠮ᠎ᠤᠨ ᠭᠡᠷᠡᠯᠲᠦᠭᠦᠯᠭᠡ ᠪᠠ ᠶᠠᠪᠠᠭᠠᠨ ᠬᠥᠮᠥᠨ᠎ᠦ ᠵᠠᠮ ᠶᠠᠪᠤᠬᠤ ᠱᠠᠭᠠᠷᠳᠠᠯᠭ᠎ᠠ᠎ᠳᠤ ᠨᠡᠢᠴᠡᠭᠦᠯᠬᠦ ᠬᠡᠷᠡᠭᠲᠡᠢ᠃ ᠬᠣᠭᠣᠯᠠᠢ ᠱᠤᠭᠤᠮ᠎ᠤᠨ ᠣᠢᠷ᠎ᠠ ᠬᠠᠪᠢ ᠳ᠋ᠤ ᠰᠢᠨ᠎ᠡ᠎ᠪᠡᠷ ᠵᠠᠢᠯᠠᠬᠤ ᠳ᠋ᠤ ᠮᠣᠳᠣᠨ᠎ᠤ ᠰᠠᠯᠠᠭ᠎ᠠ ᠨᠠᠮᠠᠭ᠎ᠠ ᠨᠢ ᠪᠠᠭ᠎ᠠ᠂ ᠪᠤᠭᠤᠨᠢᠬᠠᠨ ᠮᠣᠳᠣᠨ᠎ᠤ ᠲᠥᠷᠥᠯ᠎ᠢ ᠰᠣᠩᠭᠣᠨ ᠬᠡᠷᠡᠭᠯᠡᠬᠦ᠎ᠶᠢᠨ ᠬᠠᠮᠲᠤ ᠮᠣᠳᠣᠨ᠎ᠤ ᠦᠨᠳᠦᠰᠦ᠎ᠶᠢᠨ ᠰᠢᠰᠲᠧᠮ᠎ᠦᠨ ᠬᠣᠭᠣᠯᠠᠢ ᠱᠤᠭᠤᠮ᠎ᠳᠤ ᠦᠵᠡᠭᠦᠯᠬᠦ ᠨᠥᠯᠥᠭᠡ᠎ᠶᠢ ᠪᠠᠭᠠᠰᠬᠠᠬᠤ ᠬᠡᠷᠡᠭᠲᠡᠢ ᠭᠡᠵᠦ ᠲᠤᠳᠤᠷᠬᠠᠢᠯᠠᠪᠠ᠃

《ᠳᠦᠷᠢᠮ》 ᠳ᠋ᠤ᠂ ᠶᠠᠮᠠᠷᠪᠠ ᠪᠠᠢᠭᠤᠯᠭ᠎ᠠ ᠨᠢᠭᠡᠴᠢ ᠪᠠ ᠬᠤᠪᠢ ᠬᠥᠮᠥᠨ ᠶᠠᠪᠠᠭᠠᠨ ᠵᠠᠮ ᠳᠠᠭᠠᠤ ᠵᠢᠨ ᠮᠣᠳᠣ᠌᠎ᠶᠢ ᠳᠤᠷ᠎ᠠ᠎ᠪᠠᠷ᠎ᠢᠶᠠᠨ ᠰᠣᠯᠢᠵᠤ ᠪᠣᠯᠬᠤ ᠦᠭᠡᠢ᠃ ᠪᠦᠲᠦᠭᠡᠨ ᠪᠠᠢᠭᠤᠯᠤᠯᠲᠠ ᠪᠤᠶᠤ ᠪᠤᠰᠤᠳ ᠣᠨᠴᠠᠭᠠᠢ ᠰᠢᠯᠲᠠᠭᠠᠨ᠎ᠠᠴᠠ ᠪᠣᠯᠵᠤ ᠦᠨᠡᠨ ᠎ᠬᠦ ᠰᠣᠯᠢᠬᠤ ᠴᠢᠬᠤᠯᠠᠲᠠᠢ ᠪᠠᠢᠪᠠᠯ᠂ ᠬᠣᠲᠠ᠎ᠶᠢᠨ ᠨᠣᠭᠣᠭᠠᠷᠠᠭᠤᠯᠤᠯᠲᠠ᠎ᠶᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢᠭᠤᠯᠤᠨ ᠨᠤᠲᠠᠯᠠᠯᠳᠠ ᠬᠢᠬᠦ᠎ᠶᠢᠨ ᠬᠠᠮᠲᠤ᠂ ᠨᠡᠢᠭᠡᠮ ᠨᠡᠶ᠋ᠢᠲᠡ᠎ᠶᠢᠨ ᠰᠠᠨᠠᠯ᠎ᠢ ᠰᠣᠨᠣᠰᠴᠤ᠂ ᠬᠢᠨᠠᠨ ᠵᠥᠪᠰᠢᠶᠡᠷᠡᠬᠦ᠎ᠡᠴᠡ ᠡᠮᠦᠨ᠎ᠡ ᠲᠥᠰᠥᠯ᠎ᠢ ᠬᠠᠷᠢᠴᠠᠭᠤᠯᠤᠨ ᠰᠣᠩᠭᠣᠬᠤ ᠬᠡᠷᠡᠭᠲᠡᠢ ᠭᠡᠵᠦ ᠲᠤᠬᠳᠠᠭᠠᠪᠠ᠃


《ᠮᠣᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠰᠢᠭᠤᠨ᠎ᠤ ᠬᠠᠤᠯᠢ ᠲᠣᠭᠲᠠᠭᠠᠬᠤ ᠳᠦᠷᠢᠮ》


QQ截图20260511114132.png


《ᠳᠦᠷᠢᠮ》 ᠳ᠋ᠤ ᠶᠡᠷᠦᠩᠬᠡᠢ ᠵᠠᠷᠴᠢᠮ᠂ ᠬᠠᠤᠯᠢ ᠲᠣᠭᠲᠠᠭᠠᠬᠤ ᠪᠡᠯᠡᠳᠬᠡᠯ᠂ ᠬᠠᠤᠯᠢ ᠲᠣᠭᠲᠠᠭᠠᠬᠤ ᠡᠮᠬᠢ ᠲᠠᠷᠠᠭᠠᠯᠠᠯ᠂ ᠥᠪᠡᠷᠲᠡᠭᠡᠨ ᠵᠠᠰᠠᠬᠤ ᠳᠦᠷᠢᠮ ᠪᠠ ᠲᠤᠰᠬᠠᠢ ᠳᠦᠷᠢᠮ᠎ᠢ ᠮᠡᠳᠡᠭᠦᠯᠦᠨ ᠵᠥᠪᠰᠢᠶᠡᠷᠡᠭᠦᠯᠬᠦ᠂ ᠨᠡᠢᠲᠡᠯᠡᠬᠦ ᠪᠠ ᠲᠠᠢᠯᠪᠤᠷᠢᠯᠠᠬᠤ᠂ ᠪᠤᠰᠤᠳ ᠲᠣᠭᠲᠠᠭᠠᠯ᠂ ᠳᠠᠭᠠᠯᠳᠤᠭᠤᠯᠤᠯ ᠵᠡᠷᠭᠡ 6 ᠪᠦᠯᠦᠭ 43 ᠵᠦᠢᠯ᠎ᠪᠤᠢ᠃ ᠥᠪᠡᠷᠲᠡᠭᠡᠨ ᠵᠠᠰᠠᠬᠤ ᠬᠣᠰᠢᠭᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠥᠪᠡᠷᠲᠡᠭᠡᠨ ᠵᠠᠰᠠᠬᠤ ᠳᠦᠷᠢᠮ᠂ ᠲᠤᠰᠬᠠᠢ ᠳᠦᠷᠢᠮ ᠢ᠋ ᠲᠣᠭᠲᠠᠭᠠᠬᠤ᠂ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ᠎ᠳᠤ ᠲᠣᠰ ᠳᠦᠷᠢᠮ ᠢ᠋ ᠬᠡᠷᠡᠭᠯᠡᠨ᠎ᠡ᠃ 

《ᠳᠦᠷᠢᠮ》 ᠳ᠋ᠤ᠂ ᠥᠪᠡᠷᠲᠡᠭᠡᠨ ᠵᠠᠰᠠᠬᠤ ᠬᠣᠰᠢᠭᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠵᠢᠴᠢ ᠪᠠᠢᠩᠭᠤ᠎ᠶᠢᠨ ᠬᠣᠷᠢᠶ᠎ᠠ ᠨᠢ ᠬᠠᠤᠯᠢ ᠲᠣᠭᠲᠠᠭᠠᠬᠤ ᠠᠵᠢᠯ᠎ᠢ ᠵᠣᠬᠢᠶᠠᠨ ᠪᠠᠢᠭᠤᠯᠵᠤ ᠵᠣᠬᠢᠴᠠᠭᠤᠯᠬᠤ᠎ᠪᠠᠨ ᠴᠢᠩᠭᠠᠳᠬᠠᠵᠤ᠂ ᠨᠠᠮ᠎ᠤᠨ ᠬᠣᠷᠢᠶ᠎ᠠ ᠤᠳᠤᠷᠢᠳᠬᠤ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠭᠣᠣᠯᠯᠠᠨ ᠬᠢᠬᠦ᠂ ᠵᠠᠰᠠᠭ᠎ᠤᠨ ᠣᠷᠳᠣᠨ ᠳ᠋ᠤ ᠲᠦᠰᠢᠭᠯᠡᠬᠦ᠂ ᠡᠯ᠎ᠡ ᠲᠠᠯ᠎ᠠ᠎ᠶᠢᠨ ᠬᠢᠨ ᠣᠷᠣᠯᠴᠠᠬᠤ ᠬᠠᠤᠯᠢ ᠲᠣᠭᠲᠠᠭᠠᠬᠤ ᠠᠵᠢᠯ᠎ᠤᠨ ᠪᠠᠢᠷᠢᠰᠢᠯ᠎ᠢ ᠪᠠᠷᠢᠮᠲᠠᠯᠠᠬᠤ ᠬᠡᠷᠡᠭᠲᠡᠢ ᠭᠡᠵᠦ ᠲᠤᠬᠳᠠᠭᠠᠪᠠ᠃


