ᠤᠢᠷ᠎ᠠ᠎ᠳᠦ ᠭᠤᠸᠠᠩᠮᠢᠩ ᠰᠦᠯᠵᠢᠶᠡᠨ᠎ᠦ ᠮᠡᠳᠡᠭᠡᠯᠡᠭᠰᠡᠨ᠎ᠢᠶᠡᠷ᠂ ᠭᠤᠸᠠᠩᠳᠦ᠋ᠩ ᠮᠤᠵᠢ᠎ᠶᠢᠨ ᠳᠣᠲᠣᠭᠠᠳᠤ᠎ᠶᠢ ᠬᠠᠮᠠᠭᠠᠯᠠᠬᠤ ᠲᠢᠩᠬᠢᠮ ᠡᠴᠡ ᠣᠷᠴᠢᠨ ᠠᠬᠤᠢ ᠡᠬᠢ ᠪᠠᠶᠠᠯᠢᠭ᠋᠎ᠤᠨ ᠬᠦᠷᠢᠶᠡᠨ᠎ᠳᠡᠬᠢ ᠶᠠᠯᠠᠲᠤ ᠠᠵᠢᠯᠯᠠᠭ᠎ᠠ᠎ᠶᠢᠨ ᠨᠢᠭᠡ ᠪᠦᠯᠦᠭ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠨᠡᠢᠲᠡᠯᠡᠪᠡ᠂ ᠡᠭᠦᠨ᠎ᠦ ᠳᠣᠲᠣᠷ᠎ᠠ ᠵᠥᠩᠱᠠᠨᠤ 《211》 ᠦ ᠬᠤᠳᠠᠯ ᠬᠠᠭᠤᠷᠮᠠᠭ ᠭᠡᠷᠡᠴᠢ ᠪᠢᠴᠢᠭ ᠮᠠᠲᠧᠷᠢᠶᠠᠯ ᠬᠠᠩᠭᠠᠭᠰᠠᠨ ᠬᠡᠷᠡᠭ ᠨᠢ ᠬᠥᠮᠥᠰ᠎ᠦᠨ ᠠᠩᠬᠠᠷᠤᠯ᠎ᠢ ᠶᠡᠬᠡᠳᠡ ᠲᠠᠲᠠᠵᠠᠢ᠃ 2025 ᠣᠨ᠎ᠤ 2 ᠰᠠᠷ᠎ᠠ᠎ᠠᠴᠠ 4 ᠰᠠᠷ᠎ᠠ ᠪᠣᠯᠲᠠᠯ᠎ᠠ᠂ ᠵᠥᠩᠱᠠᠨᠤ ᠴᠠᠭᠳᠠᠭᠠᠨ᠎ᠤ ᠲᠠᠯ᠎ᠠ᠎ᠶᠢᠨ ᠬᠢᠨ ᠤᠷᠢᠳ ᠬᠣᠵᠢᠳ 76 ᠶᠠᠯ᠎ᠠ ᠬᠢᠭᠰᠡᠨ ᠰᠡᠵᠢᠭᠲᠡᠨ᠎ᠢ ᠪᠠᠷᠢᠪᠴᠢᠯᠠᠵᠤ᠂ ᠬᠡᠷᠡᠭ᠎ᠲᠦ ᠬᠣᠯᠪᠣᠭᠳᠠᠭᠰᠠᠨ ᠣᠷᠴᠢᠨ ᠠᠬᠤᠢ᠎ᠶᠢᠨ ᠬᠠᠮᠠᠭᠠᠯᠠᠯᠲᠠ᠎ᠶᠢᠨ 36 ᠺᠣᠮᠫᠠᠨᠢ᠎ᠶᠢ ᠪᠠᠢᠴᠠᠭᠠᠨ ᠰᠢᠢᠳᠪᠦᠷᠢᠯᠡᠵᠦ᠂ ᠣᠷᠴᠢᠨ ᠲᠤᠭᠤᠷᠢᠨ᠎ᠦ ᠲᠤᠬᠠᠢ ᠬᠤᠳᠠᠯ ᠬᠠᠭᠤᠷᠮᠠᠭ ᠦᠨᠡᠯᠡᠯᠲᠡ᠎ᠶᠢᠨ ᠮᠡᠳᠡᠭᠦᠯᠦᠯᠲᠡ᠎ᠶᠢᠨ ᠬᠦᠰᠦᠨᠦᠭᠲᠦ(ᠪᠢᠴᠢᠭ) ᠵᠢᠮᠢᠩᠭᠠ ᠭᠠᠷᠤᠢ ᠬᠤᠪᠢ ᠪᠠᠢᠴᠠᠭᠠᠨ ᠭᠠᠷᠭᠠᠵᠠᠢ᠃ ᠪᠠᠢᠴᠠᠭᠠᠭᠰᠠᠨ᠎ᠢᠶᠠᠷ᠂ ᠴᠧᠨ ᠣᠪᠣᠭᠲᠤ᠂ ᠬᠤᠸᠠᠩ ᠣᠪᠣᠭᠲᠤ ᠵᠡᠷᠭᠡ ᠰᠡᠵᠢᠭᠲᠡᠨ ᠣᠷᠴᠢᠨ ᠲᠤᠭᠤᠷᠢᠨ᠎ᠦ ᠲᠤᠬᠠᠢ ᠦᠨᠡᠯᠡᠯᠲᠡ᠎ᠶᠢᠨ ᠢᠨᠵᠧᠨᠧᠷ᠎ᠦᠨ ᠬᠢᠷᠢ ᠬᠡᠮ ᠦᠭᠡᠢ᠂ ᠲᠤᠬᠠᠢ᠎ᠶᠢᠨ ᠲᠠᠯᠠᠪᠤᠷ᠎ᠲᠤ ᠬᠠᠢᠨ ᠪᠠᠢᠴᠠᠭᠠᠯᠲᠠ ᠬᠢᠭᠰᠡᠨ ᠦᠭᠡᠢ᠂ ᠰᠢᠭᠤᠳ ᠣᠷᠴᠢᠨ ᠲᠤᠭᠤᠷᠢᠨ᠎ᠦ ᠲᠤᠬᠠᠢ ᠦᠨᠡᠯᠡᠯᠲᠡ᠎ᠶᠢᠨ ᠪᠢᠴᠢᠭ ᠮᠠᠲᠧᠷᠢᠶᠠᠯ ᠵᠣᠬᠢᠶᠠᠵᠤ᠂ ᠡᠭᠦᠨ᠎ᠢᠶᠡᠷ ᠬᠠᠤᠯᠢ ᠪᠤᠰᠤ᠎ᠪᠠᠷ ᠠᠰᠢᠭ᠋ ᠬᠣᠨᠵᠢᠭ᠍ᠰᠠᠨ ᠪᠠᠢᠨ᠎ᠠ᠃ ᠣᠳᠣᠬᠠᠨ᠎ᠳᠤ ᠬᠣᠶᠠᠷ ᠭᠣᠣᠯ ᠬᠡᠷᠡᠭᠲᠡᠨ ᠨᠢᠭᠡᠨᠲᠡ ᠬᠤᠳᠠᠯ ᠬᠠᠭᠤᠷᠮᠠᠭ ᠭᠡᠷᠡᠴᠢ ᠮᠠᠲᠧᠷᠢᠶᠠᠯ ᠬᠠᠩᠭᠠᠭᠰᠠᠨ ᠶᠠᠯ᠎ᠠ ᠬᠢᠭᠰᠡᠨ᠎ᠡᠴᠡ ᠪᠣᠯᠵᠤ ᠬᠤᠭᠤᠴᠠᠭ᠎ᠠ᠎ᠲᠠᠢ ᠬᠣᠷᠢᠬᠤ ᠡᠷᠡᠭᠦᠦ ᠰᠢᠢᠳᠬᠡᠯ᠎ᠢᠶᠡᠷ ᠰᠢᠢᠳᠬᠡᠭᠳᠡᠵᠦ ᠲᠣᠷᠭᠠᠭᠳᠠᠪᠠ᠃
