ᠬᠥᠮᠥᠨ ᠪᠠ ᠮᠠᠰᠢᠨ ᠡᠶ᠎ᠡ ᠵᠣᠬᠢᠴᠠᠩᠭᠤᠢ ᠬᠠᠮᠳᠣ ᠪᠡᠷ ᠤᠷᠤᠭᠰᠢᠯᠠᠶ᠎ᠠ
2026-05-11 11:12:14
ᠵᠣᠬᠢᠶᠠᠭ᠍ᠴᠢ᠄
ᠵᠤᠤ ᠵᠢᠩ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ ᠪᠡᠭᠡᠵᠢᠩ᠎ᠳᠦ ᠶᠠᠪᠤᠭᠳᠠᠭᠰᠠᠨ ᠮᠠᠰᠢᠨ ᠬᠥᠮᠥᠨ᠎ᠦ ᠬᠠᠭᠠᠰ ᠵᠠᠶ ᠵᠢᠨ ᠮᠠᠷᠠᠽᠤᠨ ᠤᠷᠤᠯᠳᠤᠭᠠᠨ᠎ᠳᠤ᠂ ᠨᠢᠭᠡᠨ ᠮᠠᠰᠢᠨ ᠬᠥᠮᠥᠨ 50 ᠮᠢᠨᠦ᠋ᠲ 26 ᠰᠧᠺᠦ᠋ᠨ᠋ᠳ᠋᠎ᠦᠨ ᠬᠢᠷᠢ ᠪᠦᠲᠦᠮᠵᠢ᠎ᠪᠡᠷ ᠮᠠᠩᠯᠠᠢᠯᠠᠪᠠ᠃ ᠡᠨᠡ ᠬᠦ᠌ ᠬᠢᠷᠢ ᠪᠦᠲᠦᠮᠵᠢ ᠨᠢ ᠨᠢᠳᠤᠨᠤᠨ᠎ᠤ ᠮᠠᠩᠯᠠᠢ᠎ᠳᠤ ᠰᠢᠯᠭᠠᠷᠠᠭᠰᠠᠨ ᠲᠡᠮᠳᠡᠭᠯᠡᠯ᠎ᠢ ᠪᠠᠷᠤᠭ ᠭᠤᠷᠪᠠᠨ᠎ᠤ ᠬᠣᠶᠠᠷ ᠬᠤᠪᠢ ᠪᠠᠭᠠᠰᠬᠠᠭᠰᠠᠨ᠎ᠢᠶᠠᠷ ᠪᠠᠷᠠᠬᠤ ᠦᠭᠡᠢ ᠂ ᠨᠠᠩ ᠴᠤ᠌ ᠬᠥᠮᠥᠨ ᠲᠥᠷᠥᠯᠬᠢᠲᠡᠨ᠎ᠦ ᠬᠠᠭᠠᠰ ᠵᠠᠶ ᠵᠢᠨ ᠮᠠᠷᠠᠽᠤᠨ ᠤᠷᠤᠯᠳᠤᠭᠠᠨ᠎ᠤ ᠳᠡᠯᠡᠬᠡᠢ᠎ᠶᠢᠨ ᠲᠡᠮᠳᠡᠭᠯᠡᠯ᠎ᠢ ᠰᠢᠨᠡᠳᠬᠡᠵᠡᠢ᠃ ᠡᠢᠮᠦᠷᠬᠦᠦ ᠦᠳᠲᠡᠷ ᠲᠦᠷᠭᠡᠨ ᠳᠠᠪᠰᠢᠯᠲᠠ᠎ᠶᠢᠨ ᠡᠮᠦᠨ᠎ᠡ  ᠵᠠᠷᠢᠮ ᠨᠢ ᠪᠠᠶᠠᠷᠯᠠᠨ ᠵᠣᠷᠢᠭ᠍ᠵᠢᠵᠤ ᠪᠠᠢᠬᠣ᠎ᠳᠦ ᠵᠠᠷᠢᠮ ᠨᠢ ᠪᠠᠰᠠ ᠰᠠᠨᠠᠭᠠᠰᠢᠷᠠᠵᠦ ᠪᠠᠢᠨ᠎ᠠ᠃ ᠮᠠᠰᠢᠨ ᠬᠦᠮᠦᠨ ᠬᠦᠮᠦᠨ ᠲᠦᠷᠦᠯᠬᠢᠳᠡᠨ᠎ᠢ ᠣᠷᠣᠯᠠᠵᠦ ᠣᠳᠣ ᠵᠢᠨ ᠠᠮᠢᠳᠣᠷᠠᠯ ᠎ᠢ ᠨᠦᠯᠦᠬᠡᠯᠡᠬᠦ ᠡᠴᠡ ᠰᠠᠨᠠᠭᠠᠰᠢᠷᠠᠵᠦ ᠪᠣᠢ᠃               

ᠡᠢᠮᠦ ᠰᠠᠨᠠᠭᠠᠰᠢᠷᠠᠯ  ᠪᠠᠢᠬᠣ ᠴᠢᠬᠤᠯᠠ ᠦᠭᠡᠢ ᠶᠤᠮ᠃ ᠮᠠᠰᠢᠨ ᠬᠥᠮᠥᠨ ᠬᠥᠮᠥᠨ ᠲᠥᠷᠥᠯᠬᠢᠲᠡᠨ᠎ᠢ ᠢᠯᠠᠬᠰᠠᠨ᠎ᠦ ᠮᠥᠨ ᠴᠢᠨᠠᠷ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠢᠯᠠᠯᠲᠠ ᠪᠣᠯᠣᠨ᠎ᠠ᠃ ᠠᠵᠢᠯ ᠲᠥᠷᠥᠯ᠎ᠦᠨ ᠲᠤᠰᠬᠠᠢ ᠮᠡᠷᠭᠡᠵᠢᠯᠲᠡᠨ ᠢᠯᠡᠷᠬᠡᠢᠯᠡᠬᠦ᠎ᠳᠡᠭᠡᠨ᠂ ᠡᠨᠡ ᠤᠳᠠᠭᠠᠨ᠎ᠤ ᠮᠠᠷᠠᠽᠤᠨ ᠤᠷᠤᠯᠳᠤᠭᠠᠨ᠎ᠳᠤ ᠬᠥᠮᠥᠨ ᠲᠥᠷᠥᠯᠬᠢᠲᠡᠨ ᠪᠠ ᠮᠠᠰᠢᠨ ᠬᠥᠮᠥᠨ᠎ᠢ ᠬᠠᠷᠢᠴᠠᠭᠤᠯᠵᠤ ᠪᠠᠢᠭ᠎ᠠ ᠪᠢᠰᠢ᠂ ᠬᠠᠷᠢᠨ ᠬᠥᠮᠥᠨ ᠮᠠᠰᠢᠨ ᠬᠠᠮᠲᠤ᠎ᠪᠠᠷ ᠭᠦᠶᠦᠵᠦ ᠣᠷᠣᠯᠳᠣᠪᠠ᠃ ᠮᠠᠰᠢᠨ ᠬᠥᠮᠥᠨ ᠪᠣᠯ ᠬᠥᠮᠥᠨ ᠲᠥᠷᠥᠯᠬᠢᠲᠡᠨ᠎ᠦ ᠰᠤᠳᠤᠯᠤᠨ ᠨᠡᠭᠡᠭᠡᠭᠰᠡᠨ ᠪᠠᠭᠠᠵᠢ ᠮᠥᠨ᠂ ᠭᠣᠣᠯ ᠵᠣᠷᠢᠯᠭ᠎ᠠ ᠨᠢ ᠬᠥᠮᠥᠨ ᠲᠥᠷᠥᠯᠬᠢᠲᠡᠨ᠎ᠦ ᠴᠢᠳᠠᠪᠤᠷᠢ᠎ᠶᠢᠨ ᠬᠦᠷᠦᠯᠴᠡᠬᠦ ᠦᠭᠡᠢ ᠲᠠᠯ᠎ᠠ᠎ᠶᠢ ᠨᠥᠬᠥᠪᠦᠷᠢᠯᠡᠵᠦ᠂ ᠬᠥᠮᠥᠨ ᠲᠥᠷᠥᠯᠬᠢᠲᠡᠨ᠎ᠢ ᠬᠠᠪᠰᠤᠷᠤᠨ ᠠᠶᠤᠯ ᠲᠦᠭᠰᠢᠭᠦᠷᠢ᠎ᠲᠠᠢ᠂ ᠶᠠᠷᠰᠢᠭ᠋ ᠲᠦᠪᠡᠭᠲᠡᠢ᠂ ᠥᠨᠳᠥᠷ ᠬᠦᠴᠦᠯᠡᠴᠡ᠎ᠲᠠᠢ ᠠᠵᠢᠯ᠎ᠢ ᠪᠡᠶᠡᠯᠡᠭᠦᠯᠬᠦ ᠶᠠᠪᠤᠳᠠᠯ ᠪᠣᠯᠣᠨ᠎ᠠ᠃ ᠢᠷᠡᠭᠡᠳᠦᠢ᠎ᠶᠢᠨ ᠨᠡᠢᠭᠡᠮ ᠪᠣᠯ ᠬᠥᠮᠥᠨ ᠮᠠᠰᠢᠨ ᠡᠶ᠎ᠡ ᠵᠣᠬᠢᠴᠠᠩᠭᠤᠢ᠎ᠪᠠᠷ ᠬᠠᠮᠲᠤ ᠪᠠᠷ ᠤᠷᠤᠭᠰᠢᠯᠠᠬᠤ ᠪᠠᠢᠳᠠᠯ ᠪᠣᠯᠣᠨ᠎ᠠ᠂ ᠮᠠᠰᠢᠨ ᠬᠥᠮᠥᠨ ᠬᠥᠮᠥᠨ ᠲᠥᠷᠥᠯᠬᠢᠲᠡᠨ᠎ᠢ ᠬᠠᠪᠰᠤᠷᠤᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠬᠢᠯᠢ ᠬᠢᠵᠠᠭᠠᠷ᠎ᠢ ᠥᠷᠭᠡᠳᠬᠡᠵᠦ᠂ ᠬᠥᠮᠥᠨ ᠲᠥᠷᠥᠯᠬᠢᠲᠡᠨ ᠮᠡᠷᠭᠡᠵᠢᠯ᠎ᠦᠨ ᠴᠢᠭᠯᠡᠯ᠎ᠢ ᠡᠵᠡᠮᠳᠡᠨ᠂ ᠰᠢᠨᠵᠢᠯᠡᠬᠦ ᠤᠬᠠᠭᠠᠨ ᠲᠸᠭᠨᠢᠭ  ᠮᠡᠷᠭᠡᠵᠢᠯ᠎ᠦᠨ ᠬᠦᠴᠦᠨ᠎ᠳᠦ ᠬᠦᠴᠦᠨ ᠨᠡᠮᠡᠷᠢᠯᠡᠬᠦ ᠪᠣᠯᠣᠨ᠎ᠠ᠃ ᠪᠢᠳᠡ ᠮᠠᠰᠢᠨ ᠬᠥᠮᠥᠨ᠎ᠦ ᠨᠠᠩ ᠬᠤᠷᠳᠤᠨ ᠨᠠᠩ ᠬᠣᠯᠠ ᠭᠦᠶᠦᠬᠦ᠎ᠶᠢ ᠬᠦᠰᠡᠪᠡᠯ ᠵᠣᠬᠢᠨ᠎ᠠ᠃

ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠤᠯᠢᠬᠳᠠᠯ᠎ᠦᠨ ᠬᠣᠷᠳᠣᠴᠠ ᠨᠢ ᠠᠯᠢ ᠡᠷᠳᠡ ᠬᠦᠮᠦᠰ᠎ᠦᠨ ᠲᠦᠰᠦᠬᠡᠯᠡᠯ ᠡᠴᠡ ᠲᠠᠪᠠᠵᠠᠢ᠃ ᠠᠳᠠᠯᠢᠬᠠᠨ ᠤᠷᠤᠯᠳᠤᠭᠠᠨ᠎ᠳᠤ᠂ ᠮᠠᠰᠢᠨ ᠬᠥᠮᠥᠨ ᠨᠢᠳᠤᠨᠤᠨ  ᠬᠠᠢᠪᠠᠯᠵᠠᠨ ᠳᠠᠶ᠋ᠢᠪᠠᠯᠵᠠᠵᠤ᠂ ᠠᠯᠤᠰ ᠡᠵᠡᠮᠰᠢᠯ᠎ᠳᠦ ᠲᠦᠰᠢᠭᠯᠡᠨ ᠬᠦᠶᠦᠵᠦ ᠪᠠᠢᠪᠠ᠂ ᠣᠳᠣ᠌ ᠥᠪᠡᠷ᠎ᠢᠶᠡᠨ ᠠᠶᠠᠯᠠᠯ᠎ᠢᠶᠠᠨ ᠡᠵᠡᠮᠳᠡᠵᠦ ᠯᠠᠪᠳᠠᠭᠣᠨ ᠬᠦᠶᠦᠵᠦ ᠣᠷᠣᠯᠳᠣᠭᠠᠨ ᠵᠢᠡᠨ ᠬᠢᠯᠪᠠᠷᠬᠠᠨ ᠵᠢᠡᠷ ᠲᠠᠭᠣᠰᠬᠠᠬᠣ ᠪᠣᠯᠵᠠᠢ᠃ ᠣᠬᠣᠷᠬᠠᠨ ᠨᠢᠭᠡ ᠵᠢᠯ᠎ᠳᠦ ᠮᠠᠰᠢᠨ ᠬᠥᠮᠥᠨ᠎ᠦ ᠮᠡᠷᠭᠡᠵᠢᠯ 《ᠠᠯᠬᠤᠵᠤ ᠳᠡᠶ᠋ᠢᠯᠬᠦ》 ᠡᠴᠡ 《ᠭᠦᠶᠦᠬᠦ᠎ᠳᠡᠭᠡᠨ ᠴᠢᠳᠠᠮᠠᠭᠠᠢ》 ᠪᠣᠯᠬᠤ ᠳᠠᠪᠠᠯᠲᠠ᠎ᠶᠢᠨ ᠴᠢᠨᠠᠷᠲᠠᠢ ᠰᠢᠪᠲᠤᠯᠤᠯᠲᠠ᠎ᠶᠢ ᠪᠡᠶᠡᠯᠡᠭᠦᠯᠵᠡᠢ᠃ ᠡᠭᠦᠨ᠎ᠦ ᠠᠷᠤ᠎ᠳᠤ᠂ ᠬᠥᠳᠡᠯᠭᠡᠭᠡᠨ᠎ᠢ ᠡᠵᠡᠮᠳᠡᠬᠦ ᠪᠤᠳᠤᠬᠤ ᠠᠷᠭ᠎ᠠ ᠦᠷᠭᠦᠯᠵᠢᠯᠡᠨ ᠰᠢᠯᠢᠳᠡᠭᠵᠢᠵᠦ᠂ ᠬᠠᠲᠠᠭᠤ ᠬᠡᠷᠡᠭᠰᠡᠯ᠎ᠦᠨ ᠴᠢᠳᠠᠮᠵᠢ ᠲᠠᠰᠤᠷᠠᠯᠲᠠ ᠦᠭᠡᠢ ᠲᠠᠰ ᠳᠠᠪᠰᠢᠵᠤ᠂ ᠦᠷᠭᠦᠯᠵᠢᠯᠡᠨ ᠠᠶᠠᠯᠠᠬᠤ ᠴᠢᠳᠠᠪᠤᠷᠢ ᠲᠣᠭᠲᠠᠭᠤᠨ᠎ᠢᠶᠠᠷ ᠳᠡᠭᠡᠭᠰᠢᠯᠡᠭᠰᠡᠨ ᠪᠠᠢᠨ᠎ᠠ᠃ ᠮᠠᠰᠢᠨ ᠬᠥᠮᠥᠨ᠎ᠦ ᠬᠦᠶᠦᠯᠳᠡ ᠵᠢᠨ ᠵᠠᠮ ᠲᠡᠭᠡᠷᠡᠬᠢ ᠬᠣᠷᠳᠣᠴᠠ ᠪᠡᠨ ᠲᠦᠷᠭᠡᠳᠬᠡᠬᠦ ᠨᠢ ᠪᠦᠷ  ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠠᠪᠰᠢᠯᠲᠠ᠎ᠶᠢᠨ ᠠᠮᠢᠳᠤᠯᠢᠭ᠋ ᠲᠠᠢᠯᠪᠤᠷᠢ ᠮᠥᠨ ᠭᠡᠵᠦ ᠬᠡᠯᠡᠵᠦ ᠪᠣᠯᠣᠨ᠎ᠠ᠃

ᠮᠠᠰᠢᠨ ᠬᠥᠮᠥᠨ᠎ᠦ ᠮᠡᠷᠭᠡᠵᠢᠯ ᠲᠠᠰᠤᠷᠠᠯᠲᠠ ᠦᠭᠡᠢ ᠪᠣᠯᠪᠠᠰᠤᠷᠠᠩᠭᠤᠢ ᠪᠣᠯᠬᠤ᠎ᠶᠢ ᠳᠠᠭᠠᠯᠳᠤᠨ᠂ ᠬᠡᠷᠡᠭᠯᠡᠭᠡᠨ᠎ᠦ ᠠᠬᠤᠢ ᠪᠠᠢᠳᠠᠯ ᠨᠢ ᠴᠦ᠍ ᠦᠷᠭᠦᠯᠵᠢᠯᠡᠨ ᠥᠷᠭᠡᠵᠢᠵᠦ᠂ ᠢᠷᠡᠭᠡᠳᠦᠢ᠎ᠳᠦ ᠨᠡᠢᠭᠡᠮ᠎ᠦᠨ ᠬᠥᠭᠵᠢᠯᠲᠡ ᠪᠠ ᠡᠳᠦᠷ ᠲᠤᠲᠤᠮ᠎ᠤᠨ ᠠᠮᠢᠳᠤᠷᠠᠯ᠎ᠳᠤ ᠨᠠᠩ ᠭᠦᠨᠵᠡᠭᠡᠢ ᠠᠭᠤᠰᠤᠯᠴᠠᠬᠤ ᠪᠣᠯᠣᠨ᠎ᠠ᠃ ᠮᠠᠰᠢᠨ ᠬᠥᠮᠥᠨ᠎ᠦ ᠮᠠᠷᠠᠽᠤᠨ ᠤᠷᠤᠯᠳᠤᠭᠠᠨ᠎ᠤ ᠵᠠᠮ ᠳᠡᠭᠡᠷ᠎ᠡ ᠢᠯᠡᠷᠡᠭᠦᠯᠦᠭᠰᠡᠨ ᠬᠤᠯᠠ ᠭᠦᠶᠦᠬᠦ ᠂ ᠪᠡᠶ᠎ᠡ᠎ᠪᠡᠨ ᠳᠠᠭᠠᠭᠠᠵᠤ ᠰᠠᠭᠠᠳ᠎ᠠᠴᠠ ᠵᠠᠢᠯᠠᠬᠤ᠂ ᠲᠣᠭᠲᠠᠭᠤᠨ᠎ᠢᠶᠠᠷ ᠦᠷᠭᠦᠯᠵᠢᠯᠡᠨ ᠠᠶᠠᠯᠠᠬᠤ ᠵᠡᠷᠭᠡ ᠴᠢᠳᠠᠪᠤᠷᠢ ᠨᠢ  ᠮᠠᠰᠢ ᠤᠯᠠᠨ ᠬᠡᠷᠡᠭᠯᠡᠭᠡᠨ᠎ᠦ ᠲᠠᠯᠠᠪᠤᠷ᠎ᠤᠨ ᠭᠣᠣᠯ ᠬᠡᠷᠡᠭᠴᠡᠭᠡ ᠪᠣᠯᠣᠨ᠎ᠠ᠃ ᠭᠠᠮᠰᠢᠭ᠋᠎ᠠᠴᠠ ᠠᠪᠤᠷᠠᠨ ᠲᠤᠰᠠᠯᠠᠬᠤ ᠲᠤᠬᠠᠢ᠎ᠶᠢᠨ ᠲᠠᠯᠠᠪᠠᠶ᠎ᠳᠤ᠂ ᠮᠠᠰᠢᠨ ᠬᠥᠮᠥᠨ ᠬᠥᠮᠥᠨ ᠲᠥᠷᠥᠯᠬᠢᠲᠡᠨ᠎ᠦ ᠣᠷᠣᠯᠴᠠᠬᠤ᠎ᠶᠢᠨ ᠠᠷᠭ᠎ᠠ ᠦᠭᠡᠢ ᠠᠶᠤᠯ ᠶᠡᠬᠡᠲᠡᠢ ᠣᠷᠣᠨ ᠪᠦᠰᠡ᠎ᠳᠦ ᠭᠦᠨᠵᠡᠭᠡᠢᠷᠡᠨ᠂ ᠡᠷᠢᠵᠦ ᠠᠪᠤᠷᠠᠬᠤ᠂ ᠬᠠᠢᠨ ᠰᠢᠨᠵᠢᠬᠦ ᠠᠵᠢᠯ᠎ᠢ ᠥᠷᠨᠢᠭᠦᠯᠵᠦ᠂ ᠠᠮᠢ ᠨᠠᠰᠤᠨ᠎ᠤ ᠠᠮᠤᠷ ᠲᠦᠪᠰᠢᠨ᠎ᠢ ᠰᠠᠬᠢᠨ ᠬᠠᠮᠠᠭᠠᠯᠠᠵᠤ ᠪᠣᠯᠣᠨ᠎ᠠ; ᠡᠳ᠋ ᠪᠠᠷᠠᠭᠠᠨ᠎ᠤ ᠭᠦᠢᠯᠭᠡᠭᠡᠨ᠎ᠦ ᠬᠦᠷᠢᠶᠡᠯᠡᠩ ᠲᠣᠭᠣᠷᠢᠭ᠋᠂ ᠡᠨᠧᠷᠭᠢ᠎ᠶᠢᠨ ᠦᠢᠯᠡᠳᠪᠦᠷᠢ᠎ᠶᠢᠨ ᠥᠷᠲᠡᠭᠡ ᠵᠡᠷᠭᠡ ᠣᠶᠤᠨᠲᠤ ᠲᠣᠭᠣᠷᠢᠨ ᠪᠠᠢᠴᠠᠭᠠᠬᠤ ᠠᠬᠤᠢ ᠲᠠᠯᠠᠪᠤᠷ᠎ᠲᠦ  ᠮᠠᠰᠢᠨ ᠬᠥᠮᠥᠨ ᠶᠠᠳᠠᠷᠠᠬᠤ ᠵᠢ ᠮᠡᠳᠡᠬᠦ ᠦᠭᠡᠢ᠎ᠪᠡᠷ ᠦᠷᠭᠦᠯᠵᠢᠯᠡᠨ ᠠᠵᠢᠯᠯᠠᠵᠤ᠂ ᠠᠵᠢᠯ᠎ᠤᠨ ᠦᠷ᠎ᠡ ᠪᠦᠲᠦᠮᠵᠢ᠎ᠵᠢ ᠳᠡᠭᠡᠭᠰᠢᠯᠡᠭᠦᠯᠵᠦ ᠪᠣᠯᠣᠨ᠎ᠠ;ᠤᠷᠤᠯᠳᠤᠭᠠᠨ᠎ᠤ ᠳᠤᠮᠳᠠ ᠢᠯᠡᠷᠡᠭᠦᠯᠦᠭᠰᠡᠨ ᠰᠠᠭᠠᠳ ᠲᠣᠳᠬᠠᠷ᠎ᠠᠴᠠ ᠣᠨᠣᠪᠴᠢᠲᠠᠶ ᠵᠠᠢᠯᠠᠬᠤ ᠮᠡᠷᠭᠡᠵᠢᠯ ᠨᠢ ᠪᠠᠰᠠ ᠠᠦ᠋ᠲ᠋ᠣ᠋ ᠵᠢᠯᠤᠭᠣᠳᠬᠤ᠂ ᠣᠶᠤᠨᠲᠤ ᠵᠠᠮ ᠬᠠᠷᠢᠯᠴᠠᠭ᠎ᠠ ᠵᠡᠷᠭᠡ ᠬᠦᠷᠢᠶᠡᠨ᠎ᠳᠦ ᠮᠡᠷᠭᠡᠵᠢᠯ᠎ᠦᠨ ᠲᠤᠯᠭᠠᠭᠤᠷᠢ  ᠬᠠᠩᠭᠠᠵᠤ᠂ ᠬᠦᠮᠦᠰ᠎ᠦᠨ ᠶᠠᠪᠤᠵᠤ ᠰᠠᠭᠤᠬᠤ᠎ᠳᠤ ᠨᠠᠩ ᠠᠮᠤᠷ ᠲᠦᠪᠰᠢᠨ᠂ ᠨᠠᠩ ᠣᠶᠤᠨᠯᠢᠭ᠋ ᠬᠦᠴᠦᠨ ᠨᠡᠮᠡᠷᠢᠯᠡᠬᠦ ᠪᠣᠯᠣᠨ᠎ᠠ᠃

ᠮᠠᠰᠢᠨ ᠬᠥᠮᠥᠨ᠎ᠦ ᠮᠠᠷᠠᠽᠤᠨ ᠤᠷᠤᠯᠳᠤᠭᠠᠨ ᠨᠢ ᠭᠦᠶᠦᠬᠦ ᠤᠷᠤᠯᠳᠤᠭᠠᠨ ᠲᠡᠳᠦᠢ ᠪᠢᠰᠢ  ᠬᠠᠷᠢᠨ ᠮᠡᠷᠭᠡᠵᠢᠯ᠎ᠢ ᠰᠢᠯᠭᠠᠨ ᠨᠣᠳᠠᠯᠠᠬᠣ᠂  ᠬᠡᠷᠡᠭᠯᠡᠵᠦ ᠳᠡᠯᠭᠡᠷᠡᠭᠦᠯᠬᠦ ᠠᠵᠢᠯᠯᠠᠭ᠎ᠠ ᠪᠣᠯᠣᠨ᠎ᠠ᠃ ᠮᠡᠷᠭᠡᠵᠢᠯ᠎ᠦᠨ ᠳᠠᠪᠰᠢᠯᠲᠠ᠎ᠶᠢ ᠳᠠᠭᠠᠯᠳᠤᠨ ᠢᠷᠡᠭᠡᠳᠦᠢ᠎ᠳᠦ ᠨᠠᠩ ᠣᠯᠠᠨ ᠣᠶᠤᠨᠲᠤ ᠲᠥᠬᠦᠭᠡᠷᠦᠮᠵᠢ ᠡᠯ᠎ᠡ ᠠᠵᠢᠯ ᠲᠥᠷᠥᠯ᠎ᠳᠦ ᠣᠷᠣᠵᠤ᠂ ᠲᠦᠭ ᠲᠦᠮᠡᠨ ᠠᠢᠯ ᠡᠷᠦᠬᠡ᠎ᠳᠦ ᠣᠷᠣᠵᠤ᠂ ᠨᠡᠢᠭᠡᠮ᠎ᠦᠨ ᠬᠥᠭᠵᠢᠯᠲᠡ᠎ᠳᠦ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠰᠠᠢᠨ ᠰᠠᠢᠬᠠᠨ ᠠᠮᠢᠳᠤᠷᠠᠯ᠎ᠳᠤ ᠰᠢᠨ᠎ᠡ ᠬᠦᠴᠦᠨ ᠨᠡᠮᠡᠷᠢᠯᠡᠨ᠎ᠡ ᠭᠡᠳᠡᠭ᠎ᠢ ᠢᠲᠡᠭᠡᠵᠦ ᠪᠠᠢᠨ᠎ᠠ᠃

     — 《ᠠᠵᠦ ᠠᠬᠣᠢ ᠵᠢᠨ ᠡᠳᠦᠷ᠎ᠦᠨ ᠰᠣᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号