《ᠣᠷᠴᠣᠨ᠎ᠤ ᠥᠪᠡᠷᠲᠡᠭᠡᠨ ᠵᠠᠰᠠᠬᠤ ᠬᠣᠰᠢᠭᠤᠨ᠎ᠤ ᠬᠠᠤᠯᠢ ᠲᠣᠭᠲᠠᠭᠠᠬᠤ ᠳᠦᠷᠢᠮ》


QQ截图20260511114146.png


《ᠳᠦᠷᠢᠮ》 ᠳ᠋ᠤ ᠶᠡᠷᠦᠩᠬᠡᠢ ᠵᠠᠷᠴᠢᠮ᠂ ᠬᠠᠤᠯᠢ ᠲᠣᠭᠲᠠᠭᠠᠬᠤ ᠪᠡᠯᠡᠳᠬᠡᠯ᠂ ᠬᠠᠤᠯᠢ ᠲᠣᠭᠲᠠᠭᠠᠬᠤ ᠡᠮᠬᠢ ᠲᠠᠷᠠᠭᠠᠯᠠᠯ᠂ ᠥᠪᠡᠷᠲᠡᠭᠡᠨ ᠵᠠᠰᠠᠬᠤ ᠳᠦᠷᠢᠮ ᠪᠠ ᠲᠤᠰᠬᠠᠢ ᠳᠦᠷᠢᠮ᠎ᠢ ᠮᠡᠳᠡᠭᠦᠯᠦᠨ ᠵᠥᠪᠰᠢᠶᠡᠷᠡᠭᠦᠯᠬᠦ᠂ ᠨᠡᠢᠲᠡᠯᠡᠬᠦ ᠪᠠ ᠲᠠᠢᠯᠪᠤᠷᠢᠯᠠᠬᠤ᠂ ᠪᠤᠰᠤᠳ ᠲᠣᠭᠲᠠᠭᠠᠯ᠂ ᠳᠠᠭᠠᠯᠳᠤᠭᠤᠯᠤᠯ ᠵᠡᠷᠭᠡ  6 ᠪᠦᠯᠦᠭ 44 ᠵᠦᠢᠯ᠎ᠪᠤᠢ᠃ ᠣᠷᠴᠣᠨ᠎ᠤ ᠥᠪᠡᠷᠲᠡᠭᠡᠨ ᠵᠠᠰᠠᠬᠤ ᠬᠣᠰᠢᠭᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠠᠤᠯᠢ ᠲᠣᠭᠲᠠᠭᠠᠬᠤ ᠠᠵᠢᠯᠯᠠᠭ᠎ᠠ᠎ᠶᠢ ᠵᠢᠷᠤᠮᠵᠢᠭᠤᠯᠵᠤ᠂ ᠬᠠᠤᠯᠢ ᠲᠣᠭᠲᠠᠭᠠᠬᠤ ᠡᠮᠬᠢ ᠳᠠᠷᠠᠭᠠᠯᠠᠯ᠎ᠢ ᠲᠡᠭᠦᠯᠳᠡᠷᠵᠢᠭᠦᠯᠦᠨ᠂ ᠬᠠᠤᠯᠢ ᠲᠣᠭᠲᠠᠭᠠᠬᠤ ᠶᠠᠰᠤ ᠴᠢᠨᠠᠷ᠎ᠢ ᠳᠡᠭᠡᠭᠰᠢᠯᠡᠭᠦᠯᠵᠦ᠂ ᠬᠠᠤᠯᠢ ᠲᠣᠭᠲᠠᠭᠠᠯᠲᠠ᠎ᠶᠢᠨ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠤᠨ᠂ ᠬᠠᠤᠯᠢ᠎ᠶᠤᠰᠤᠭᠠᠷ ᠬᠣᠰᠢᠭᠤ᠎ᠪᠠᠨ ᠵᠠᠰᠠᠬᠤ᠎ᠶᠢ ᠪᠥᠬᠥ ᠲᠠᠯ᠎ᠠ᠎ᠪᠠᠷ ᠠᠬᠢᠭᠤᠯᠬᠤ᠎ᠶᠢᠨ ᠲᠥᠯᠥᠭᠡ᠂ ᠥᠪᠡᠷᠲᠡᠭᠡᠨ ᠵᠠᠰᠠᠬᠤ ᠬᠣᠰᠢᠭᠤᠨ᠎ᠤ ᠪᠣᠳᠠᠲᠤ ᠪᠠᠢᠳᠠᠯ᠎ᠲᠠᠢ ᠤᠶᠠᠯᠳᠤᠭᠤᠯᠵᠤ᠂ ᠲᠣᠰ 《ᠳᠦᠷᠢᠮ》 ᠢ᠋ ᠲᠣᠭᠲᠠᠭᠠᠪᠠ᠃ 《ᠳᠦᠷᠢᠮ》᠎ᠳ᠋ᠸ᠋᠂ ᠬᠠᠤᠯᠢ ᠲᠣᠭᠲᠠᠭᠠᠬᠤ ᠲᠥᠯᠦᠪᠵᠢᠭᠦᠯᠭᠡ ᠪᠠ ᠬᠠᠤᠯᠢ ᠲᠣᠭᠲᠠᠭᠠᠬᠤ ᠲᠥᠯᠥᠪᠯᠡᠭᠡ᠎ᠶᠢ ᠨᠠᠢᠷᠠᠭᠤᠯᠤᠨ ᠵᠣᠬᠢᠶᠠᠬᠤ᠎ᠳᠠᠭᠠᠨ᠂ ᠠᠷᠠᠳ ᠤ᠋ᠨ ᠲᠥᠯᠥᠭᠡᠯᠡᠭᠴᠢᠳ᠎ᠦᠨ ᠰᠠᠨᠠᠯ ᠵᠥᠪᠯᠡᠯᠭᠡ᠎ᠶᠢ ᠬᠢᠨᠠᠮᠠᠭᠠᠢ ᠰᠤᠳᠤᠯᠵᠤ᠂ ᠥᠷᠭᠡᠨ᠎ᠢᠶᠡᠷ ᠰᠠᠨᠠᠯ ᠬᠤᠷᠢᠶᠠᠵᠤ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠂ ᠰᠢᠨᠵᠢᠯᠡᠬᠦ ᠤᠬᠠᠭᠠᠨᠴᠢ᠎ᠪᠠᠷ ᠨᠤᠲᠠᠯᠠᠯᠲᠠ ᠬᠢᠵᠦ ᠦᠨᠡᠯᠡᠨ ᠵᠢᠱ᠌ᠢᠵᠦ᠂ ᠠᠵᠤ ᠠᠬᠤᠢ ᠨᠡᠢᠭᠡᠮ᠎ᠦᠨ ᠬᠥᠭᠵᠢᠯᠲᠡ ᠪᠠ ᠠᠷᠠᠳᠴᠢᠯᠠᠯ ᠬᠠᠤᠯᠢ᠎ᠪᠠᠷ ᠵᠠᠰᠠᠬᠤ ᠪᠠᠢᠭᠤᠯᠤᠯᠲᠠ᠎ᠶᠢᠨ ᠬᠡᠷᠡᠭᠴᠡᠭᠡ᠎ᠶᠢ ᠦᠨᠳᠦᠰᠦᠯᠡᠨ᠂ ᠬᠠᠤᠯᠢ ᠲᠣᠭᠲᠠᠭᠠᠬᠤ ᠵᠦᠢᠯᠡᠰ᠎ᠢ ᠲᠣᠭᠲᠠᠭᠠᠵᠤ᠂ ᠬᠠᠤᠯᠢ ᠲᠣᠭᠲᠠᠭᠠᠯᠲᠠ᠎ᠶᠢᠨ ᠴᠠᠭᠴᠢ ᠴᠢᠨᠠᠷ ᠪᠠ ᠬᠠᠨᠳᠤᠯᠭᠠᠲᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ ᠭᠡᠵᠦ ᠲᠤᠳᠤᠷᠬᠠᠢᠯᠠᠪᠠ᠃


《ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠰᠢᠭᠤᠨ᠎ᠤ ᠬᠠᠤᠯᠢ ᠲᠣᠭᠲᠠᠭᠠᠬᠤ ᠳᠦᠷᠢᠮ》


QQ截图20260511114206.png


《ᠳᠦᠷᠢᠮ》 ᠳ᠋ᠤ ᠶᠡᠷᠦᠩᠬᠡᠢ ᠵᠠᠷᠴᠢᠮ᠂ ᠬᠠᠤᠯᠢ ᠲᠣᠭᠲᠠᠭᠠᠬᠤ ᠪᠡᠯᠡᠳᠬᠡᠯ᠂ ᠬᠠᠤᠯᠢ ᠲᠣᠭᠲᠠᠭᠠᠬᠤ ᠡᠮᠬᠢ ᠲᠠᠷᠠᠭᠠᠯᠠᠯ᠂ ᠥᠪᠡᠷᠲᠡᠭᠡᠨ ᠵᠠᠰᠠᠬᠤ ᠳᠦᠷᠢᠮ᠂ ᠲᠤᠰᠬᠠᠢ ᠳᠦᠷᠢᠮ᠎ᠢ ᠮᠡᠳᠡᠭᠦᠯᠦᠨ ᠵᠥᠪᠰᠢᠶᠡᠷᠡᠭᠦᠯᠬᠦ᠂ ᠨᠡᠢᠲᠡᠯᠡᠬᠦ ᠪᠠ ᠲᠠᠢᠯᠪᠤᠷᠢᠯᠠᠬᠤ᠂ ᠪᠤᠰᠤᠳ ᠲᠣᠭᠲᠠᠭᠠᠯ᠂ ᠳᠠᠭᠠᠯᠳᠤᠭᠤᠯᠤᠯ ᠵᠡᠷᠭᠡ 6 ᠪᠦᠯᠦᠭ 44 ᠵᠦᠢᠯ᠎ᠲᠠᠢ᠃ 《ᠳᠦᠷᠢᠮ》 ᠳ᠋ᠤ᠌᠂ ᠥᠪᠡᠷᠲᠡᠭᠡᠨ ᠵᠠᠰᠠᠬᠤ ᠳᠦᠷᠢᠮ᠎ᠦᠨ ᠲᠥᠰᠥᠯ᠂ ᠲᠤᠰᠬᠠᠢ ᠳᠦᠷᠢᠮ᠎ᠦᠨ ᠲᠥᠰᠥᠯ᠎ᠢ ᠲᠤᠭᠤᠷᠪᠢᠬᠤ᠎ᠳᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠳᠡᠭᠡᠳᠦ ᠪᠠᠢᠷᠢ᠎ᠶᠢᠨ ᠬᠠᠤᠯᠢ ᠲᠣᠭᠲᠠᠭᠠᠯ ᠪᠣᠯᠣᠨ ᠤᠯᠤᠰ᠎ᠤᠨ ᠲᠦᠷᠦ᠎ᠶᠢᠨ ᠪᠣᠳᠣᠯᠭ᠎ᠠ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠪᠣᠳᠠᠲᠠᠢ ᠬᠡᠷᠡᠭᠴᠡᠭᠡ᠎ᠳᠦ ᠨᠡᠢᠴᠡᠭᠦᠯᠬᠦ ᠬᠡᠷᠡᠭᠲᠡᠢ᠃ ᠲᠤᠭᠤᠷᠪᠢᠬᠤ ᠰᠠᠯᠠᠭ᠎ᠠ ᠮᠥᠴᠢᠷ ᠪᠠᠢᠴᠠᠭᠠᠨ ᠰᠤᠳᠤᠯᠤᠯᠲᠠ ᠬᠢᠵᠦ᠂ ᠶᠠᠷᠢᠯᠴᠠᠬᠤ᠂ ᠨᠤᠲᠠᠯᠠᠯᠳᠠ ᠬᠢᠬᠦ᠂ ᠭᠡᠷᠡᠴᠢᠯᠡᠭᠡ ᠰᠣᠨᠣᠰᠬᠤ ᠵᠡᠷᠭᠡ ᠠᠷᠭ᠎ᠠ ᠮᠠᠶᠢᠭ᠋᠎ᠢ ᠠᠪᠴᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠵᠣᠬᠢᠶᠠᠨ ᠪᠠᠢᠭᠤᠯᠤᠯᠲᠠ ᠪᠠ ᠨᠡᠢᠭᠡᠮ ᠨᠡᠶ᠋ᠢᠲᠡ ᠵᠡᠷᠭᠡ ᠡᠯ᠎ᠡ ᠲᠠᠯ᠎ᠠ᠎ᠶᠢᠨ ᠬᠢᠨ᠎ᠦ ᠰᠠᠨᠠᠯ᠎ᠢ ᠥᠷᠭᠡᠨ᠎ᠢᠶᠡᠷ ᠰᠣᠨᠣᠰᠬᠤ ᠬᠡᠷᠡᠭᠲᠡᠢ ᠭᠡᠵᠦ ᠲᠤᠬᠳᠠᠭᠠᠪᠠ᠃ 《ᠳᠦᠷᠢᠮ》 ᠳ᠋ᠦ᠂ ᠥᠪᠡᠷᠲᠡᠭᠡᠨ ᠵᠠᠰᠠᠬᠤ ᠬᠣᠰᠢᠭᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠪᠣᠳᠠᠲᠤ ᠬᠡᠷᠡᠭᠴᠡᠭᠡ᠎ᠪᠡᠨ ᠦᠨᠳᠦᠰᠦᠯᠡᠨ ᠦᠨᠳᠦᠰᠦᠨ ᠱᠠᠲᠤᠨ᠎ᠤ ᠬᠠᠤᠯᠢ ᠲᠣᠭᠲᠠᠭᠠᠬᠤ ᠬᠠᠷᠢᠯᠴᠠᠬᠤ ᠴᠡᠭ ᠭᠠᠷᠭᠠᠵᠤ᠂ ᠦᠨᠳᠦᠰᠦᠨ ᠱᠠᠲᠤᠨ᠎ᠤ ᠣᠯᠠᠨ ᠲᠦᠮᠡᠨ ᠪᠠ ᠬᠣᠯᠪᠣᠭᠳᠠᠯ ᠪᠦᠬᠦᠢ ᠲᠠᠯ᠎ᠠ᠎ᠶᠢᠨ ᠬᠢᠨ᠎ᠦ ᠥᠪᠡᠷᠲᠡᠭᠡᠨ ᠵᠠᠰᠠᠬᠤ ᠳᠦᠷᠢᠮ᠎ᠦᠨ ᠲᠥᠰᠥᠯ ᠪᠠ ᠲᠤᠰᠬᠠᠢ ᠳᠦᠷᠢᠮ᠎ᠦᠨ ᠲᠥᠰᠥᠯ ᠵᠢᠴᠢ ᠬᠠᠤᠯᠢ ᠲᠣᠭᠲᠠᠭᠠᠬᠤ ᠠᠵᠢᠯ᠎ᠤᠨ ᠲᠤᠬᠠᠢ ᠰᠠᠨᠠᠯ᠎ᠢ ᠭᠦᠨᠵᠡᠭᠡᠢ ᠰᠣᠨᠣᠰᠤᠨ᠎ᠠ ᠬᠡᠵᠦ ᠲᠤᠳᠤᠷᠬᠠᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号