ᠣᠷᠴᠢᠨ ᠲᠤᠭᠤᠷᠢᠨ᠎ᠦ ᠲᠤᠬᠠᠢ ᠦᠨᠡᠯᠡᠯᠲᠡ᠎ᠶᠢᠨ ᠳᠡᠪᠲᠡᠷ ᠪᠣᠯ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠬᠤ《ᠵᠥᠪᠰᠢᠶᠡᠷᠡᠯ᠎ᠦᠨ ᠡᠭᠦᠳᠡ》ᠮᠥᠨ᠂ ᠲᠥᠷᠥᠯ ᠵᠦᠢᠯ᠎ᠢ ᠡᠬᠢᠯᠡᠭᠦᠯᠬᠦ᠎ᠡᠴᠡ ᠡᠮᠦᠨᠡᠬᠢ 《ᠠᠮᠢ ᠠᠬᠤᠢ᠎ᠶᠢᠨ ᠪᠡᠶ᠎ᠡ᠎ᠶᠢᠨ ᠪᠠᠢᠴᠠᠭᠠᠯᠲᠠ》 ᠮᠥᠨ᠃ ᠳᠡᠭᠡᠷ᠎ᠡ ᠳᠤᠷᠠᠳᠤᠭᠰᠠᠨ ᠬᠡᠷᠡᠭ᠎ᠲᠦ ᠬᠣᠯᠪᠣᠭᠳᠠᠭᠰᠠᠨ ᠬᠥᠮᠥᠨ᠎ᠦ ᠲᠣᠭ᠎ᠠ ᠣᠯᠠᠨ᠂ ᠬᠠᠭᠤᠷᠮᠠᠭᠯᠠᠨ ᠵᠣᠬᠢᠶᠠᠭᠰᠠᠨ ᠬᠡᠪᠴᠢᠶ᠎ᠡ ᠶᠡᠬᠡ ᠪᠠᠢᠵᠤ᠂ ᠣᠷᠴᠢᠨ ᠲᠤᠭᠤᠷᠢᠨ᠎ᠦ ᠲᠤᠬᠠᠢ ᠦᠨᠡᠯᠡᠯᠲᠡ᠎ᠶᠢᠨ ᠬᠡᠰᠡᠭ ᠪᠠᠢᠭᠤᠯᠤᠮᠵᠢ ᠠᠵᠢᠯ ᠮᠡᠷᠭᠡᠵᠢᠯ᠎ᠦᠨ ᠨᠠᠭᠠᠲᠤ ᠵᠠᠬ᠎ᠠ᠎ᠶᠢᠨ ᠬᠢᠵᠠᠭᠠᠷ ᠱᠤᠭᠤᠮ᠎ᠢ ᠪᠠᠯᠠᠷᠬᠠᠢᠳᠠᠭᠤᠯᠤᠨ᠂ ᠠᠮᠢ ᠠᠬᠤᠢ᠎ᠶᠢᠨ ᠲᠤᠬᠠᠢ ᠲᠥᠪ ᠴᠢᠩᠭ᠎ᠠ ᠦᠨᠡᠯᠡᠨ ᠵᠢᠱ᠌ᠢᠯᠲᠡ᠎ᠶᠢ ᠠᠰᠢᠭ᠋ ᠬᠣᠨᠵᠢᠬᠤ ᠮᠠᠢᠮᠠᠢ ᠪᠣᠯᠭᠠᠨ ᠬᠤᠪᠢᠷᠠᠭᠤᠯᠤᠭᠰᠠᠨ ᠪᠠᠢᠨ᠎ᠠ᠃ ᠬᠢᠷᠢ ᠬᠡᠮ ᠦᠭᠡᠢ ᠬᠥᠮᠥᠰ ᠭᠤᠶᠤᠴᠢᠯᠠᠯ᠎ᠢ ᠵᠣᠷᠢᠭ᠍ᠲᠠᠢ ᠭᠥᠯᠢᠶᠡᠨ ᠠᠪᠴᠤ ᠂ ᠲᠤᠬᠠᠢ᠎ᠶᠢᠨ ᠲᠠᠯᠠᠪᠠᠶ᠎ᠶᠢ ᠴᠤ ᠣᠴᠢᠵᠦ ᠦᠵᠡᠬᠦ ᠦᠬᠡᠢ ᠪᠡᠷ ᠰᠢᠭᠣᠳ ᠬᠤᠳᠠᠯ ᠬᠠᠭᠤᠷᠮᠠᠭ ᠮᠡᠳᠡᠭᠦᠯᠦᠯᠲᠡ ᠵᠣᠬᠢᠶᠠᠵᠦ ᠦᠭᠬᠦᠨ᠎ᠠ᠂ ᠢᠩᠬᠢᠵᠦ ᠬᠣᠳᠠᠯ ᠬᠠᠭᠣᠷᠮᠠᠭ ᠵᠢᠡᠷ ᠵᠣᠬᠢᠶᠠᠬᠣ ᠨᠢ ᠨᠢᠬᠡᠨᠳᠡ ᠪᠦᠷᠢᠨ ᠪᠦᠲᠦᠨ ᠬᠡᠯᠬᠢᠶ᠎ᠠ ᠪᠣᠯᠵᠦ ᠪᠦᠷᠢᠯᠳᠦᠵᠦ ᠣᠷᠳᠣ᠌ ᠬᠤᠭᠤᠴᠠᠭ᠎ᠠ᠎ᠪᠠᠷ ᠣᠷᠣᠰᠢᠵᠦ ᠪᠠᠢᠬᠰᠠᠨᠦ ᠰᠢᠯᠳᠠᠭᠠᠨ ᠨᠢ ᠵᠠᠷᠢᠮ ᠣᠷᠣᠨ ᠨᠤᠲᠤᠭ᠎ᠤᠨ ᠠᠵᠢᠯ ᠲᠥᠷᠥᠯ᠎ᠦᠨ ᠬᠢᠨᠠᠯᠲᠠ ᠬᠠᠮᠢᠶᠠᠷᠤᠯᠲᠠ ᠬᠢᠭᠡᠳ ᠵᠠᠬ᠎ᠠ ᠳᠡᠯᠭᠡᠭᠦᠷ᠎ᠦᠨ ᠬᠢᠵᠠᠭᠠᠷᠯᠠᠯ ᠠᠯᠳᠠᠭᠳᠠᠭᠰᠠᠨᠢ ᠲᠤᠰᠬᠠᠵᠤ ᠪᠠᠢᠨ᠎ᠠ᠃
ᠲᠤᠬᠠᠢ᠎ᠶᠢᠨ ᠭᠠᠵᠠᠷ ᠲᠤᠨᠢ ᠬᠢᠨᠠᠨ ᠪᠠᠢᠴᠠᠭᠠᠭᠰᠠᠨ ᠦᠭᠡᠢ᠂ ᠡᠭᠦᠳᠡ᠎ᠪᠡᠨ ᠲᠦᠭᠵᠢᠵᠦ ᠬᠤᠳᠠᠯ ᠬᠠᠭᠣᠷᠮᠠᠭ ᠵᠢᠡᠷ ᠵᠣᠬᠢᠶᠠᠬᠰᠠᠨ ᠣᠷᠴᠢᠨ ᠲᠤᠭᠤᠷᠢᠨ᠎ᠦ ᠲᠤᠬᠠᠢ ᠦᠨᠡᠯᠡᠯᠲᠡ᠎ᠶᠢᠨ ᠮᠡᠳᠡᠭᠦᠯᠦᠯᠲᠡ ᠨᠢ ᠪᠣᠬᠢᠷᠲᠤᠯ ᠶᠡᠬᠡᠲᠡᠢ᠂ ᠠᠶᠤᠯ ᠲᠦᠭᠰᠢᠭᠦᠷᠢ ᠶᠡᠬᠡᠲᠡᠢ ᠲᠦᠷᠦᠯ ᠵᠦᠢᠯ᠎ᠢ ᠤᠷᠤᠭᠰᠢᠲᠠᠢ ᠣᠷᠣᠭᠣᠯᠣᠨ ᠠᠪᠴᠢᠷᠠᠵᠦ ᠮᠡᠳᠡᠨ᠎ᠡ᠂ ᠬᠥᠷᠥᠰᠥ ᠰᠢᠷᠣᠢ᠂ ᠤᠰᠤᠨ᠎ᠤ ᠰᠤᠷᠪᠤᠯᠵᠢ᠂ ᠠᠭᠠᠷ ᠮᠠᠨᠳᠠᠯ᠎ᠢ ᠦᠷᠭᠦᠯᠵᠢᠯᠡᠨ ᠡᠪᠳᠡᠵᠦ ᠮᠡᠳᠡᠨ᠎ᠠ᠃ ᠠᠮᠢ ᠠᠬᠤᠢ ᠣᠷᠴᠢᠨ ᠲᠣᠭᠣᠷᠢᠨ ᠡᠪᠳᠡᠭᠳᠡᠬᠦ᠎ᠳᠦ ᠬᠦᠷᠪᠡᠯ᠂ ᠵᠠᠰᠠᠯᠲᠠ᠎ᠶᠢᠨ ᠥᠪᠡᠷ᠎ᠦᠨ ᠦᠷᠳᠡᠭ ᠲᠤᠢᠯ᠎ᠤᠨ ᠥᠨᠳᠥᠷ᠂ ᠰᠡᠷᠭᠦᠭᠡᠨ ᠵᠠᠰᠠᠬᠤ ᠦᠶᠡᠯᠡᠯ᠎ᠦᠨ ᠬᠤᠭᠤᠴᠠᠭ᠎ᠠ ᠤᠷᠳᠤ᠂ ᠴᠢᠨᠠᠭᠰᠢᠯᠠᠪᠠᠯ ᠵᠠᠷᠢᠮ ᠬᠣᠬᠢᠷᠠᠯ᠎ᠢ ᠨᠦᠬᠦᠪᠦᠷᠢᠯᠡᠵᠦ ᠲᠡᠢᠯᠬᠦ ᠦᠭᠡᠢ᠂ ᠡᠴᠦᠰ᠎ᠲᠡᠬᠡᠨ ᠪᠦᠬᠦ ᠨᠡᠢᠭᠡᠮ᠎ᠢᠶᠡᠷ᠎ᠢᠶᠡᠨ ᠦᠨ᠎ᠡ ᠲᠥᠯᠥᠪᠦᠷᠢ ᠭᠠᠷᠭᠠᠬᠤ ᠪᠣᠯᠣᠨ᠎ᠠ᠃ ᠡᠨᠡ ᠲᠠᠯ᠎ᠠ᠎ᠠᠴᠠ ᠦᠵᠡᠪᠡᠯ ᠣᠷᠴᠢᠨ ᠲᠤᠭᠤᠷᠢᠨ᠎ᠦ ᠲᠤᠬᠠᠢ ᠦᠨᠡᠯᠡᠯᠲᠡ ᠵᠢ ᠬᠤᠳᠠᠯ ᠬᠠᠭᠤᠷᠮᠠᠭ ᠵᠢᠡᠷ ᠵᠤᠬᠢᠶᠠᠬᠤ ᠪᠣᠯ ᠤᠯᠠᠨ ᠨᠡᠶ᠋ᠢᠲᠡ᠎ᠶᠢᠨ ᠠᠰᠢᠭ᠋ ᠲᠤᠰᠠ᠎ᠶᠢ ᠬᠣᠬᠢᠷᠠᠭᠣᠯᠵᠦ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢ ᠳᠤᠷ᠎ᠠ᠎ᠪᠠᠷ᠎ᠢᠶᠠᠨ ᠡᠪᠳᠡᠵᠦ ᠪᠠᠢᠭ᠎ᠠ ᠶᠠᠪᠤᠳᠠᠯ ᠪᠣᠯᠣᠨ᠎ᠠ᠃
ᠣᠷᠴᠢᠨ ᠲᠤᠭᠤᠷᠢᠨ᠎ᠦ ᠲᠤᠬᠠᠢ ᠦᠨᠡᠯᠡᠯᠲᠡ᠎ᠶᠢᠨ ᠬᠣᠷᠢᠭ᠎ᠠ ᠱᠤᠭᠤᠮ᠎ᠢ ᠰᠠᠬᠢᠬᠤ᠎ᠳᠤ ᠬᠡᠷᠡᠭ᠎ᠦᠨ ᠳᠠᠷᠠᠭ᠎ᠠ ᠬᠠᠷᠢᠭᠤᠴᠠᠯᠭ᠎ᠠ ᠨᠡᠬᠡᠮᠵᠢᠯᠡᠬᠦ᠎ᠡᠴᠡ ᠭᠠᠳᠠᠨ᠎ᠠ ᠪᠠᠰᠠ ᠪᠦᠬᠦ ᠶᠠᠪᠤᠴᠠ᠎ᠳᠤ ᠲᠦᠰᠢᠭᠯᠡᠨ ᠴᠢᠩᠭ᠎ᠠ ᠬᠠᠮᠢᠶᠠᠷᠬᠤ ᠬᠡᠷᠡᠭᠲᠡᠢ᠃ ᠣᠷᠴᠢᠨ ᠲᠤᠭᠤᠷᠢᠨ᠎ᠦ ᠲᠤᠬᠠᠢ ᠦᠨᠡᠯᠡᠯᠲᠡ᠎ᠶᠢᠨ ᠡᠯ᠎ᠡ ᠭᠣᠭᠴᠣᠭ᠎ᠠ᠎ᠶᠢᠨ ᠳᠠᠯᠳᠠ ᠴᠢᠨᠠᠷ ᠴᠢᠩᠭ᠎ᠠ᠂ ᠲᠤᠰᠬᠠᠢ ᠮᠡᠷᠭᠡᠵᠢᠯ᠎ᠦᠨ ᠴᠢᠨᠠᠷ ᠥᠨᠳᠥᠷ᠂ ᠬᠢᠨᠠᠨ ᠬᠠᠮᠢᠶᠠᠷᠤᠯᠲᠠ᠎ᠶᠢᠨ ᠪᠠᠯᠠᠢ ᠣᠷᠣᠨ ᠠᠮᠠᠷᠬᠠᠨ ᠢᠯᠡᠷᠡᠳᠡᠭ᠃ ᠡᠢᠮᠦ᠎ᠡᠴᠡ ᠬᠡᠪ᠎ᠦᠨ ᠪᠤᠰᠤ ᠪᠠᠢᠳᠠᠯ᠎ᠢ ᠦᠨᠳᠦᠰᠦ ᠰᠤᠷᠪᠤᠯᠵᠢ᠎ᠠᠴᠠ ᠨᠢ ᠬᠣᠷᠢᠭ᠍ᠯᠠᠬᠤ᠎ᠳᠤ ᠡᠷᠬᠡᠪᠰᠢ ᠬᠢᠷᠢ ᠬᠡᠮ᠎ᠦᠨ ᠬᠠᠮᠢᠶᠠᠷᠤᠯᠲᠠ᠎ᠶᠢ ᠴᠢᠩᠭᠠᠳᠬᠠᠵᠤ᠂ ᠠᠵᠢᠯ ᠡᠷᠬᠢᠯᠡᠭᠰᠡᠳ᠎ᠦᠨ ᠬᠢᠷᠢ ᠬᠡᠮ᠎ᠢ ᠴᠢᠩᠭ᠎ᠠ ᠬᠠᠷᠭᠤᠭᠤᠯᠤᠨ ᠪᠠᠢᠴᠠᠭᠠᠬᠤ ᠬᠡᠷᠡᠭᠲᠡᠢ; ᠣᠷᠴᠢᠨ ᠲᠤᠭᠤᠷᠢᠨ᠎ᠦ ᠲᠤᠬᠠᠢ ᠦᠨᠡᠯᠡᠯᠲᠡ᠎ᠶᠢᠨ ᠪᠥᠬᠥ ᠶᠠᠪᠤᠴᠠ᠎ᠳᠤ ᠣᠷᠣᠮ ᠦᠯᠡᠳᠡᠭᠡᠬᠦ᠎ᠶᠢ ᠠᠬᠢᠭᠤᠯᠵᠤ᠂ ᠲᠤᠬᠠᠢ᠎ᠶᠢᠨ ᠲᠠᠯᠠᠪᠠᠶ᠎ᠳᠤ ᠬᠠᠢᠨ ᠪᠠᠢᠴᠠᠭᠠᠬᠤ᠂ ᠲᠣᠭ᠎ᠠ ᠪᠠᠷᠢᠮᠲᠠ᠎ᠶᠢᠨ ᠢᠷᠡᠯᠲᠡ᠂ ᠨᠠᠢᠷᠠᠭᠤᠯᠤᠨ ᠵᠣᠬᠢᠶᠠᠬᠤ ᠲᠡᠰ ᠲᠠᠷᠠᠭᠠᠯᠠᠯ᠎ᠳᠤ ᠮᠥᠷᠳᠡᠵᠦ ᠪᠣᠯᠬᠤ ᠬᠢᠨᠠᠯᠲᠠ ᠬᠠᠮᠢᠶᠠᠷᠤᠯᠲᠠ᠎ᠶᠢ ᠬᠡᠷᠡᠭᠵᠢᠭᠦᠯᠦᠨ᠎ᠡ; ᠰᠤᠭᠤᠴᠢᠨ ᠪᠠᠢᠴᠠᠭᠠᠬᠤ ᠡᠷᠴᠢᠮ᠎ᠢᠶᠡᠨ ᠴᠢᠩᠭᠠᠷᠠᠭᠤᠯᠵᠤ᠂ ᠬᠤᠳᠠᠯ ᠬᠠᠭᠣᠷᠮᠠᠭ ᠵᠢᠡᠷ ᠵᠣᠬᠢᠶᠠᠬᠰᠠᠨᠢ ᠢᠯᠡᠷᠡᠬᠦᠯᠬᠦ ᠲᠣᠬᠢᠶᠠᠯᠳᠤᠮᠵᠢ ᠪᠡᠨ ᠲᠡᠭᠡᠭᠰᠢᠯᠡᠬᠦᠯᠵᠦ᠂ ᠵᠠᠪᠰᠢᠨ ᠳᠠᠯᠢᠮᠳᠠᠭᠤᠯᠤᠭᠰᠠᠳᠵᠢᠡᠷ ᠦᠨ᠎ᠡ ᠲᠥᠯᠥᠪᠦᠷᠢ ᠭᠠᠷᠭᠠᠭᠤᠯᠬᠤ ᠬᠡᠷᠡᠭᠲᠡᠢ᠃
ᠬᠠᠤᠯᠢ ᠴᠠᠭᠠᠵᠠ᠎ᠶᠢᠨ ᠰᠦᠷᠳᠡᠭᠦᠯᠬᠦ ᠬᠦᠴᠦᠨ ᠨᠢ ᠬᠠᠤᠯᠢ᠎ᠠᠴᠠ ᠵᠥᠷᠢᠴᠡᠪᠡᠯ ᠵᠠᠪᠠᠯ ᠨᠡᠬᠡᠮᠵᠢᠯᠡᠵᠦ᠂ ᠬᠠᠤᠯᠢ᠎ᠶᠢ ᠵᠠᠪᠠᠯ ᠴᠢᠩᠭ᠎ᠠ ᠬᠡᠷᠡᠭᠵᠢᠭᠦᠯᠵᠦ᠂ ᠪᠦᠬᠦ ᠬᠡᠯᠬᠢᠶ᠎ᠡ᠎ᠪᠡᠷ ᠬᠠᠷᠢᠭᠤᠴᠠᠯᠭ᠎ᠠ ᠨᠡᠬᠡᠮᠵᠢᠯᠡᠬᠦ᠎ᠳᠤ ᠪᠠᠢᠨ᠎ᠠ᠃ ᠬᠣᠯᠪᠣᠭᠳᠠᠯ ᠪᠦᠬᠦᠢ ᠭᠠᠵᠠᠷ ᠣᠷᠣᠨ᠎ᠤ ᠬᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠨᠡᠢᠲᠡᠯᠡᠭᠰᠡᠨ ᠨᠢ ᠰᠢᠭᠤᠳ ᠬᠠᠭᠤᠷᠮᠠᠭᠯᠠᠨ ᠦᠢᠯᠡᠳᠦᠭᠴᠢ᠎ᠶᠢ ᠴᠢᠩᠭ᠎ᠠ ᠰᠢᠢᠳᠬᠡᠭᠰᠡᠨ᠎ᠢᠶᠡᠷ ᠪᠠᠷᠠᠬᠤ ᠦᠭᠡᠢ᠂ ᠨᠡᠩ ᠴᠤ᠌ ᠪᠦᠬᠦᠶ᠋ᠢᠯᠡ ᠠᠵᠢᠯ ᠲᠥᠷᠥᠯ᠎ᠳᠦ ᠠᠮᠢ ᠠᠬᠤᠢ᠎ᠶᠢᠨ ᠬᠠᠷᠢᠭᠤᠴᠠᠯᠭ᠎ᠠ᠎ᠶᠢ ᠬᠥᠩᠭᠡᠪᠴᠢᠯᠡᠵᠦ ᠪᠣᠯᠬᠤ ᠦᠭᠡᠢ᠂ ᠬᠠᠷᠢᠭᠤᠴᠠᠯᠭ᠎ᠠ ᠡᠴᠡ ᠵᠠᠢᠯᠠᠵᠦ ᠪᠣᠯᠬᠣ ᠦᠬᠡᠢ᠂ ᠶᠠᠮᠠᠷᠪᠠ ᠬᠤᠳᠠᠯ ᠬᠠᠭᠤᠷᠮᠠᠭ᠎ᠢᠶᠠᠷ ᠵᠣᠬᠢᠶᠠᠬᠤ᠎ᠪᠠᠷ ᠳᠠᠮᠵᠢᠨ ᠬᠢᠨᠠᠯᠲᠠ ᠬᠠᠮᠢᠶᠠᠷᠤᠯᠲᠠ᠎ᠠᠴᠠ ᠵᠠᠢᠯᠠᠵᠤ᠂ ᠬᠠᠤᠯᠢ ᠪᠤᠰᠤ᠎ᠪᠠᠷ ᠠᠰᠢᠭ᠋ ᠣᠯᠬᠤ ᠠᠵᠢᠯᠯᠠᠭ᠎ᠠ ᠨᠢ ᠡᠴᠦᠰ᠎ᠲᠡᠬᠡᠨ ᠬᠠᠤᠯᠢ ᠴᠠᠭᠠᠵᠠ᠎ᠶᠢᠨ ᠰᠢᠢᠳᠬᠡᠯ ᠣᠯᠬᠤ ᠪᠣᠯᠣᠨ᠎ᠠ ᠭᠡᠰᠡᠨ ᠲᠣᠳᠣᠷᠬᠠᠢ ᠳᠣᠬᠢᠶ᠎ᠠ᠎ᠶᠢ ᠳᠠᠮᠵᠢᠭᠤᠯᠵᠠᠢ᠃
ᠣᠷᠴᠢᠨ ᠲᠤᠭᠤᠷᠢᠨ᠎ᠦ ᠲᠤᠬᠠᠢ ᠦᠨᠡᠯᠡᠯᠲᠡ᠎ᠶᠢᠨ ᠦᠶ᠋ᠯᠡ ᠠᠵᠢᠯᠯᠠᠭ᠎ᠠ᠎ᠶᠢ ᠴᠢᠩᠭ᠎ᠠ ᠳᠦᠷᠢᠮ᠎ᠢᠶᠡᠷ ᠵᠢᠷᠤᠮᠵᠢᠭᠤᠯᠵᠤ᠂ ᠴᠢᠩᠭ᠎ᠠ ᠰᠢᠢᠳᠬᠡᠯᠦᠭᠴᠤ᠂ ᠴᠢᠩᠭ᠎ᠠ ᠬᠢᠨᠠᠨ ᠬᠠᠮᠢᠶᠠᠷᠪᠠᠯ ᠰᠠᠶᠢ ᠣᠷᠴᠢᠨ ᠲᠤᠭᠤᠷᠢᠨ᠎ᠦ ᠲᠤᠬᠠᠢ ᠦᠨᠡᠯᠡᠯᠲᠡ᠎ᠶᠢᠨ ᠮᠡᠳᠡᠭᠦᠯᠦᠯᠲᠡ ᠪᠤᠯᠭᠠᠨ᠎ᠢ ᠴᠥᠮ ᠠᠮᠢ ᠠᠬᠤᠢ ᠬᠢᠭᠡᠳ ᠬᠠᠤᠯᠢ ᠴᠠᠭᠠᠵᠠ᠎ᠶᠢᠨ ᠰᠢᠯᠭᠠᠯᠲᠠ᠎ᠶᠢ ᠳᠠᠭᠠᠭᠠᠵᠤ ᠴᠢᠳᠠᠬᠤ ᠪᠣᠯᠭᠠᠵᠤ᠂ ᠮᠠᠨ᠎ᠤ ᠬᠠᠮᠲᠤ᠎ᠶᠢᠨ ᠭᠡᠷ ᠣᠷᠣᠨ᠎ᠢᠶᠠᠨ ᠰᠠᠢᠲᠤᠷ ᠰᠠᠬᠢᠨ ᠬᠠᠮᠠᠭᠠᠯᠠᠬᠤ᠎ᠳᠤ ᠬᠦᠴᠦᠨ ᠨᠡᠮᠡᠷᠢᠯᠡᠵᠦ ᠴᠢᠳᠠᠨ᠎ᠠ᠃
— 《ᠠᠷᠠᠳ᠎ᠦᠨ ᠡᠳᠦᠷ᠎ᠦᠨ ᠰᠤᠨᠢᠨ》 ᠡᠴᠡ